︽ᠣᠶ ᠰᠢᠭᠤᠶ ᠶᠢᠨ ᠭᠠᠯ ᠰᠡᠷᠭᠡᠶᠢᠯᠡᠯᠲᠡ ᠳᠤ ᠬᠥᠮᠦᠨ ᠪᠦᠬᠦᠨ ᠬᠠᠷᠢᠭᠤᠴᠠᠯᠭ᠎ᠠ ᠲᠠᠢ︾ ᠰᠢᠶᠠᠩ ᠶᠠᠩ ᠵᠡᠭᠡᠯᠢ ᠭᠤᠳᠤᠮᠵᠢ ᠣᠶ ᠰᠢᠭᠤᠶ ᠶᠢᠨ ᠭᠠᠯ ᠰᠡᠷᠭᠡᠶᠢᠯᠡᠯᠲᠡ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/9
    ᠣᠶ ᠰᠢᠭᠤᠶ ᠶᠢᠨ ᠭᠠᠯ ᠰᠡᠷᠭᠡᠶᠢᠯᠡᠬᠦ ᠤᠬᠠᠭᠤᠯᠭ᠎ᠠ ᠶᠢᠨ ᠠᠵᠢᠯ ᠢ ᠦᠨᠡᠨ ᠬᠦ ᠰᠠᠶᠢᠲᠤᠷ ᠬᠢᠵᠦ᠂ ᠣᠶ ᠰᠢᠭᠤᠶ ᠶᠢᠨ ᠭᠠᠯ ᠰᠡᠷᠭᠡᠶᠢᠯᠡᠬᠦ ᠮᠡᠳᠡᠯᠭᠡ ᠶᠢ ᠲᠦᠭᠡᠮᠡᠯᠵᠢᠭᠦᠯᠦᠨ᠂ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠣᠶ ᠰᠢᠭᠤᠶ ᠶᠢᠨ ᠭᠠᠯ ᠰᠡᠷᠭᠡᠶᠢᠯᠡᠬᠦ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ ᠰᠢᠶᠠᠩ ᠶᠠᠩ ᠵᠡᠭᠡᠯᠢ ᠭᠤᠳᠤᠮᠵᠢ ᠶᠢᠨ ᠶᠢᠨ ᠰᠢᠩ ᠨᠡᠶᠢᠭᠡᠮ ᠲᠣᠭᠤᠷᠢᠭ ᠲᠤ ︽ᠣᠶ ᠰᠢᠭᠤᠶ ᠶᠢᠨ ᠭᠠᠯ ᠰᠡᠷᠭᠡᠶᠢᠯᠡᠬᠦ ᠳᠤ ᠬᠥᠮᠦᠨ ᠪᠦᠬᠦᠨ ᠬᠠᠷᠢᠭᠤᠴᠠᠯᠭ᠎ᠠ ᠲᠠᠢ︾ ᠣᠶ ᠰᠢᠭᠤᠶ ᠶᠢᠨ ᠭᠠᠯ ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃     ᠠᠵᠢᠯᠯᠠᠭ᠎ᠠ ᠶᠢᠨ ᠳᠤᠮᠳᠠ᠂ ᠨᠡᠶᠢᠭᠡᠮ ᠲᠣᠭᠤᠷᠢᠭ ᠤᠨ ᠠᠵᠢᠯᠲᠠᠳ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠯᠲᠡ ᠶᠢᠨ ᠴᠢᠩᠭ᠎ᠠ ᠰᠡᠷᠭᠡᠶᠢᠯᠡᠯᠲᠡ ᠶᠢᠨ ᠵᠠᠷᠯᠠᠯ ᠨᠠᠭᠠᠵᠤ᠂ ᠡᠯᠭᠦᠭᠡ ᠪᠢᠴᠢᠭᠡᠰᠦ ᠡᠯᠭᠦᠵᠦ᠂ ᠰᠠᠭᠤᠭᠠᠯᠢ ᠠᠷᠠᠳ ᠲᠤ ᠣᠶ ᠰᠢᠭᠤᠶ ᠶᠢᠨ ᠭᠠᠯ ᠰᠡᠷᠭᠡᠶᠢᠯᠡᠯᠲᠡ ᠶᠢᠨ ᠤᠬᠠᠭᠤᠯᠭ᠎ᠠ  ᠶᠢᠨ ᠬᠠᠭᠤᠳᠠᠰᠤ ᠲᠠᠷᠬᠠᠭᠠᠨ ᠥᠭᠴᠦ᠂ ᠲᠥᠬᠦᠮ ᠣᠶᠢᠯᠠᠭᠠᠮᠵᠢᠲᠠᠶ ᠦᠭᠡ ᠬᠡᠯᠡ᠂ ᠪᠣᠳᠠᠲᠠᠶ ᠠᠮᠢᠳᠤᠯᠢᠭ ᠬᠡᠷᠡᠭ ᠤᠨ ᠵᠢᠱᠢᠶ᠎ᠡ ᠪᠠᠷ ᠰᠠᠭᠤᠭᠠᠯᠢ ᠠᠷᠠᠳ ᠲᠤ ᠣᠶ ᠰᠢᠭᠤᠶ ᠶᠢᠨ ᠭᠠᠯ ᠰᠡᠷᠭᠡᠶᠢᠯᠡᠯᠲᠡ ᠶᠢᠨ ᠴᠢᠬᠤᠯᠠ ᠴᠢᠨᠠᠷ ᠢ ᠲᠠᠶᠢᠯᠪᠤᠷᠢᠯᠠᠨ ᠥᠭᠴᠦ᠂ ᠰᠠᠭᠤᠭᠠᠯᠢ ᠠᠷᠠᠳ ᠢ ᠬᠥᠲᠥᠯᠦᠨ ᠵᠢᠯᠣᠭᠤᠳᠴᠤ ᠪᠠᠶᠢᠭᠠᠳ ᠣᠶ ᠰᠢᠭᠤᠶ ᠶᠢᠨ ᠭᠠᠯ ᠰᠡᠷᠭᠡᠶᠢᠯᠡᠯᠲᠡ ᠶᠢᠨ ᠬᠤᠯᠪᠣᠭᠳᠠᠯ ᠪᠥᠬᠦᠶ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠭᠤᠯᠬᠤ ᠬᠡᠷᠡᠭᠲᠡᠶ᠃ ᠡᠭᠦᠨ ᠤ ᠬᠠᠮᠲᠤ᠂ ᠰᠠᠭᠤᠭᠠᠯᠢ ᠠᠷᠠᠳ ᠲᠤ ᠬᠠᠷᠢᠶᠠᠲᠤ ᠣᠷᠣᠨ ᠳᠠᠭᠠᠨ ᠤᠨᠠᠭᠰᠠᠨ ᠨᠠᠪᠴᠢ᠂ ᠬᠤᠭ ᠨᠣᠪᠰᠢ ᠵᠡᠷᠭᠡ ᠭᠠᠯ ᠤᠨ ᠭᠠᠮᠰᠢᠭ ᠤᠨ ᠳᠠᠯᠳᠠ ᠬᠡᠮ ᠢ ᠰᠢᠲᠠᠭᠠᠬᠤ ᠶᠢ ᠴᠢᠩᠭ᠎ᠠ ᠴᠠᠭᠠᠵᠠᠯᠠᠵᠤ᠂ ᠣᠶ ᠰᠢᠭᠤᠶ ᠶᠢᠨ ᠠᠮᠢ ᠠᠬᠤᠶ ᠶᠢᠨ ᠡᠬᠢ ᠪᠠᠶᠠᠯᠢᠭ ᠪᠠ ᠥᠷᠭᠡᠨ ᠣᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ ᠭᠡᠵᠦ ᠰᠡᠷᠡᠮᠵᠢᠯᠡᠭᠦᠯᠵᠡᠶ᠃     ᠲᠣᠰ ᠤᠳᠠᠭᠠᠨ ᠤ ᠣᠶ ᠰᠢᠭᠤᠶ ᠶᠢᠨ ᠭᠠᠯ ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠪᠠᠷ ᠳᠡᠮᠵᠢᠨ᠂ ᠰᠠᠭᠤᠭᠠᠯᠢ ᠠᠷᠠᠳ ᠤᠨ ᠣᠶ ᠰᠢᠭᠤᠶ ᠶᠢᠨ ᠭᠠᠯ ᠤᠨ ᠭᠠᠮᠰᠢᠭ ᠢ ᠰᠡᠷᠭᠡᠶᠢᠯᠡᠬᠦ ᠦᠵᠡᠯ ᠤᠬᠠᠮᠰᠠᠷ ᠢᠯᠡᠳᠲᠡ ᠳᠡᠭᠡᠭᠰᠢᠯᠡᠪᠡ᠃ ᠡᠨᠡ ᠤᠳᠠᠭᠠᠨ ᠤ ᠠᠵᠢᠯᠯᠠᠭ᠎ᠠ ᠪᠠᠷ ᠳᠠᠮᠵᠢᠭᠠᠳ ᠲᠡᠳᠡ ᠭᠠᠯ ᠰᠡᠷᠭᠡᠶᠢᠯᠡᠬᠦ ᠪᠣᠳᠠᠲᠤ ᠬᠡᠷᠡᠭᠯᠡᠭᠡᠨ ᠤ ᠮᠡᠳᠡᠯᠭᠡ ᠶᠢ ᠮᠠᠰᠢ ᠣᠯᠠᠨ ᠰᠤᠷᠴᠤ᠂ ᠣᠶ ᠰᠢᠭᠤᠶ ᠶᠢᠨ ᠭᠠᠯ ᠤᠨ ᠭᠠᠮᠰᠢᠭ ᠤᠨ ᠬᠥᠨᠥᠭᠡᠯ ᠳᠤ ᠨᠡᠩ ᠭᠦᠨᠵᠡᠭᠡᠶ ᠲᠠᠨᠢᠯᠲᠠ ᠲᠠᠢ ᠪᠣᠯᠵᠤ᠂ ᠠᠮᠤᠷ ᠲᠦᠪᠰᠢᠨ ᠡᠶ᠎ᠡ ᠵᠣᠬᠢᠴᠠᠯ ᠲᠠᠢ ᠨᠡᠶᠢᠭᠡᠮ ᠤᠨ ᠣᠷᠴᠢᠨ ᠲᠣᠭᠤᠷᠢᠨ ᠢ ᠪᠤᠶ ᠪᠣᠯᠭᠠᠬᠤ ᠳᠤ ᠢᠳᠡᠪᠬᠢᠲᠡᠶ ᠦᠢᠯᠡᠳᠦᠯ ᠦᠵᠡᠭᠦᠯᠵᠡᠶ ᠭᠡᠵᠦ ᠴᠥᠭᠡᠨ ᠪᠤᠰᠤ ᠰᠠᠭᠤᠭᠠᠯᠢ ᠠᠷᠠᠳ ᠢᠯᠡᠷᠬᠡᠶᠢᠯᠡᠵᠦ ᠪᠠᠶᠢᠯ᠎ᠠ᠃     ᠳᠠᠷᠠᠭᠠᠴᠢ ᠶᠢᠨ ᠠᠯᠬᠤᠮ ᠳᠤ᠂ ᠰᠢᠶᠠᠩ ᠶᠠᠩ ᠵᠡᠭᠡᠯᠢ ᠭᠤᠳᠤᠮᠵᠢ ᠶᠢᠨ ᠬᠢᠨ ᠤᠢ ᠰᠢᠭᠤᠢ ᠶᠢᠨ ᠲᠦᠢᠮᠡᠷ ᠢ ᠰᠡᠷᠭᠡᠶᠢᠯᠡᠬᠦ ᠠᠮᠤᠷ ᠲᠦᠪᠰᠢᠨ ᠤ ᠤᠬᠠᠭᠤᠯᠭ᠎ᠠ ᠶᠢ ᠦᠷᠭᠦᠯᠵᠢᠯᠡᠨ ᠥᠷᠨᠢᠭᠦᠯᠵᠦ᠂ ᠲᠦᠢᠮᠡᠷ ᠢ ᠰᠡᠷᠭᠡᠶᠢᠯᠡᠬᠦ ᠲᠣᠭᠤᠷᠢᠨ ᠬᠠᠮᠠᠭᠠᠯᠠᠬᠤ᠂ ᠲᠦᠢᠮᠡᠷ ᠤᠨ ᠢᠷᠡᠯᠳᠡ ᠶᠢ ᠬᠠᠮᠢᠶᠠᠷᠤᠨ ᠡᠵᠡᠮᠳᠡᠬᠦ᠂ ᠤᠬᠠᠭᠤᠯᠭ᠎ᠠ ᠬᠥᠮᠦᠵᠢᠯ ᠬᠢᠬᠦ ᠵᠡᠷᠭᠡ ᠠᠵᠢᠯ ᠢ ᠰᠠᠶᠢᠲᠤᠷ ᠬᠢᠵᠦ᠂ ᠬᠠᠷᠢᠶ᠎ᠠ ᠣᠷᠣᠨ ᠳᠤ ︽ᠤᠢ ᠰᠢᠭᠤᠢ ᠶᠢᠨ ᠲᠦᠢᠮᠡᠷ ᠢ ᠰᠡᠷᠭᠡᠶᠢᠯᠡᠬᠦ ᠳᠤ ᠬᠥᠮᠦᠨ ᠪᠦᠬᠦᠨ ᠬᠠᠷᠢᠭᠤᠴᠠᠯᠭ᠎ᠠ ᠲᠠᠢ︾ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠵᠠᠰᠠᠬᠤ ᠦᠷ᠎ᠡ ᠪᠦᠲᠦᠮᠵᠢ ᠳᠤ ᠬᠦᠷᠴᠦ᠂ ᠤᠢ ᠰᠢᠭᠤᠢ ᠶᠢᠨ ᠲᠦᠢᠮᠡᠷ ᠤᠨ ᠠᠶᠤᠯ ᠭᠠᠷᠬᠤ ᠶᠢ ᠡᠷᠡᠰ ᠰᠡᠷᠭᠡᠶᠢᠯᠡᠨ᠎ᠡ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ