2021 – 2023 ᠣᠨ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ 3 ᠵᠢᠯ ᠳᠤ ᠪᠥᠬᠦ ᠣᠷᠣᠨ ᠤ 49 ᠬᠤᠪᠢᠰᠬᠠᠯ ᠤᠨ ᠬᠠᠭᠤᠴᠢᠨ | ᠰᠠᠭᠤᠷᠢᠨ ᠳᠤ ᠡᠳ᠋ ᠤᠨ ᠬᠦᠴᠦᠨ ᠤ ᠴᠢᠨᠠᠷᠲᠠᠢ ᠰᠢᠯᠵᠢᠭᠦᠯᠦᠨ ᠥᠭᠬᠦ ᠪᠡᠯᠡ ᠮᠥᠩᠭᠦ ᠶᠢ 1383.62 ᠳ᠋ᠦᠩᠰᠢᠭᠤᠷ ᠲᠥᠭᠦᠷᠢᠭ ᠪᠠᠭᠤᠯᠭᠠᠵᠤ᠂ ᠬᠤᠪᠢᠰᠬᠠᠯ ᠤᠨ | ᠬᠠᠭᠤᠴᠢᠨ ᠰᠠᠭᠤᠷᠢᠨ ᠤ ᠬᠥᠭᠵᠢᠯᠲᠡ ᠶᠢ ᠦᠷᠭᠦᠯᠵᠢᠯᠡᠨ ᠳᠡᠮᠵᠢᠪᠡ᠃ | ᠣᠶᠢᠷ᠎ᠠ ᠶᠢᠨ ᠵᠢᠯ ᠤᠳ ᠠᠴᠠ ᠨᠠᠭᠠᠰᠢ᠂ ᠥᠪᠥᠷ ᠮᠣᠩᠭᠤᠯ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ︽ᠰᠢᠨ᠎ᠡ ᠴᠠᠭ ᠦᠶ᠎ᠡ ᠳᠤ | ᠬᠤᠪᠢᠰᠬᠠᠯ ᠤᠨ ᠬᠠᠭᠤᠴᠢᠨ ᠰᠠᠭᠤᠷᠢᠨ ᠢ ᠬᠥᠭᠵᠢᠭᠦᠯᠦᠨ ᠮᠠᠨᠳᠤᠭᠤᠯᠬᠤ ᠶᠢ ᠳᠡᠮᠵᠢᠬᠦ ᠲᠤᠬᠠᠢ ᠲᠦᠷᠦ ᠶᠢᠨ ᠶᠠᠪᠤᠳᠠᠯ ᠤᠨ ᠬᠤᠷᠢᠶᠠᠨ ᠤ ᠰᠠᠨᠠᠯ︾ ᠪᠣᠯᠣᠨ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠴᠠᠭ ᠦᠶ᠎ᠡ ᠳᠤ ᠬᠤᠪᠢᠰᠬᠠᠯ ᠤᠨ ᠬᠠᠭᠤᠴᠢᠨ ᠰᠠᠭᠤᠷᠢᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ | ᠠᠷᠭ᠎ᠠ ᠬᠡᠮᠵᠢᠶ᠎ᠡ ᠨᠦᠭᠦᠳ ︵2021 – 2025︶︾ ᠢ ᠭᠦᠨᠵᠡᠭᠡᠢ ᠲᠤᠭᠤᠰᠢᠯᠠᠭᠤᠯᠵᠤ᠂ ᠡᠳ᠋ ᠤᠨ ᠵᠠᠰᠠᠭ ᠤᠨ ᠪᠡᠯᠡ ᠮᠥᠩᠭᠦ ᠶᠢᠨ ᠣᠷᠣᠭᠤᠯᠤᠯᠲᠠ ᠪᠠᠨ | ᠨᠡᠮᠡᠭᠳᠡᠭᠦᠯᠦᠨ᠂ ᠬᠤᠪᠢᠰᠬᠠᠯ ᠤᠨ ᠬᠠᠭᠤᠴᠢᠨ ᠰᠠᠭᠤᠷᠢᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠬᠦᠴᠦᠨ ᠢᠶᠠᠷ ᠢᠶᠠᠨ ᠳᠡᠮᠵᠢᠪᠡ᠃ | ᠶᠠᠳᠠᠭᠤ ᠠᠴᠠ ᠠᠩᠭᠢᠵᠢᠷᠠᠭᠤᠯᠤᠭᠰᠠᠨ ᠰᠢᠪᠲᠤᠯᠤᠯᠲᠠ ᠶᠢᠨ ᠦᠷ᠎ᠡ ᠪᠦᠲᠦᠭᠡᠯ ᠢᠶᠠᠨ ᠪᠠᠬᠢᠵᠢᠭᠦᠯᠬᠦ ᠶᠢ ᠳᠡᠮᠵᠢᠪᠡ – 2021 – 2023 ᠣᠨ ᠳᠤ᠂ | ᠥᠪᠡᠷᠲᠡᠭᠡᠨ ᠵᠠᠰᠠᠬᠤ ᠣᠷᠣᠨ ᠪᠦᠬᠦ ᠣᠷᠣᠨ ᠤ 49 ᠬᠤᠪᠢᠰᠬᠠᠯ ᠤᠨ ᠬᠠᠭᠤᠴᠢᠨ ᠰᠠᠭᠤᠷᠢᠨ ᠳᠤ ᠶᠠᠳᠠᠭᠤ ᠠᠴᠠ ᠠᠩᠭᠢᠵᠢᠷᠠᠭᠤᠯᠤᠭᠰᠠᠨ ᠰᠢᠪᠲᠤᠯᠤᠯᠲᠠ ᠶᠢᠨ ᠦᠷ᠎ᠡ | ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠤᠭᠰᠠᠨ ᠰᠢᠯᠵᠢᠭᠦᠯᠦᠨ ᠥᠭᠬᠦ ᠪᠡᠯᠡ ᠮᠥᠩᠭᠦ ᠶᠢ | ᠨᠡᠶᠢᠳᠡ 157.12 ᠳ᠋ᠦᠩᠰᠢᠭᠤᠷ ᠲᠥᠭᠦᠷᠢᠭ ᠪᠠᠭᠤᠯᠭᠠᠵᠤ᠂ ᠬᠤᠪᠢᠰᠬᠠᠯ ᠤᠨ ᠬᠠᠭᠤᠴᠢᠨ ᠰᠠᠭᠤᠷᠢᠨ ᠤ ᠶᠠᠳᠠᠭᠤ ᠠᠴᠠ ᠠᠩᠭᠢᠵᠢᠷᠠᠭᠤᠯᠤᠭᠰᠠᠨ | ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠤᠨ ᠠᠬᠢᠭᠤᠯᠬᠤ ᠶᠢ | ᠳᠡᠮᠵᠢᠪᠡ᠃ | ᠣᠨᠴᠠᠯᠢᠭᠲᠤ ᠠᠵᠤ ᠦᠢᠯᠡᠰ ᠢᠶᠠᠨ ᠪᠤᠵᠠᠭᠠᠶᠢᠷᠠᠭᠤᠯᠬᠤ ᠶᠢ ᠳᠡᠮᠵᠢᠪᠡ – 2021 – 2023 ᠣᠨ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ | ᠵᠠᠰᠠᠭ ᠪᠡᠯᠡ ᠮᠥᠩᠭᠦ ᠪᠠᠭᠤᠯᠭᠠᠵᠤ᠂ ᠬᠥᠭᠵᠢᠯᠲᠡ ᠪᠠᠷ ᠠᠨᠠᠢ ᠬᠤᠪᠢᠰᠬᠠᠯ ᠤᠨ ᠬᠠᠭᠤᠴᠢᠨ ᠰᠠᠭᠤᠷᠢᠨ ᠤ ᠵᠢᠱᠢᠶ᠎ᠡ ᠦᠵᠡᠭᠦᠯᠬᠦ ᠣᠷᠣᠨ ᠳᠣᠲᠣᠷ᠎ᠠ ᠴᠢᠬᠤᠯᠠ ᠪᠦᠬᠦᠢ | ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠬᠦ ᠪᠠ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠰᠠᠭᠤᠷᠢ ᠪᠡᠯᠡᠳᠬᠡᠮᠵᠢ ᠶᠢᠨ | ᠲᠥᠰᠥᠯ ᠤᠨ ᠪᠦᠲᠦᠭᠡᠨ ᠪᠠᠶᠢᠭᠤᠯᠤᠯᠲᠠ ᠬᠡᠷᠡᠭᠵᠢᠭᠦᠯᠬᠦ ᠶᠢ ᠳᠡᠮᠵᠢᠵᠦ᠂ ᠲᠠᠷᠢᠶᠠᠯᠠᠩ ᠤᠨ ᠣᠨᠴᠠᠯᠢᠭᠲᠤ ᠠᠵᠤ ᠦᠢᠯᠡᠰ ᠢ ᠬᠥᠭᠵᠢᠭᠦᠯᠬᠦ ᠳᠤ ᠬᠦᠴᠦᠨ ᠨᠡᠮᠡᠷᠢᠯᠡᠪᠡ᠃ | ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠨ ᠰᠡᠷᠭᠦᠭᠡᠬᠦ ᠶᠢ ᠳᠡᠮᠵᠢᠪᠡ – ᠥᠪᠥᠷ ᠮᠣᠩᠭᠤᠯ ᠠᠭᠤᠯᠠ ᠤᠰᠤ ᠤᠢ ᠲᠠᠷᠢᠶ᠎ᠠ ᠨᠠᠭᠤᠷ ᠡᠪᠡᠰᠦ ᠡᠯᠡᠰᠦ ᠶᠢ | ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠡᠷᠭᠦᠭᠡᠬᠦ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠬᠤᠪᠢᠰᠬᠠᠯ ᠤᠨ ᠬᠠᠭᠤᠴᠢᠨ ᠰᠠᠭᠤᠷᠢᠨ ᠤ ᠠᠮᠢ ᠠᠬᠤᠢ | ᠣᠷᠴᠢᠨ ᠲᠣᠭᠤᠷᠢᠨ ᠢ ᠰᠠᠶᠢᠵᠢᠷᠠᠭᠤᠯᠬᠤ ᠶᠢ ᠪᠦᠬᠦ ᠬᠦᠴᠦᠨ ᠢᠶᠠᠷ ᠢᠶᠠᠨ ᠳᠡᠮᠵᠢᠪᠡ᠃ 2021 – 2023 ᠣᠨ ᠳᠤ᠂ ᠥᠪᠡᠷᠲᠡᠭᠡᠨ ᠵᠠᠰᠠᠬᠤ ᠣᠷᠣᠨ ᠤ | ᠡᠳ᠋ ᠤᠨ ᠵᠠᠰᠠᠭ ᠬᠤᠪᠢᠰᠬᠠᠯ ᠤᠨ ᠬᠠᠭᠤᠴᠢᠨ ᠰᠠᠭᠤᠷᠢᠨ ︵ᠬᠤᠰᠢᠭᠤ ᠰᠢᠶᠠᠨ︶ ᠤ ᠣᠶ ᠰᠢᠭᠤᠢ ᠨᠤᠲᠤᠭ ᠪᠡᠯᠴᠢᠭᠡᠷ ᠤᠨ ᠪᠡᠯᠡ ᠮᠥᠩᠭᠦ ᠶᠢ 115.42 | ᠳ᠋ᠦᠩᠰᠢᠭᠤᠷ ᠲᠥᠭᠦᠷᠢᠭ ᠪᠠᠭᠤᠯᠭᠠᠵᠤ᠂ ᠬᠤᠪᠢᠰᠬᠠᠯ ᠤᠨ ᠬᠠᠭᠤᠴᠢᠨ ᠰᠠᠭᠤᠷᠢᠨ ︵ᠬᠤᠰᠢᠭᠤ ᠰᠢᠶᠠᠨ︶ ᠤ ᠣᠶ ᠰᠢᠭᠤᠢ ᠨᠤᠲᠤᠭ ᠪᠡᠯᠴᠢᠭᠡᠷ ᠤᠨ ᠥᠭᠡᠷᠡᠴᠢᠯᠡᠯᠲᠡ | ᠬᠥᠭᠵᠢᠯᠲᠡ ᠪᠠ ᠣᠶ ᠰᠢᠭᠤᠢ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢ ᠳᠡᠮᠵᠢᠬᠦ ᠳᠤ ᠬᠡᠷᠡᠭᠯᠡᠭᠦᠯᠪᠡ︔ ᠬᠤᠪᠢᠰᠬᠠᠯ ᠤᠨ ᠬᠠᠭᠤᠴᠢᠨ ᠰᠠᠭᠤᠷᠢᠨ | ᠪᠠᠶᠢᠭ᠎ᠠ ᠠᠶᠢᠮᠠᠭ ᠬᠤᠲᠠ ᠶᠢᠨ ᠭᠤᠣᠯᠳᠠᠯᠭ᠎ᠠ ᠲᠠᠢ ᠠᠮᠢ ᠠᠬᠤᠢ ᠶᠢ ᠰᠡᠷᠭᠦᠭᠡᠨ ᠵᠠᠰᠠᠬᠤ ᠪᠡᠯᠡ ᠮᠥᠩᠭᠦ ᠶᠢ ᠪᠠᠭᠤᠯᠭᠠᠵᠤ᠂ ᠪᠠᠶᠠᠨᠨᠠᠭᠤᠷ ᠬᠤᠲᠠ ᠶᠢᠨ | ᠤᠯᠠᠭᠠᠨᠰᠤᠬᠠᠢ ᠶᠢᠨ ᠰᠠᠪᠠ ᠭᠠᠵᠠᠷ ᠤᠨ ᠠᠭᠤᠯᠠ ᠤᠰᠤ ᠣᠶ ᠲᠠᠷᠢᠶ᠎ᠠ ᠨᠠᠭᠤᠷ ᠡᠪᠡᠰᠦ ᠶᠢᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠲᠤᠷᠰᠢᠯᠲᠠ ᠶᠢᠨ ᠴᠡᠭ ᠤᠨ | ᠢᠨᠵᠧᠨᠧᠷᠢᠩ᠂ ᠲᠦᠩᠯᠢᠶᠣᠣ ᠬᠤᠲᠠ ᠶᠢᠨ ᠬᠤᠷᠴᠢᠨ ᠤ ᠲᠠᠯ᠎ᠠ ᠨᠤᠲᠤᠭ ᠤᠨ ᠠᠭᠤᠯᠠ ᠤᠰᠤ ᠣᠶ ᠲᠠᠷᠢᠶ᠎ᠠ ᠨᠠᠭᠤᠷ ᠡᠪᠡᠰᠦ ᠡᠯᠡᠰᠦ ᠶᠢ ᠨᠢᠭᠡ ᠴᠣᠭᠴᠠᠵᠢᠭᠤᠯᠤᠨ | ᠬᠠᠮᠠᠭᠠᠯᠠᠬᠤ ᠪᠠ ᠰᠡᠷᠭᠦᠭᠡᠬᠦ ᠲᠥᠰᠥᠯ ᠤᠨ ᠢᠨᠵᠧᠨᠧᠷᠢᠩ ᠵᠢᠴᠢ ᠥᠩᠭᠡᠷᠡᠭᠰᠡᠨ ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠢ ᠶᠢ ᠰᠡᠷᠭᠦᠭᠡᠨ ᠵᠠᠰᠠᠬᠤ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠳᠤ ᠬᠡᠷᠡᠭᠯᠡᠭᠦᠯᠪᠡ᠃ | ᠬᠤᠪᠢᠰᠬᠠᠯ ᠤᠨ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢ ᠳᠡᠮᠵᠢᠪᠡ – 2021 – 2023 ᠣᠨ ᠳᠤ᠂ ᠥᠪᠡᠷᠲᠡᠭᠡᠨ ᠵᠠᠰᠠᠬᠤ ᠣᠷᠣᠨ ᠤ | ᠡᠳ᠋ ᠤᠨ ᠵᠠᠰᠠᠭ ᠲᠤᠰᠬᠠᠢ ᠪᠡᠯᠡ ᠮᠥᠩᠭᠦ ᠲᠣᠬᠢᠷᠠᠭᠤᠯᠵᠤ᠂ ᠬᠤᠪᠢᠰᠬᠠᠯ ᠤᠨ ᠬᠠᠭᠤᠴᠢᠨ ᠰᠠᠭᠤᠷᠢᠨ ᠤ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ | ᠳᠤᠷᠠᠰᠬᠠᠯᠲᠤ ᠵᠦᠢᠯᠡᠰ ᠢ ᠬᠠᠮᠠᠭᠠᠯᠠᠬᠤ ᠲᠥᠰᠥᠯ ᠤᠨ ᠠᠵᠢᠯ ᠤᠨ ᠤᠷᠤᠭᠰᠢᠲᠠᠢ ᠥᠷᠨᠢᠬᠦ ᠶᠢ ᠳᠡᠮᠵᠢᠪᠡ︔ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ | ᠬᠥᠭᠵᠢᠯᠲᠡ ᠶᠢᠨ ᠪᠡᠯᠡ ᠮᠥᠩᠭᠦ ᠶᠢ ᠲᠣᠬᠢᠷᠠᠭᠤᠯᠵᠤ᠂ ᠬᠤᠪᠢᠰᠬᠠᠯ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠤ ᠲᠥᠰᠥᠯ ᠤᠨ ᠬᠥᠭᠵᠢᠯᠲᠡ ᠶᠢ ᠳᠡᠮᠵᠢᠵᠦ᠂ | ᠬᠤᠪᠢᠰᠬᠠᠯ ᠤᠨ ᠵᠢᠭᠤᠯᠴᠢᠯᠠᠯ ᠤᠨ ᠦᠢᠯᠡᠰ ᠢᠶᠠᠷ ᠬᠤᠪᠢᠰᠬᠠᠯ ᠤᠨ ᠬᠠᠭᠤᠴᠢᠨ ᠰᠠᠭᠤᠷᠢᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠪᠡ᠃ | ᠨᠡᠶᠢᠲᠡ ᠶᠢᠨ ᠦᠢᠯᠡᠴᠢᠯᠡᠭᠡᠨ ᠤ ᠳᠤᠲᠠᠭᠳᠠᠯ ᠢ ᠨᠥᠬᠦᠪᠦᠷᠢᠯᠡᠪᠡ – 2021 – 2023 ᠣᠨ ᠳᠤ᠂ ᠥᠪᠥᠷ ᠮᠣᠩᠭᠤᠯ ᠨᠢ ᠬᠤᠪᠢᠰᠬᠠᠯ ᠤᠨ ᠬᠠᠭᠤᠴᠢᠨ | ᠰᠠᠭᠤᠷᠢᠨ ᠤ ᠲᠥᠪ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠤᠰᠬᠠᠢ ᠬᠤᠨᠵᠢᠪᠤᠷᠢᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ | ᠮᠥᠩᠭᠦ ᠶᠢ ᠪᠠᠭᠤᠯᠭᠠᠵᠤ᠂ ᠰᠣᠶᠣᠯ ᠪᠡᠶ᠎ᠡ ᠶᠢᠨ ᠲᠠᠮᠢᠷ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ | ᠨᠡᠶᠢᠲᠡ ᠶᠢᠨ ᠠᠰᠠᠷᠠᠮᠵᠢ ᠶᠢᠨ ᠦᠢᠯᠡᠰ ᠢ ᠬᠥᠭᠵᠢᠭᠦᠯᠬᠦ ᠳᠤ ᠲᠤᠰᠬᠠᠶᠢᠯᠠᠨ ᠬᠡᠷᠡᠭᠯᠡᠭᠦᠯᠵᠦ᠂ ᠤᠯᠠᠨ ᠲᠦᠮᠡᠨ ᠤ ᠨᠢᠳᠦᠨ ᠳᠤ ᠦᠵᠡᠭᠳᠡᠬᠦ᠂ ᠭᠠᠷ ᠲᠤ ᠪᠠᠷᠢᠭᠳᠠᠬᠤ᠂ | ᠰᠢᠭᠤᠳ ᠠᠰᠢᠭ ᠬᠦᠷᠳᠡᠬᠦ ᠨᠢᠭᠡ ᠪᠦᠯᠦᠭ ᠠᠷᠠᠳ ᠤᠨ ᠠᠮᠢᠳᠤᠷᠠᠯ ᠤᠨ ᠲᠥᠰᠥᠯ ᠢ ᠬᠦᠴᠦ ᠪᠠᠨ ᠲᠥᠪᠯᠡᠷᠡᠭᠦᠯᠦᠨ ᠳᠡᠮᠵᠢᠪᠡ᠃ | ︽ᠳᠠᠷᠠᠭ᠎ᠠ ᠪᠠᠷ ᠥᠪᠥᠷ ᠮᠣᠩᠭᠤᠯ ᠬᠤᠪᠢᠰᠬᠠᠯ ᠤᠨ ᠬᠠᠭᠤᠴᠢᠨ ᠰᠠᠭᠤᠷᠢᠨ ᠢ ᠳᠡᠮᠵᠢᠬᠦ ᠢᠶᠠᠨ ᠦᠷᠭᠦᠯᠵᠢᠯᠡᠨ ᠡᠷᠴᠢᠮᠵᠢᠭᠦᠯᠵᠦ᠂ ᠲᠡᠳᠡᠨ ᠤ ᠠᠵᠤ ᠠᠬᠤᠢ ᠶᠢᠨ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠬᠠᠭᠤᠴᠢᠨ ᠰᠠᠭᠤᠷᠢᠨ ᠤ ᠣᠷᠣᠨ ᠤ ᠠᠷᠠᠳ ᠲᠦᠮᠡᠨ ᠢ ᠬᠠᠪᠰᠤᠷᠤᠨ ᠠᠮᠢᠳᠤᠷᠠᠯ ᠤᠨ ᠲᠦᠪᠰᠢᠨ ᠢ ᠨᠢ ᠴᠢᠨᠠᠭᠰᠢᠳᠠ | ᠳᠡᠭᠡᠭᠰᠢᠯᠡᠭᠦᠯᠦᠨ᠎ᠡ᠃︾ ᠭᠡᠵᠦ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠡᠯᠡᠪᠡ᠃ |