ᠰᠢᠩ ᠬᠤᠸᠠ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠭᠤᠤᠯ ᠮᠥᠷᠡᠨ ᠤ ᠳᠠᠷᠤᠭ᠎ᠠ 2024 ᠣᠨ ᠤ ︽ᠳᠡᠯᠡᠬᠡᠶ ᠶᠢᠨ ᠤᠰᠤᠨ ᠤ ᠡᠳᠦᠷ︾ ᠤᠨ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/9
    ᠤᠰᠤᠨ ᠤ ᠡᠬᠢ ᠪᠠᠶᠠᠯᠢᠭ ᠢ ᠨᠡᠩ ᠰᠠᠶᠢᠨ ᠬᠠᠮᠠᠭᠠᠯᠠᠵᠤ᠂ ᠥᠷᠭᠡᠨ ᠤᠯᠠᠨ ᠲᠦᠮᠡᠨ ᠤ ᠤᠰᠤ ᠶᠢ ᠬᠠᠯᠠᠮᠵᠢᠯᠠᠬᠤ᠂ ᠤᠰᠤ ᠶᠢ ᠬᠠᠶᠢᠷᠠᠯᠠᠬᠤ᠂ ᠤᠰᠤ ᠶᠢ ᠬᠠᠮᠠᠭᠠᠯᠠᠬᠤ ᠬᠠᠷᠢᠭᠤᠴᠠᠯᠭᠠᠲᠤ ᠤᠬᠠᠮᠰᠠᠷ ᠪᠠ ᠰᠠᠨᠠᠭᠠᠰᠢᠷᠠᠨ ᠵᠣᠪᠠᠨᠢᠬᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ ᠶᠤᠮ᠃ 3 ᠰᠠᠷ᠎ᠠ ᠶᠢᠨ 22 ᠤᠨ ᠦᠳᠡ ᠶᠢᠨ ᠬᠤᠶᠢᠨ᠎ᠠ᠂ ᠰᠢᠩ ᠬᠤᠸᠠ ᠵᠡᠭᠡᠯᠢ ᠭᠤᠳᠤᠮᠵᠢ ᠶᠢᠨ ᠴᠢᠩ ᠰᠦᠩ ᠨᠡᠶᠢᠭᠡᠮ ᠲᠣᠭᠤᠷᠢᠭ ᠤᠨ ᠭᠤᠣᠯ ᠮᠥᠷᠡᠨ ᠤ ᠳᠠᠷᠤᠭ᠎ᠠ ︽ᠳᠡᠯᠡᠬᠡᠢ ᠶᠢᠨ ᠤᠰᠤᠨ ᠡᠳᠦᠷ︾ ᠤᠨ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃     ᠠᠵᠢᠯᠯᠠᠭ᠎ᠠ ᠶᠢᠨ ᠲᠤᠬᠠᠶ ᠶᠢᠨ ᠲᠠᠯᠠᠪᠠᠶ᠂ ᠰᠢᠩ ᠬᠤᠸᠠ ᠵᠡᠭᠡᠯᠢ ᠭᠤᠳᠤᠮᠵᠢ ᠶᠢᠨ ᠴᠢᠩ ᠰᠦᠩ ᠨᠡᠶᠢᠭᠡᠮ ᠲᠣᠭᠤᠷᠢᠭ ᠤᠨ ᠾᠧ ᠴᠠᠩ ᠪᠠᠶ ᠰᠢᠤᠸᠠᠢ ᠲᠠᠶᠢᠯᠤᠮᠵᠢ ᠶᠢᠨ ᠬᠡᠯᠪᠡᠷᠢ ᠪᠠᠷ ᠰᠠᠭᠤᠭᠠᠯᠢ ᠠᠷᠠᠳ ᠲᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠬᠠᠤᠯᠢ︾᠂ ︽ᠬᠥᠷᠥᠰᠥ ᠰᠢᠷᠣᠶ ᠶᠢ ᠬᠠᠮᠠᠭᠠᠯᠠᠬᠤ ᠬᠠᠤᠯᠢ︾᠂ ︽ᠭᠠᠵᠠᠷ ᠳᠣᠣᠷᠠᠬᠢ ᠤᠰᠤᠨ ᠤ ᠬᠠᠮᠢᠶᠠᠷᠤᠯᠲᠠ ᠶᠢᠨ ᠳᠦᠷᠢᠮ︾ ᠢ ᠲᠠᠶᠢᠯᠪᠤᠷᠢᠯᠠᠨ ᠶᠠᠷᠢᠵᠤ᠂ ᠲᠤᠬᠠᠶ ᠶᠢᠨ ᠲᠠᠯᠠᠪᠤᠷ ᠲᠤ ᠣᠯᠠᠨ ᠲᠦᠮᠡᠨ ᠳᠤ ᠭᠤᠤᠯ ᠤᠨ ᠳᠠᠷᠤᠭ᠎ᠠ ᠶᠢᠨ ᠲᠦᠷᠢᠮ ᠤᠨ ᠠᠵᠢᠯ᠂ ᠤᠰᠤ ᠭᠠᠩ ᠤᠨ ᠭᠠᠮᠰᠢᠭ ᠢ ᠰᠡᠷᠭᠡᠶᠢᠯᠡᠬᠦ ᠮᠡᠳᠡᠯᠭᠡ᠂ ᠤᠰᠤ ᠠᠷᠪᠢᠯᠠᠬᠤ ᠮᠡᠳᠡᠯᠭᠡ ᠪᠠ ᠤᠰᠤᠨ ᠳᠤ ᠬᠤᠯᠪᠣᠭᠳᠠᠬᠤ ᠬᠠᠤᠯᠢ ᠴᠠᠭᠠᠵᠠ ᠬᠠᠤᠯᠢ ᠲᠣᠭᠲᠠᠭᠠᠯ ᠵᠡᠷᠭᠡ ᠬᠡᠯᠪᠡᠷᠢ ᠶᠢ ᠤᠬᠠᠭᠤᠯᠵᠤ᠂ ᠬᠠᠷᠢᠶᠠᠲᠤ ᠣᠷᠣᠨ ᠤ ᠰᠠᠭᠤᠭᠠᠯᠢ ᠠᠷᠠᠳ ᠢ ᠤᠰᠤ ᠠᠷᠪᠢᠯᠠᠬᠤ ᠦᠵᠡᠯᠲᠡ ᠪᠠᠨ ᠪᠠᠲᠤ ᠪᠠᠬᠢ ᠪᠣᠶ ᠪᠣᠯᠭᠠᠵᠤ᠂ ᠤᠰᠤ ᠠᠷᠪᠢᠯᠠᠬᠤ ᠤᠬᠠᠮᠰᠠᠷ ᠢᠶᠠᠨ ᠪᠥᠬᠦ ᠲᠠᠯ᠎ᠠ ᠪᠠᠷ ᠴᠢᠩᠭᠠᠳᠬᠠᠨ᠂ ︽ᠤᠰᠤ ᠬᠠᠮᠠᠭᠠᠯᠠᠬᠤ᠂ ᠤᠰᠤ ᠠᠷᠪᠢᠯᠠᠬᠤ︾  ᠦᠢᠯᠡᠳᠦᠯᠭᠡᠵᠢᠭᠦᠯᠥᠭᠴᠢ ᠪᠠ ︽ᠭᠤᠤᠯ ᠤᠨ ᠵᠠᠮ ᠤᠨ ᠣᠷᠴᠢᠨ ᠲᠣᠭᠤᠷᠢᠨ︾ ᠤ ᠬᠠᠮᠠᠭᠠᠯᠠᠭᠴᠢ ᠪᠣᠯᠬᠤ ᠪᠠᠷ ᠴᠢᠷᠮᠠᠶᠢᠬᠤ ᠬᠡᠷᠡᠭᠲᠡᠶ ᠭᠡᠵᠦ ᠤᠷᠢᠶᠠᠯᠠᠵᠠᠶ᠃ ᠳᠠᠷᠠᠭ᠎ᠠ ᠨᠢ᠂ ᠰᠢᠩ ᠬᠤᠸᠠ ᠵᠡᠭᠡᠯᠢ ᠭᠤᠳᠤᠮᠵᠢ ᠶᠢᠨ ᠴᠢᠩ ᠰᠦᠩ ᠨᠡᠶᠢᠭᠡᠮ ᠲᠣᠭᠤᠷᠢᠭ ᠤᠨ ᠬᠢᠨ ᠰᠠᠶᠢᠨ ᠳᠤᠷ᠎ᠠ ᠶᠢᠨ ᠠᠵᠢᠯᠯᠠᠭᠴᠢ ᠶᠢ ᠵᠣᠬᠢᠶᠠᠨ ᠪᠠᠶᠢᠭᠤᠯᠤᠨ ᠴᠢ ᠵᠦᠩ ᠳ᠋ᠡ ᠬᠠᠰᠢᠯᠭ᠎ᠠ ᠶᠢᠨ ᠭᠤᠣᠯ ᠤᠨ ᠵᠠᠮ ᠳᠤ ᠬᠦᠷᠴᠦ ︽ᠳᠦᠷᠪᠡ ᠶᠢ ᠰᠠᠮᠠᠭᠤᠷᠠᠭᠤᠯᠬᠤ︾ ᠠᠵᠢᠯᠯᠠᠭ᠎ᠠ ᠥᠷᠨᠢᠭᠦᠯᠵᠦ᠂ ᠰᠠᠶᠢᠨ ᠳᠤᠷ᠎ᠠ ᠶᠢᠨ ᠠᠵᠢᠯᠯᠠᠭᠴᠢ ᠨᠠᠷ ᠭᠠᠷ ᠲᠠᠭᠠᠨ ᠬᠤᠭ ᠤᠨ ᠤᠭᠤᠲᠠ᠂ ᠬᠠᠪᠴᠢᠭᠤᠷ ᠵᠡᠷᠭᠡ ᠪᠠᠭᠠᠵᠢ ᠬᠡᠷᠡᠭᠰᠡᠯ ᠢ ᠠᠳᠬᠤᠵᠤ᠂ ᠭᠤᠣᠯ ᠤᠨ ᠰᠠᠶᠢᠷᠭᠠᠯ᠂ ᠳᠠᠯᠠᠩ ᠤᠨ ᠬᠥᠪᠡᠭᠡ ᠪᠠᠷ ᠰᠦᠯᠢᠶᠣᠣ ᠤᠭᠤᠲᠠ᠂ ᠲᠠᠮᠠᠬᠢᠨ ᠤᠲᠤᠭ᠎ᠠ᠂ ᠤᠮᠳᠠᠭᠠᠨ ᠤ ᠯᠣᠩᠬᠤ ᠵᠡᠷᠭᠡ ᠬᠤᠭ ᠨᠣᠪᠰᠢ ᠲᠡᠭᠦᠵᠦ᠂ ᠤᠯᠠᠨ ᠤ ᠬᠠᠮᠲᠤ ᠶᠢᠨ ᠴᠢᠷᠮᠠᠶᠢᠯᠭ᠎ᠠ ᠪᠠᠷ᠂ 5 ᠤᠭᠤᠲᠠ ᠬᠤᠭ ᠨᠣᠪᠰᠢ ᠲᠡᠭᠦᠵᠦ᠂ ᠭᠤᠣᠯ ᠤᠨ ᠡᠷᠬᠢᠨ ᠲᠣᠭᠤᠷᠢᠨ ᠤ ᠣᠷᠴᠢᠨ ᠲᠣᠭᠤᠷᠢᠨ ᠴᠣ᠋ ᠰᠢᠨ᠎ᠡ ᠪᠠᠶᠢᠳᠠᠯ ᠲᠠᠢ ᠪᠣᠯᠵᠠᠢ᠃    ᠤᠬᠠᠭᠤᠯᠭ᠎ᠠ ᠬᠥᠮᠦᠵᠢᠯ ‍ᠤᠨ‌ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠨᠡᠶᠢᠭᠡᠮ ᠲᠣᠭᠤᠷᠢᠭ  ᠤᠨ ᠰᠠᠭᠤᠭᠠᠯᠢ ᠠᠷᠠᠳ ᠤᠨ ᠤᠰᠤ ᠠᠷᠪᠢᠯᠠᠵᠤ ᠤᠰᠤ ᠬᠠᠮᠠᠭᠠᠯᠠᠬᠤ ᠦᠵᠡᠯ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠤᠰᠤᠨ ᠤ ᠡᠬᠢ ᠪᠠᠶᠠᠯᠢᠭ  ᠢ ᠨᠠᠨᠳᠢᠩᠨᠠᠬᠤ᠂ ᠤᠰᠤᠨ ᠤ ᠡᠬᠢ ᠪᠠᠶᠠᠯᠢᠭ ᠢ ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠪᠣᠯᠤᠨ ᠬᠡᠪ ᠰᠤᠷᠲᠠᠯ  ᠢ ᠪᠤᠢ ᠪᠣᠯᠭᠠᠵᠤ᠂ ᠰᠠᠭᠤᠭᠠᠯᠢ ᠠᠷᠠᠳ ᠢ ᠤᠷᠢᠶᠠᠯᠠᠨ ᠣᠷᠴᠢᠨ ᠲᠣᠭᠤᠷᠢᠨ ᠤ ᠶᠣᠰᠣ ᠰᠤᠷᠲᠠᠬᠤᠨ ᠤ ᠦᠵᠡᠯᠲᠡ ᠪᠣᠯᠤᠨ ᠥᠢᠯᠡ ᠠᠵᠢᠯᠯᠠᠭ᠎ᠠ ᠵᠢᠨ‌ᠵᠢᠷᠤᠮᠵᠢᠯ  ᠢ ᠰᠠᠶᠢᠲᠤᠷ ᠪᠤᠢ ᠪᠣᠯᠭᠠᠬᠤ ᠬᠡᠷᠡᠭᠲᠡᠶ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ