ᠳ᠋ᠠ ᠾᠧ ᠸᠠᠨ ᠪᠠᠯᠭᠠᠰᠤ ᠲᠠᠷᠢᠶᠠᠯᠠᠩ ᠤᠨ ᠮᠠᠰᠢᠨ ᠤ ᠠᠶᠤᠯᠭᠦᠶ ᠦᠢᠯᠡᠳᠪᠦᠷᠢᠯᠡᠯ ᠤᠨ ᠠᠶᠤᠯ ᠲᠦᠭᠰᠢᠭᠦᠷᠢ ᠶᠢᠨ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2024/4/9
    ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠳᠤ ᠬᠦᠴᠦᠨ ᠨᠡᠮᠡᠷᠢᠯᠡᠵᠦ᠂ ᠲᠠᠷᠢᠶᠠᠯᠠᠩ ᠤᠨ ᠮᠠᠰᠢᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠦᠨᠡᠨᠬᠦ ᠴᠢᠩᠭᠠᠳᠬᠠᠵᠤ᠂ ᠳ᠋ᠠ ᠾᠧ ᠸᠠᠨ ᠤ ᠪᠦᠬᠦ ᠪᠠᠯᠭᠠᠰᠤᠨ ᠤ ᠲᠠᠷᠢᠶᠠᠯᠠᠩ ᠤᠨ ᠮᠠᠰᠢᠨ ᠤ ᠠᠶᠤᠯᠭᠦᠢ ᠦᠢᠯᠡᠳᠪᠦᠷᠢᠯᠡᠯ ᠤᠨ ᠲᠣᠭᠲᠠᠭᠤᠨ ᠤ ᠳᠤᠮᠳᠠ ᠰᠠᠶᠢᠵᠢᠷᠠᠬᠤ ᠶᠢ ᠠᠬᠢᠭᠤᠯᠬᠤ ᠶᠢᠨ ᠲᠥᠯᠥᠭᠡ᠂ ᠤᠢᠢᠷ᠎ᠠ ᠳᠤ᠂ ᠳ᠋ᠠ ᠾᠧ ᠸᠠᠨ ᠪᠠᠯᠭᠠᠰᠤ ᠶᠢᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠬᠢᠨ ᠲᠠᠷᠢᠶᠠᠯᠠᠩ ᠤᠨ ᠮᠠᠰᠢᠨ ᠤ ᠠᠶᠤᠯᠭᠦᠢ ᠦᠢᠯᠡᠳᠪᠦᠷᠢᠯᠡᠯ ᠤᠨ ᠠᠶᠤᠯ ᠲᠦᠭᠰᠢᠭᠦᠷᠢ ᠶᠢᠨ ᠭᠡᠮ ᠰᠣᠭᠤᠭ ᠢ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠥᠷᠨᠢᠭᠦᠯᠵᠡᠢ᠃      ᠲᠣᠰ ᠤᠳᠠᠭᠠᠨ ᠤ ᠪᠠᠶᠢᠴᠠᠭᠠᠯᠲᠠ ᠨᠢ ᠲᠠᠷᠢᠶᠠᠯᠠᠩ ᠤᠨ ᠮᠠᠰᠢᠨ ᠤ ᠬᠤᠷᠰᠢᠶ᠎ᠠ᠂ ᠲᠠᠷᠢᠶᠠᠯᠠᠩ ᠤᠨ ᠮᠠᠰᠢᠨ ᠤ ᠲᠣᠮᠣ ᠡᠷᠦᠬᠡ ᠳᠤ ᠭᠦᠨᠵᠡᠭᠡᠶᠢᠷᠡᠵᠦ᠂ ᠡᠯ᠎ᠡ ᠲᠥᠷᠥᠯ ᠤᠨ ᠲᠠᠷᠢᠶᠠᠯᠠᠩ ᠤᠨ ᠮᠠᠰᠢᠨ ᠪᠠᠭᠠᠵᠢ ᠶᠢᠨ ᠠᠶᠤᠯᠭᠦᠶ ᠦᠢᠯᠡᠳᠪᠦᠷᠢᠯᠡᠯ ᠤᠨ ᠳᠠᠯᠳᠠ ᠬᠡᠮ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢᠨ ᠬᠠᠮᠲᠤ ᠲᠠᠷᠢᠶᠠᠯᠠᠩ ᠤᠨ ᠮᠠᠰᠢᠨ ᠤ ᠠᠶᠤᠯᠭᠦᠶ ᠶᠢᠨ ᠮᠡᠳᠡᠯᠭᠡ ᠶᠢ ᠢᠳᠡᠪᠬᠢᠲᠡᠶ ᠤᠬᠠᠭᠤᠯᠵᠤ᠂ ᠳᠠᠷᠢᠬᠤ ᠡᠷᠦᠬᠡ᠂ ᠲᠠᠷᠢᠶᠠᠯᠠᠩ ᠤᠨ ᠮᠠᠰᠢᠨ ᠤ ᠬᠤᠷᠰᠢᠶ᠎ᠠ ᠪᠠ ᠲᠠᠷᠢᠶᠠᠯᠠᠩ ᠤᠨ ᠮᠠᠰᠢᠨᠴᠢᠨ ᠢ ᠬᠥᠲᠥᠯᠥᠨ ᠵᠢᠯᠣᠭᠤᠳᠴᠤ ᠪᠠᠶᠢᠭᠠᠳ ᠲᠠᠷᠢᠶᠠᠯᠠᠩ ᠤᠨ ᠮᠠᠰᠢᠨ ᠪᠠᠭᠠᠵᠢ ᠶᠢ ᠪᠠᠶᠢᠴᠠᠭᠠᠨ ᠵᠠᠰᠠᠬᠤ᠂ ᠠᠷᠠᠴᠢᠯᠠᠨ ᠬᠠᠮᠠᠭᠠᠯᠠᠬᠤ ᠠᠵᠢᠯ ᠢ ᠰᠠᠶᠢᠲᠤᠷ ᠬᠢᠯᠭᠡᠵᠡᠶ᠃ ᠪᠠᠶᠢᠴᠠᠭᠠᠬᠤ ᠳᠤᠭᠤᠶᠢᠯᠠᠩ ᠠᠴᠠ ᠴᠢᠬᠤᠯᠠᠴᠢᠯᠠᠭᠰᠠᠨ ᠨᠢ᠂ ᠨᠢᠭᠡ ᠳᠤ᠂ ᠠᠮᠤᠷ ᠲᠦᠪᠰᠢᠨ ᠤ ᠤᠬᠠᠮᠰᠠᠷ ᠢ ᠪᠤᠢ ᠪᠣᠯᠭᠠᠵᠤ᠂ ᠲᠠᠷᠢᠶᠠᠯᠠᠩ ᠤᠨ ᠮᠠᠰᠢᠨ ᠤ ᠠᠶᠤᠯᠭᠦᠢ ᠦᠢᠯᠡᠳᠪᠦᠷᠢᠯᠡᠯ ᠤᠨ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠲᠠᠷᠢᠶᠠᠯᠠᠩ ᠤᠨ ᠮᠠᠰᠢᠨ ᠤ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ ᠬᠤᠶᠠᠷ ᠲᠤ ᠡᠳ᠋ ᠪᠠᠷᠠᠭ᠎ᠠ ᠶᠢ ᠭᠦᠢᠴᠡᠳ ᠪᠡᠯᠡᠳᠬᠡᠵᠦ᠂ ᠶᠠᠰᠤ ᠴᠢᠨᠠᠷ ᠢ ᠪᠠᠲᠤᠯᠠᠵᠤ᠂ ᠬᠤᠳᠠᠯᠳᠤᠭᠰᠠᠨ ᠤ ᠳᠠᠷᠠᠭᠠᠬᠢ ᠦᠢᠯᠡᠴᠢᠯᠡᠭᠡᠨ ᠤ ᠠᠵᠢᠯ ᠢ ᠰᠠᠶᠢᠲᠤᠷ ᠬᠢᠬᠦ ᠬᠡᠷᠡᠭᠲᠡᠶ᠃ ᠭᠤᠷᠪᠠ ᠳᠤ ᠵᠢᠷᠤᠮᠵᠢᠭᠤᠯᠤᠨ ᠡᠵᠡᠩᠨᠡᠵᠦ᠂ ᠦᠨᠡᠨᠴᠢ ᠢᠲᠡᠭᠡᠮᠵᠢᠲᠡᠶ ᠪᠠᠷ ᠡᠵᠡᠩᠨᠡᠬᠦ᠂ ᠦᠨ᠎ᠡ ᠬᠠᠩᠰᠢ ᠶᠢ ᠢᠯᠡ ᠬᠠᠳᠠᠬᠤ᠂ ᠦᠨ᠎ᠡ ᠬᠠᠩᠰᠢ ᠶᠢ ᠢᠯᠡ ᠪᠣᠳᠠᠲᠠᠶ ᠦᠨ᠎ᠡ ᠪᠠᠷ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ  ᠢ ᠪᠠᠲᠤᠯᠠᠬᠤ ᠶᠢ ᠪᠡᠶᠡᠯᠡᠭᠦᠯᠬᠦ ᠬᠡᠷᠡᠭᠲᠡᠶ᠃      ᠳᠠᠷᠠᠭᠠᠴᠢ ᠶᠢᠨ ᠠᠯᠬᠤᠮ ᠳᠤ᠂ ᠳ᠋ᠠ ᠾᠧ ᠸᠠᠨ ᠪᠠᠯᠭᠠᠰᠤ ᠶᠢᠨ ᠬᠢᠨ ᠲᠠᠷᠢᠶᠠᠯᠠᠩ ᠤᠨ ᠮᠠᠰᠢᠨ ᠤ ᠮᠡᠷᠭᠡᠵᠢᠯ ᠤᠨ ᠪᠣᠯᠪᠠᠰᠤᠷᠠᠯ᠂ ᠲᠠᠷᠢᠶᠠᠯᠠᠩ ᠤᠨ ᠮᠠᠰᠢᠨ ᠤ ᠠᠶᠤᠯᠭᠦᠢ ᠦᠢᠯᠡᠳᠪᠦᠷᠢᠯᠡᠯ ᠤᠨ ᠤᠬᠠᠭᠤᠯᠭ᠎ᠠ ᠵᠡᠷᠭᠡ ᠠᠵᠢᠯ ᠢ ᠦᠷᠭᠦᠯᠵᠢᠯᠡᠨ ᠵᠣᠬᠢᠶᠠᠨ ᠪᠠᠶᠢᠭᠤᠯᠤᠨ ᠥᠷᠨᠢᠭᠦᠯᠵᠦ᠂ ᠲᠠᠷᠢᠶᠠᠯᠠᠩ ᠤᠨ ᠮᠠᠰᠢᠨ ᠤ ᠭᠠᠷ ᠢᠶᠠᠷ ᠠᠵᠢᠯᠯᠠᠬᠤ ᠤᠷ᠎ᠠ ᠴᠢᠳᠠᠪᠤᠷᠢ ᠶᠢ ᠳᠡᠭᠡᠭᠰᠢᠯᠡᠭᠦᠯᠵᠦ᠂ ᠡᠯ᠎ᠡ ᠵᠦᠢᠯ ᠤᠨ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠠᠵᠢᠯ ᠢ ᠥᠨᠳᠥᠷ ᠪᠠᠷᠢᠮᠵᠢᠶ᠎ᠠ ᠪᠠᠷ᠂ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠨ᠎ᠠ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ