︽ᠵᠠᠯᠠᠨ ᠠᠶᠢᠯ ᠬᠤᠲᠠ ᠶᠢᠨ ᠠᠶᠤᠯᠭᠦᠶ ᠦᠢᠯᠡᠳᠪᠦᠷᠢᠯᠡᠯ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ︾ ᠢ ᠳᠠᠷᠤᠮᠠᠯᠯᠠᠨ ᠶᠠᠪᠤᠭᠤᠯᠬᠤ ᠲᠤᠬᠠᠶ ᠵᠠᠯᠠᠨ ᠠᠶᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2024/5/10
ᠡᠯ᠎ᠡ ᠰᠢᠶᠠᠩ ᠪᠠᠯᠭᠠᠰᠤ  ᠵᠢᠨ‌ᠠᠷᠠᠳ ‍ᠤᠨ‌ᠵᠠᠰᠠᠭ  ᠤᠨ ᠣᠷᠳᠣᠨ᠂ ᠵᠡᠭᠡᠯᠢ ᠭᠤᠳᠤᠮᠵᠢ ᠵᠢᠨ‌‍ᠬᠡᠷᠡᠭ ᠡᠷᠬᠢᠯᠡᠬᠦ ᠭᠠᠵᠠᠷ᠂ ᠬᠤᠳᠠ ᠵᠢᠨ‌ᠵᠠᠰᠠᠭ ‍ᠤᠨ‌ᠣᠷᠳᠣᠨ ᠤ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠲᠤ᠄    ︽ᠵᠠᠯᠠᠨ ᠠᠶᠢᠯ ᠬᠤᠲᠠ ᠶᠢᠨ ᠠᠶᠤᠯᠭᠦᠶ ᠦᠢᠯᠡᠳᠪᠦᠷᠢᠯᠡᠯ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ︾ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠦᠦᠱᠯᠠᠭᠤᠯᠤᠨ ᠨᠠᠶᠢᠳᠠᠪᠤᠷᠢᠵᠢᠭᠤᠯᠲᠤᠭᠠᠶ᠃          ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶     ᠵᠠᠯᠠᠨ ᠠᠶᠢᠯ ᠬᠤᠲᠠ ᠶᠢᠨ ᠠᠶᠤᠯᠭᠦᠶ ᠦᠢᠯᠡᠳᠪᠦᠷᠢᠯᠡᠯ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ     ᠨᠢᠭᠡ᠂ ᠶᠡᠷᠦᠩᠬᠡᠶ ᠱᠠᠭᠠᠷᠳᠠᠯᠭ᠎ᠠ    ︵ᠨᠢᠭᠡ︶ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠶᠡᠷᠦᠩᠬᠡᠶ ᠱᠦᠵᠢ ᠶᠢᠨ ᠠᠶᠤᠯᠭᠦᠶ ᠦᠢᠯᠡᠳᠪᠦᠷᠢᠯᠡᠯ ᠤᠨ ᠲᠤᠬᠠᠶ ᠴᠢᠬᠤᠯᠠ ᠥᠭᠦᠯᠡᠯᠲᠡ ᠵᠢᠴᠢ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠠᠮᠤᠷ ᠲᠦᠪᠰᠢᠨ ᠢ ᠲᠡᠷᠢᠭᠦᠨ ᠳᠤ ᠲᠠᠯᠪᠢᠬᠤ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ᠂ ᠶᠡᠷᠦᠩᠬᠡᠶᠢᠯᠡᠨ ᠵᠠᠰᠠᠬᠤ ᠴᠢᠭᠯᠡᠯᠲᠡ ᠶᠢ ᠪᠠᠷᠢᠮᠲᠠᠯᠠᠨ᠂ ᠠᠮᠤᠷ ᠲᠦᠪᠰᠢᠨ ᠢᠶᠠᠷ ᠬᠥᠭᠵᠢᠭᠦᠯᠬᠦ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠨ᠂ ᠬᠦᠨᠳᠦ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢ ᠬᠦᠴᠦᠯᠡᠨ ᠰᠡᠷᠭᠡᠶᠢᠯᠡᠨ ᠠᠷᠢᠯᠭᠠᠵᠤ᠂ ᠠᠶᠤᠯᠭᠦᠶ ᠦᠢᠯᠡᠳᠪᠦᠷᠢᠯᠡᠯ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠲᠦᠷᠭᠡᠪᠴᠢᠯᠡᠨ ᠠᠬᠢᠭᠤᠯᠵᠤ᠂ ᠡᠯ᠎ᠡ ᠲᠦᠷᠦᠯ ᠤᠨ ᠦᠢᠯᠡᠳᠪᠦᠷᠢᠯᠡᠯ ᠤᠨ ᠠᠮᠤᠷ ᠲᠦᠪᠰᠢᠨ ᠤ ᠡ᠊ᠨᠳᠡᠯ ᠢ ᠡᠷᠡᠰ ᠰᠡᠷᠭᠡᠶᠢᠯᠡᠨ ᠬᠤᠷᠢᠭᠯᠠᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃    ︵ᠬᠤᠶᠠᠷ︶ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ ᠡᠭᠦᠷᠭᠡᠯᠡᠬᠦ᠂ ᠵᠡᠷᠭᠡᠪᠡᠷ ᠠᠳᠬᠤᠵᠤ ᠬᠠᠮᠲᠤᠪᠠᠷ ᠬᠠᠮᠢᠶᠠᠷᠬᠤ᠂ ᠲᠤᠰᠢᠶᠠᠯ ᠳᠠᠭᠠᠨ ᠣᠰᠣᠯᠳᠠᠪᠠᠯ ᠬᠠᠷᠢᠭᠤᠴᠠᠯᠭ᠎ᠠ ᠨᠡᠬᠡᠮᠵᠢᠯᠡᠬᠦ︾ ︽ᠠᠵᠢᠯ ᠲᠥᠷᠥᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ︾ ᠪᠠ ︽ᠬᠡᠨ ᠭᠤᠤᠯᠴᠢᠯᠠᠨ ᠬᠠᠮᠢᠶᠠᠷᠪᠠᠯ ᠬᠡᠨ ᠬᠠᠷᠢᠭᠤᠴᠠᠬᠤ᠂ ᠬᠡᠨ ᠬᠢᠨᠠᠨ ᠵᠥᠪᠰᠢᠶᠡᠷᠡᠪᠡᠯ ᠬᠡᠨ ᠬᠠᠷᠢᠭᠤᠴᠠᠬᠤ᠂ ᠬᠡᠨ ᠬᠢᠨᠠᠨ ᠬᠠᠮᠢᠶᠠᠷᠪᠠᠯ ᠬᠡᠨ ᠬᠠᠷᠢᠭᠤᠴᠠᠬᠤ︾ ︽ᠬᠠᠷᠢᠶ᠎ᠠ ᠣᠷᠣᠨ ᠤ ᠬᠠᠮᠢᠶᠠᠷᠤᠯᠲᠠ ᠪᠠ ᠱᠠᠲᠤ ᠬᠤᠪᠢᠶᠠᠨ ᠬᠢᠨᠠᠨ ᠬᠠᠮᠢᠶᠠᠷᠬᠤ ᠶᠢ ᠬᠠᠷᠢᠯᠴᠠᠨ ᠤᠶᠠᠯᠳᠤᠭᠤᠯᠬᠤ ᠬᠡᠷᠡᠭᠲᠡᠶ᠃ ᠬᠠᠷᠢᠶ᠎ᠠ ᠭᠠᠵᠠᠷ ᠤᠨ ᠬᠠᠮᠢᠶᠠᠷᠤᠯᠲᠠ ᠪᠠᠷ ᠭᠤᠣᠯ ᠪᠣᠯᠭᠠᠨ᠎ᠠ︾᠂ ︽ᠰᠢᠨ᠎ᠡ ᠪᠠᠷ ᠮᠠᠨᠳᠤᠭᠰᠠᠨ ᠠᠵᠢᠯ ᠲᠦᠷᠦᠯ ᠤᠨ ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠲᠣᠳᠣᠷᠬᠠᠢ ᠦᠭᠡᠢ ᠪᠠᠶᠢᠪᠠᠯ᠂ ᠬᠤᠲᠠ ᠶᠢᠨ ᠵᠠᠰᠠᠭ ᠤᠨ ᠣᠷᠳᠣᠨ ᠠᠴᠠ ᠲᠤᠬᠠᠶᠢᠯᠠᠭᠰᠠᠨ ᠠᠵᠢᠯ ᠤᠨ ᠠᠳᠠᠯᠢᠪᠲᠤᠷ ᠪᠠᠶᠢᠬᠤ ᠵᠠᠷᠴᠢᠮ ᠶᠣᠰᠣᠭᠠᠷ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢ ᠲᠣᠭᠲᠠᠭᠠᠨ᠎ᠠ︾ ᠭᠡᠵᠦ ᠱᠠᠭᠠᠷᠳᠠᠨ᠂ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠷᠢᠯᠴᠠᠨ ᠬᠠᠮᠵᠢᠯᠴᠠᠵᠤ᠂ ᠵᠡᠷᠭᠡᠪᠡᠷ ᠠᠳᠬᠤᠨ ᠬᠠᠮᠲᠤᠪᠠᠷ ᠬᠠᠮᠢᠶᠠᠷᠴᠤ ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠰᠢᠨᠵᠢᠯᠡᠬᠦ ᠤᠬᠠᠭᠠᠨᠴᠢ ᠪᠦᠷᠢᠨ ᠲᠡᠭᠦᠯᠳᠡᠷ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠰᠢᠰᠲᠧᠮ ᠢ ᠪᠠᠶᠢᠭᠤᠯᠤᠨ᠎ᠠ᠃    ︵ᠭᠤᠷᠪᠠ︶ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠶᠤᠯ ᠥᠬᠡᠶ ᠦᠢᠯᠡᠳᠪᠦᠷᠢᠯᠡᠯ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠪᠥᠬᠦ ᠬᠤᠲᠠ ᠶᠢᠨ ᠠᠶᠤᠯ ᠥᠬᠡᠶ ᠦᠢᠯᠡᠳᠪᠦᠷᠢᠯᠡᠯ ᠤᠨ ᠠᠵᠢᠯ ᠳᠤ ᠬᠠᠤᠯᠢ ᠶᠣᠰᠣᠭᠠᠷ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠵᠦ᠂ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠠᠵᠢᠯ ᠲᠥᠷᠥᠯ ᠤᠨ ᠬᠦᠷᠢᠶᠡᠨ ᠳᠠᠬᠢ ᠠᠶᠤᠯ ᠥᠬᠡᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ︔ ᠠᠶᠤᠯ ᠥᠬᠡᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠲᠠᠢ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠪᠠᠨ ᠲᠣᠰ ᠠᠵᠢᠯ ᠲᠥᠷᠥᠯ ᠤᠨ ᠬᠦᠷᠢᠶᠡᠨ ᠳᠠᠬᠢ ᠠᠶᠤᠯ ᠥᠬᠡᠶ ᠦᠢᠯᠡᠳᠪᠦᠷᠢᠯᠡᠯ ᠤᠨ ᠠᠵᠢᠯ ᠳᠤ ᠬᠢᠨᠠᠯᠲᠠ ᠬᠠᠮᠢᠶᠠᠷᠤᠯᠲᠠ ᠶᠠᠪᠤᠭᠤᠯᠵᠤ᠂ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠦᠯᠲᠡ ᠶᠢ ᠴᠢᠩᠭᠠᠷᠠᠭᠤᠯᠤᠨ᠂ ᠬᠠᠤᠯᠢ ᠲᠣᠭᠲᠠᠭᠠᠯ ᠠᠴᠠ ᠵᠥᠷᠢᠴᠡᠭᠰᠡᠨ‌ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ︔ ᠠᠵᠢᠯ ᠲᠦᠷᠦᠯ ᠤᠨ ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠲᠠᠢ ᠰᠠᠯᠠᠭ᠎ᠠ ᠮᠥᠴᠢᠷ ᠤᠳ ᠠᠶᠤᠯᠭᠦᠶ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠵᠦ᠂ ᠠᠶᠤᠯᠭᠦᠶ ᠦᠢᠯᠡᠳᠪᠦᠷᠢᠯᠡᠯ ᠤᠨ ᠠᠵᠢᠯ ᠢ ᠲᠤᠰ ᠠᠵᠢᠯ ᠲᠦᠷᠦᠯ ᠤᠨ ᠬᠦᠷᠢᠶᠡᠨ ᠳᠠᠬᠢ ᠬᠠᠮᠢᠶᠠᠷᠤᠯᠲᠠ ᠶᠢᠨ ᠠᠵᠢᠯ ᠤᠨ ᠴᠢᠬᠤᠯᠠ ᠠᠭᠤᠯᠭ᠎ᠠ ᠪᠣᠯᠭᠠᠵᠤ᠂ ᠠᠵᠢᠯ ᠲᠦᠷᠦᠯ ᠤᠨ ᠲᠥᠯᠥᠪᠵᠢᠭᠦᠯᠭᠡ᠂ ᠠᠵᠤ ᠦᠢᠯᠡᠰ ᠤᠨ ᠲᠦᠷᠦ ᠶᠢᠨ ᠪᠤᠳᠤᠯᠭ᠎ᠠ᠂ ᠬᠠᠤᠯᠢ ᠲᠣᠭᠲᠠᠭᠠᠯ ᠤᠨ ᠪᠠᠷᠢᠮᠵᠢᠶ᠎ᠠ᠂ ᠵᠠᠰᠠᠭ ᠵᠠᠬᠢᠷᠭᠠᠨ ᠤ ᠵᠥᠪᠰᠢᠶᠡᠷᠡᠯ ᠵᠡᠷᠭᠡ ᠲᠠᠯ᠎ᠠ ᠪᠠᠷ ᠠᠶᠤᠯᠭᠦᠶ ᠦᠢᠯᠡᠳᠪᠦᠷᠢᠯᠡᠯ ᠤᠨ ᠠᠵᠢᠯ ᠢ ᠴᠢᠩᠭᠠᠳᠬᠠᠵᠤ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢ ᠵᠢᠯᠣᠭᠤᠳᠤᠨ ᠪᠠᠶᠢᠴᠠᠭᠠᠵᠤ ᠰᠢᠪᠠᠳᠠᠨ ᠱᠠᠭᠠᠷᠳᠠᠵᠤ ᠪᠠᠶᠢᠭᠠᠳ ᠠᠶᠤᠯᠭᠦᠶ ᠶᠢᠨ ᠬᠠᠮᠢᠶᠠᠷᠤᠯᠲᠠ ᠶᠢ ᠴᠢᠩᠭᠠᠳᠬᠠᠨ᠎ᠠ︔ ᠪᠤᠰᠤᠳ ᠬᠤᠯᠪᠣᠭᠳᠠᠯ ᠪᠥᠬᠦᠢ ᠰᠠᠯᠠᠭ᠎ᠠ ᠮᠥᠴᠢᠷ ‍ᠤᠳ‌ᠠᠵᠢᠯ ‍ᠤᠨ‌ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ᠂ ᠠᠶᠤᠯ ᠥᠭᠡᠢ ᠦᠢᠯᠡᠳᠪᠦᠷᠢᠯᠡᠯ  ᠤᠨ ᠠᠵᠢᠯ  ᠲᠤ ᠳᠡᠮᠵᠢᠯᠭᠡ ᠪᠠᠲᠤᠯᠠᠭ᠎ᠠ ᠬᠠᠩᠭᠠᠵᠤ᠂ ᠠᠶᠤᠯ ᠥᠭᠡᠢ ᠬᠥᠭᠵᠢᠯᠲᠡ ᠶᠢ ᠬᠠᠮᠲᠤᠪᠠᠷ ᠲᠥᠯᠬᠢᠨ ᠠᠬᠢᠭᠤᠯᠤᠨ᠎ᠠ᠃    ᠬᠤᠶᠠᠷ᠂ ᠦᠨᠳᠦᠰᠦᠨ ᠡᠭᠦᠷᠭᠡ ᠬᠠᠷᠢᠭᠤᠴᠠᠯᠭ᠎ᠠ    ︵ᠨᠢᠭᠡ︶ ᠠᠶᠤᠯ ᠥᠭᠡᠢ ᠦᠢᠯᠡᠳᠪᠦᠷᠢᠯᠡᠯ  ᠤᠨ ᠴᠢᠭᠯᠡᠯᠲᠡ ᠲᠥᠷᠥ ᠶᠢᠨ ᠪᠤᠳᠤᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ ᠲᠥᠷᠢᠮ ᠤᠨ ᠪᠠᠷᠢᠮᠵᠢᠶ᠎ᠠ ᠵᠡᠷᠭᠡ ᠶᠢ ᠤᠬᠠᠭᠤᠯᠤᠨ ᠲᠤᠤᠱᠯᠠᠭᠤᠯᠤᠨ ᠬᠡᠷᠡᠭᠵᠢᠭᠦᠯᠵᠦ᠂ ᠠᠶᠤᠯ ᠥᠭᠡᠢ ᠦᠢᠯᠡᠳᠪᠦᠷᠢᠯᠡᠯ ᠤᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ  ᠢ ᠴᠢᠩᠭᠠᠳᠬᠠᠬᠤ ᠬᠡᠷᠡᠭᠲᠡᠶ᠃    ︵ᠬᠤᠶᠠᠷ︶ ᠲᠤᠰ ᠠᠵᠢᠯ ᠲᠥᠷᠥᠯ  ᠤᠨ ᠬᠦᠷᠢᠶᠡᠨ ᠤ ᠠᠶᠤᠯ ᠥᠭᠡᠢ ᠦᠢᠯᠡᠳᠪᠦᠷᠢᠯᠡᠯ ‍ᠤᠨ‌‍ᠲ᠋ᠥ᠋ᠷᠥ ᠶᠢᠨ ᠪᠤᠳᠤᠯᠭ᠎ᠠ ᠬᠠᠤᠯᠢ ᠲᠣᠭᠲᠠᠭᠠᠯ᠂ ᠲᠥᠷᠢᠮ ᠲᠣᠭᠲᠠᠭᠠᠯ᠂ ᠮᠡᠷᠭᠡᠵᠢᠯ ᠤᠨ ᠪᠠᠷᠢᠮᠵᠢᠶ᠎ᠠ᠂ ᠲᠥᠯᠥᠪᠵᠢᠭᠦᠯᠭᠡ ᠲᠥᠯᠥᠪᠯᠡᠭᠡ᠂ ᠠᠵᠢᠯ ᠤᠨ ᠲᠥᠰᠦᠯ ᠵᠡᠷᠭᠡ ᠶᠢ ᠪᠥᠷᠢᠨᠰᠢᠬᠦᠯᠥᠨ ᠲᠡᠭᠦᠯᠳᠡᠷᠵᠢᠭᠦᠯᠬᠦ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠠᠵᠢᠯ ᠲᠥᠷᠥᠯ ᠲᠤ ᠵᠥᠪᠰᠢᠶᠡᠷᠡᠨ ᠣᠷᠣᠭᠤᠯᠬᠤ ᠶᠢ ᠴᠢᠩᠳᠠᠯᠠᠵᠤ᠂ ᠠᠵᠢᠯ ᠲᠥᠷᠥᠯ  ᠤᠨ ᠲᠥᠯᠥᠪᠵᠢᠭᠦᠯᠭᠡ᠂ ᠠᠵᠤ ᠦᠢᠯᠡᠰ  ᠤᠨ ᠲᠥᠷᠥ ᠶᠢᠨ ᠪᠤᠳᠤᠯᠭ᠎ᠠ᠂ ᠵᠠᠰᠠᠭ ᠵᠠᠬᠢᠷᠭᠠᠨ ᠤ ᠵᠥᠪᠰᠢᠶᠡᠷᠡᠯ ᠵᠡᠷᠭᠡ ᠲᠠᠯ᠎ᠠ ᠪᠠᠷ ᠲᠤᠰ ᠠᠵᠢᠯ ᠲᠥᠷᠥᠯ ‍ᠤᠨ‌‍ᠬᠦ᠋ᠷᠢᠶᠡᠨ ‍ᠤ‌ᠠᠶᠤᠯ ᠥᠭᠡᠢ ᠦᠢᠯᠡᠳᠪᠦᠷᠢᠯᠡᠯ ‍ᠤᠨ‌ᠠᠵᠢᠯ  ᠢ ᠴᠢᠩᠭᠠᠳᠬᠠᠨ᠎ᠠ᠃    ︵ᠭᠤᠷᠪᠠ︶ ᠲᠤᠰ ᠠᠵᠢᠯ ᠲᠥᠷᠥᠯ ᠤᠨ ᠬᠦᠷᠢᠶᠡᠨ ᠳᠠᠬᠢ ᠠᠶᠤᠯ ᠦᠭᠡᠶ ᠦᠢᠯᠡᠳᠪᠦᠷᠢᠯᠡᠯ ᠤᠨ ᠠᠵᠢᠯ ᠢ ᠬᠠᠷᠢᠭᠤᠴᠠᠵᠤ᠂ ᠠᠶᠤᠯ ᠥᠭᠡᠢ ᠦᠢᠯᠡᠳᠪᠦᠷᠢᠯᠡᠯ ‍ᠤᠨ‌ᠠᠵᠢᠯ ᠬᠢᠭᠡᠳ ᠲᠤᠬᠠᠶᠢᠯᠠᠭᠰᠠᠨ ᠠᠵᠢᠯ  ᠢ ᠵᠡᠷᠭᠡ  ᠲᠤᠨᠢ ᠲᠣᠬᠢᠷᠠᠭᠤᠯᠤᠨ ᠪᠠᠶᠢᠷᠢᠯᠠᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢᠨ ᠬᠠᠮᠲᠤ ᠬᠢᠨᠠᠯᠲᠠ ᠲᠠᠯᠪᠢᠵᠤ ᠪᠠᠶᠢᠴᠠᠭᠠᠨ᠂ ᠠᠶᠤᠯ ᠥᠭᠡᠢ ᠦᠢᠯᠡᠳᠪᠦᠷᠢᠯᠡᠯ ‍ᠤᠨ‌‍ᠪᠠᠶᠢᠳᠠᠯ  ᠢ ᠴᠠᠭ ᠲᠤᠬᠠᠶ  ᠲᠤᠨᠢ ᠵᠠᠳᠠᠯᠤᠨ ᠤᠷᠢᠳᠴᠢᠯᠠᠨ ᠮᠠᠭᠠᠳᠯᠠᠵᠤ᠂ ᠠᠶᠤᠯ ᠥᠭᠡᠢ ᠦᠢᠯᠡᠳᠪᠦᠷᠢᠯᠡᠯ ‍ᠦᠨ‌ᠠᠵᠢᠯ ᠤᠨ ᠳᠤᠮᠳᠠᠬᠢ ᠴᠢᠬᠤᠯᠠ ᠶᠡᠭᠡ ᠠᠰᠠᠭᠤᠳᠠᠯ  ᠢ ᠰᠤᠳᠤᠯᠤᠨ‌‍ᠰᠢᠢᠳᠪᠦᠷᠢᠯᠡᠵᠦ᠂ ᠲᠤᠰ ᠠᠵᠢᠯ ᠲᠥᠷᠥᠯ ᠤᠨ ᠬᠦᠷᠢᠶᠡᠨ ᠤ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠠᠶᠤᠯ ᠥᠭᠡᠢ ᠦᠢᠯᠡᠳᠪᠦᠷᠢᠯᠡᠯ ‍ᠤᠨ‌ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠵᠢᠯᠣᠭᠤᠳᠴᠤ᠂ ᠪᠠᠶᠢᠴᠠᠭᠠᠵᠤ᠂ ᠰᠢᠮᠳᠠᠭᠤᠯᠵᠤ ᠪᠠᠶᠢᠭᠠᠳ ᠠᠶᠤᠯ ᠥᠭᠡᠢ ᠦᠢᠯᠡᠳᠪᠦᠷᠢᠯᠡᠯ ‍ᠤᠨ‌ᠠᠵᠢᠯ ᠢ‌‍ᠴᠢᠩᠭᠠᠳᠬᠠᠬᠤ ᠬᠡᠷᠡᠭᠲᠡᠶ᠃    ︵ᠲᠥᠷᠪᠡ︶ ᠲᠤᠰ ᠠᠵᠢᠯ ᠲᠥᠷᠥᠯ  ᠤᠨ ᠬᠦᠷᠢᠶᠡᠨ ᠤ ᠠᠶᠤᠯ ᠥᠭᠡᠢ ᠦᠢᠯᠡᠳᠪᠦᠷᠢᠯᠡᠯ ‍ᠤᠨ‌ᠬᠠᠷᠢᠭᠤᠴᠠᠯᠭ᠎ᠠ ᠶᠢᠨ ᠲᠥᠷᠢᠮ  ᠢ ᠪᠥᠷᠢᠨᠰᠢᠬᠦᠯᠥᠨ ᠲᠡᠭᠦᠯᠳᠡᠷᠵᠢᠭᠦᠯᠬᠦ ᠶᠢᠨ ᠬᠠᠮᠲᠤ ᠬᠢᠨᠠᠯᠲᠠ ᠲᠠᠯᠪᠢᠵᠤ ᠨᠠᠶᠢᠳᠠᠪᠤᠷᠢᠵᠢᠭᠤᠯᠤᠨ᠂ ᠠᠶᠤᠯ ᠥᠭᠡᠢ ᠦᠢᠯᠡᠳᠪᠦᠷᠢᠯᠡᠯ ᠤᠨ ᠠᠵᠢᠯ  ᠤᠨ ᠪᠠᠶᠢᠭᠤᠯᠤᠮᠵᠢ  ᠶᠢ ᠪᠥᠷᠢᠨᠰᠢᠬᠦᠯᠥᠨ ᠂ ᠠᠶᠤᠯ ᠥᠭᠡᠢ ᠶᠢᠨ ᠬᠠᠮᠢᠶᠠᠷᠤᠯᠲᠠ ᠶᠢᠨ ᠠᠵᠢᠯᠳᠠᠨ ᠬᠢᠭᠡᠳ ᠠᠵᠢᠯ ᠤᠨ ᠵᠠᠷᠤᠳᠠᠯ  ᠢ ᠨᠠᠶᠢᠳᠠᠪᠤᠷᠢᠵᠢᠭᠤᠯᠤᠨ᠎ᠠ᠃    ︵ᠲᠠᠪᠤ︶ ᠲᠣᠰ ᠠᠵᠢᠯ ᠲᠥᠷᠥᠯ ᠤᠨ ᠬᠦᠷᠢᠶᠡᠨ ᠳᠠᠬᠢ ᠠᠵᠢᠯ ᠡᠷᠭᠢᠯᠡᠭᠰᠡᠳ ᠤᠨ ᠠᠶᠤᠯ ᠥᠬᠡᠶ ᠦᠢᠯᠡᠳᠪᠦᠷᠢᠯᠡᠯ ᠤᠨ ᠬᠥᠮᠦᠵᠢᠯ ᠪᠣᠯᠪᠠᠰᠤᠷᠠᠭᠤᠯᠤᠯ ᠪᠠ ᠰᠢᠯᠭᠠᠨ ᠬᠢᠨᠠᠬᠤ ᠵᠡᠷᠭᠡ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃    ︵ᠵᠢᠷᠭᠤᠭ᠎ᠠ︶ ᠲᠣᠰ ᠠᠵᠢᠯ ᠲᠥᠷᠥᠯ ᠤᠨ ᠬᠦᠷᠢᠶᠡᠨ ᠳᠠᠬᠢ ᠬᠠᠤᠯᠢ ᠪᠤᠰᠤ ᠪᠠ ᠬᠠᠤᠯᠢ ᠠᠴᠠ ᠵᠥᠷᠢᠴᠡᠭᠰᠡᠨ ᠦᠢᠯᠡᠳᠪᠦᠷᠢᠯᠡᠯ ᠡᠵᠡᠩᠨᠡᠯᠲᠡ ᠪᠥᠲᠥᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠵᠦ ᠲᠡᠭᠦᠨ ᠳᠤ ᠴᠣᠬᠢᠯᠲᠠ ᠥᠭᠭᠦᠨ᠎ᠡ᠃    ︵ᠲᠤᠯᠤᠭ᠎ᠠ︶ ᠲᠤᠰ ᠠᠵᠢᠯ ᠲᠥᠷᠥᠯ ‍ᠤᠨ‌‍ᠬᠦ᠋ᠷᠢᠶᠡᠨ ᠤ ᠦᠢᠯᠡᠳᠪᠦᠷᠢᠯᠡᠯ ‍ᠤᠨ‌ᠠᠶᠤᠯ ᠥᠭᠡᠢ ᠶᠢᠨ ᠡ᠊ᠨᠳᠡᠯ  ᠤᠨ ᠪᠠᠴᠢᠮ ᠪᠠᠶᠢᠳᠠᠯ ᠢ‌ᠠᠷᠭᠠᠴᠠᠬᠤ ᠪᠡᠯᠡᠳᠬᠡᠯ ᠲᠥᠰᠦᠯ ᠢ ᠪᠥᠷᠢᠨᠰᠢᠬᠦᠯᠥᠨ ᠲᠡᠭᠦᠯᠳᠡᠷᠵᠢᠭᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠰᠣᠷᠢᠯᠲᠠ ᠬᠢᠵᠦ᠂ ᠲᠤᠰ ᠠᠵᠢᠯ ᠲᠥᠷᠥᠯ ‍ᠦᠨ‌‍ᠬᠦ᠋ᠷᠢᠶᠡᠨ ᠤ ᠦᠢᠯᠡᠳᠪᠦᠷᠢᠯᠡᠯ  ᠤᠨ ᠠᠶᠤᠯ ᠥᠭᠡᠢ ᠶᠢᠨ ᠡ᠊ᠨᠳᠡᠯ ᠤᠨ ᠪᠠᠴᠢᠮ ᠪᠠᠶᠢᠳᠠᠯ  ᠢ ᠠᠷᠭᠠᠴᠠᠵᠤ ᠠᠪᠤᠷᠠᠨ ᠲᠤᠰᠠᠯᠠᠬᠤ ᠠᠵᠢᠯ  ᠢ ᠬᠠᠤᠯᠢ ᠶᠣᠰᠣᠭᠠᠷ ᠵᠢᠯᠣᠭᠤᠳᠤᠨ ᠵᠣᠬᠢᠶᠠᠨ ᠪᠠᠶᠢᠭᠤᠯᠵᠤ᠂ ᠬᠠᠮᠢᠶ᠎ᠠ ᠪᠥᠬᠦᠢ ᠦᠢᠯᠡᠳᠪᠦᠷᠢᠯᠡᠯ ‍ᠤᠨ‌ᠠᠶᠤᠯ ᠥᠭᠡᠢ ᠶᠢᠨ ᠡ᠊ᠨᠳᠡᠯ  ᠤᠨ ᠪᠠᠴᠢᠮ ᠪᠠᠶᠢᠳᠠᠯ ᠢ‌ᠠᠷᠭᠠᠴᠠᠵᠤ ᠠᠪᠤᠷᠠᠨ ᠲᠤᠰᠠᠯᠠᠬᠤ ᠪᠠ ᠪᠠᠶᠢᠴᠠᠭᠠᠨ ᠰᠢᠢᠳᠪᠦᠷᠢᠯᠡᠬᠦ ᠶᠢ ᠵᠣᠬᠢᠶᠠᠨ ᠪᠠᠶᠢᠭᠤᠯᠵᠤ᠂ ᠬᠠᠮᠵᠢᠯᠴᠠᠬᠤ ᠪᠤᠶᠤ ᠣᠷᠣᠯᠴᠠᠵᠤ᠂ ᠲᠤᠰ ᠠᠵᠢᠯ ᠲᠥᠷᠥᠯ ᠤᠨ ᠬᠦᠷᠢᠶᠡᠨ ᠤ ᠡ᠊ᠨᠳᠡᠯ ᠢ ᠰᠡᠷᠭᠡᠶᠢᠯᠡᠬᠦ ᠪᠠ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠲᠤ ᠬᠢᠨᠠᠯᠲᠠ ᠲᠠᠯᠪᠢᠵᠤ ᠪᠠᠶᠢᠴᠠᠭᠠᠯᠲᠠ ᠬᠢᠨ᠎ᠡ᠃    ︵ᠨᠠᠢᠮᠠ︶ ᠲᠣᠰ ᠠᠵᠢᠯ ᠲᠥᠷᠥᠯ ᠤᠨ ᠬᠦᠷᠢᠶᠡᠨ ᠳᠠᠬᠢ ᠠᠶᠤᠯ ᠥᠬᠡᠶ ᠦᠢᠯᠡᠳᠪᠦᠷᠢᠯᠡᠯ ᠤᠨ ᠵᠠᠰᠠᠬᠤ ᠰᠢᠰᠲ᠋ᠧᠮᠵᠢ ᠪᠠ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢ ᠢᠳᠡᠪᠬᠢᠲᠡᠶ ᠪᠠᠷ ᠠᠬᠢᠭᠤᠯᠵᠤ᠂ ᠠᠶᠤᠯ ᠥᠬᠡᠶ ᠦᠢᠯᠡᠳᠪᠦᠷᠢᠯᠡᠯ  ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠲᠣᠰ ᠠᠵᠢᠯ ᠲᠥᠷᠥᠯ ᠤᠨ ᠬᠦᠷᠢᠶᠡᠨ ᠳᠠᠬᠢ ᠦᠢᠯᠡᠳᠪᠦᠷᠢᠯᠡᠯ ᠤᠨ ᠠᠶᠤᠯ ᠥᠬᠡᠶ ᠶᠢᠨ ᠠᠳᠡᠯ ᠢ ᠮᠡᠳᠡᠭᠦᠯᠬᠦ ᠪᠠ ᠪᠦᠷᠢᠳᠬᠡᠨ ᠵᠠᠳᠠᠯᠬᠤ ᠠᠵᠢᠯ ᠢ ᠡᠭᠦᠷᠭᠡᠯᠡᠨ᠎ᠡ᠃    ︵ᠶᠢᠰᠦ︶ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠬᠤᠲᠠ ᠶᠢᠨ ᠠᠶᠤᠯ ᠥᠬᠡᠶ ᠦᠢᠯᠡᠳᠪᠦᠷᠢᠯᠡᠯ ᠤᠨ ᠵᠥᠪᠯᠡᠯ ᠤᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃    ᠭᠤᠷᠪᠠ᠂ ᠪᠣᠳᠠᠲᠠᠶ ᠡᠭᠦᠷᠭᠡ ᠬᠠᠷᠢᠭᠤᠴᠠᠯᠭ᠎ᠠ    ︵ᠨᠢᠭᠡ︶ ᠬᠤᠳᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︵ᠬᠤᠳᠠ ᠶᠢᠨ ᠡᠨᠧᠷᠭᠢ ᠶᠢᠨ ᠰᠤᠷᠪᠤᠯᠵᠢ ᠶᠢᠨ ᠲᠣᠪᠴᠢᠶ᠎ᠠ᠂ ᠬᠤᠳᠠ ᠶᠢᠨ ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ︶᠃ ᠠᠶᠤᠯ ᠥᠭᠡᠢ ᠦᠢᠯᠡᠳᠪᠦᠷᠢᠯᠡᠯ ‍ᠤᠨ‌ᠠᠵᠢᠯ ᠢ ᠤᠯᠤᠰ ᠠᠷᠠᠳ ‍ᠤᠨ‌ᠠᠵᠤ ᠠᠬᠤᠶ ᠪᠣᠯᠤᠨ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠲᠤ ᠣᠷᠣᠭᠤᠯᠬᠤ ᠶᠢ ᠬᠠᠷᠢᠭᠤᠴᠠᠵᠤ᠂ ᠬᠤᠯᠪᠣᠭᠳᠠᠯ ᠪᠥᠬᠦᠢ ᠲᠣᠭᠲᠠᠭᠠᠯ ᠶᠣᠰᠣᠭᠠᠷ ᠬᠢᠨᠠᠨ ᠵᠥᠪᠰᠢᠶᠡᠷᠡᠬᠦ ᠂ ᠰᠢᠨ᠎ᠡ ᠪᠠᠷ ᠦᠷᠭᠡᠳᠭᠡᠨ ᠪᠠᠶᠢᠭᠤᠯᠬᠤ ᠵᠦᠢᠯᠡᠰ ᠢ ᠳᠠᠩᠰᠠᠯᠠᠭᠤᠯᠬᠤ᠂ ᠥᠭᠡᠷᠡᠴᠢᠯᠡᠬᠦ᠂ ᠠᠶᠤᠯ ᠥᠭᠡᠢ ᠶᠢᠨ ᠲᠦᠭᠰᠢᠭᠦᠷᠢ ᠶᠢ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠵᠦ᠂ ᠠᠶᠤᠯ ᠥᠭᠡᠢ ᠶᠢᠨ ᠬᠢᠨᠠᠯᠲᠠ ᠬᠠᠮᠢᠶᠠᠷᠤᠯᠲᠠ ᠶᠢᠨ ᠰᠠᠭᠤᠷᠢ ᠪᠡᠯᠡᠳᠬᠡᠮᠵᠢ᠂ ᠬᠠᠤᠯᠢ ᠬᠡᠷᠡᠭᠵᠢᠭᠦᠯᠬᠦ ᠲᠣᠨᠣᠭᠯᠠᠯ᠂  ᠡᠳ᠋ ᠪᠠᠷᠠᠭ᠎ᠠ ᠨᠥᠭᠡᠴᠡᠯᠡᠬᠦ᠂ ᠪᠠᠴᠢᠮ ᠢ‌ᠠᠷᠭᠠᠴᠠᠬᠤ ᠬᠦᠴᠦᠨ ᠪᠣᠯᠤᠨ ᠪᠠᠴᠢᠮ ᠪᠠᠶᠢᠳᠠᠯ ᠢ‌ᠠᠷᠭᠠᠴᠠᠬᠤ ᠬᠠᠮᠢᠶᠠᠷᠤᠯᠲᠠ ᠶᠢᠨ ᠮᠡᠳᠡᠭᠡ ᠵᠠᠩᠭᠢᠵᠢᠭᠤᠯᠬᠤ ᠵᠡᠷᠭᠡ ᠲᠥᠷᠥᠯ ᠵᠦᠢᠯ ‍ᠤᠨ‌‍ᠪᠥ᠋ᠳᠥᠭᠡᠨ ᠪᠠᠶᠢᠭᠤᠯᠤᠯᠲᠠ ᠶᠢ ᠢᠳᠡᠪᠬᠢᠲᠡᠶ ᠲᠡᠮᠵᠢᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠠᠶᠤᠯᠭᠦᠢ ᠦᠢᠯᠡᠳᠪᠦᠷᠢᠯᠡᠯ ᠤᠨ ᠬᠦᠷᠢᠶᠡᠨ ᠳᠠᠬᠢ ᠬᠦᠨᠳᠦ ᠨᠣᠴᠢᠲᠠᠢ ᠢᠲᠡᠭᠡᠯ ᠠᠯᠳᠠᠭᠰᠠᠨ ᠭᠤᠣᠯ ᠴᠣᠭᠴᠠ ᠳᠤ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠭᠦᠯᠦᠨ᠎ᠡ᠃ ᠠᠮᠤ ᠪᠤᠳᠠᠭᠠᠨ ᠤ ᠭᠦᠢᠯᠭᠡᠭᠡᠨ᠂ ᠠᠮᠤ ᠪᠤᠳᠠᠭ᠎ᠠ ᠪᠣᠯᠪᠠᠰᠤᠷᠠᠭᠤᠯᠬᠤ ᠠᠵᠢᠯ ᠲᠥᠷᠥᠯ ‍ᠤᠨ‌ᠠᠶᠤᠯ ᠥᠭᠡᠢ ᠦᠢᠯᠡᠳᠪᠦᠷᠢᠯᠡᠯ ᠲᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠵᠤ᠂ ᠲᠤᠰ ᠱᠠᠲᠤᠨ ᠤ ᠠᠮᠤ ᠪᠤᠳᠠᠭ᠎ᠠ ᠨᠥᠭᠡᠴᠡᠯᠡᠬᠦ ᠪᠠ ᠭᠠᠮᠰᠢᠭ ᠠᠴᠠ ᠠᠪᠤᠷᠠᠬᠤ  ᠡᠳ᠋ ᠪᠠᠷᠠᠭ᠎ᠠ ᠨᠥᠭᠡᠴᠡᠯᠡᠬᠦ᠂ ᠳᠠᠭᠠᠭᠠᠨ ᠨᠥᠭᠡᠴᠡᠯᠡᠬᠦ ᠨᠢᠭᠡᠴᠡ ᠶᠢᠨ ᠠᠶᠤᠯ ᠥᠭᠡᠢ ᠦᠢᠯᠡᠳᠪᠦᠷᠢᠯᠡᠯ ᠲᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ ᠪᠦᠬᠦ ᠬᠤᠲᠠ ᠶᠢᠨ ᠭᠠᠮᠰᠢᠭ ᠠᠴᠠ ᠠᠪᠤᠷᠠᠬᠤ ᠡᠳ᠋ ᠪᠣᠳᠠᠰ ᠢ ᠬᠤᠷᠢᠶᠠᠨ ᠬᠠᠳᠠᠭᠠᠯᠠᠬᠤ᠂ ᠡᠭᠡᠯᠵᠢᠯᠡᠨ ᠰᠣᠯᠢᠬᠤ ᠪᠠ ᠰᠢᠯᠵᠢᠭᠦᠯᠦᠨ ᠲᠡᠭᠡᠭᠡᠪᠦᠷᠢᠯᠡᠬᠦ ᠶᠠᠪᠤᠴᠠ ᠳᠠᠬᠢ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠨᠥᠭᠡᠴᠡᠯᠡᠬᠦ ᠰᠠᠭᠤᠷᠢ ᠪᠡᠯᠡᠳᠬᠡᠮᠵᠢ᠂ ᠠᠮᠤ ᠪᠤᠳᠠᠭᠠᠨ ᠤ ᠭᠦᠢᠯᠭᠡᠭᠡᠨ ᠤ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ᠂ ᠡᠵᠡᠩᠨᠡᠯᠲᠡ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠬᠠᠷᠢᠭᠤᠴᠠᠯᠭᠠᠲᠠᠨ ᠨᠢ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ᠂ ᠬᠠᠮᠠᠭᠠᠯᠠᠯᠲᠠ ᠪᠠ ᠬᠡᠷᠡᠭᠯᠡᠯᠲᠡ ᠶᠢ ᠰᠡᠷᠭᠡᠶᠢᠯᠡᠬᠦ ᠠᠶᠤᠯ ᠥᠬᠡᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃    ︵ᠬᠤᠶᠠᠷ︶ ᠬᠤᠳᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠃ ᠰᠤᠷᠭᠠᠨ ᠬᠥᠮᠦᠵᠢᠯ ᠤᠨ ᠰᠢᠰᠲ᠋ᠧᠮ ᠤᠨ ᠠᠶᠤᠯᠭᠦᠶ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠰᠤᠷᠭᠠᠭᠤᠯᠢ ᠶᠢᠨ ᠠᠮᠤᠷ ᠲᠦᠪᠰᠢᠨ ᠤ ᠠᠵᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠣᠭᠲᠠᠭᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠬᠦ ᠬᠡᠷᠡᠭᠲᠡᠶ᠃ ᠡᠯ᠎ᠡ ᠲᠥᠷᠥᠯ ᠤᠨ ᠰᠤᠷᠭᠠᠭᠤᠯᠢ ᠶᠢ ᠰᠢᠮᠳᠠᠭᠤᠯᠵᠤ ᠪᠠᠶᠢᠭᠠᠳ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ ᠪᠣᠯᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠲᠣᠭᠲᠠᠭᠠᠯᠭᠠᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠠᠮᠤᠷ ᠲᠦᠪᠰᠢᠨ ᠤ ᠬᠥᠮᠦᠵᠢᠯ ᠢ ᠰᠤᠷᠭᠠᠭᠤᠯᠢ ᠶᠢᠨ ᠬᠥᠮᠦᠵᠢᠯ ᠤᠨ ᠠᠭᠤᠯᠭ᠎ᠠ ᠳᠤ ᠣᠷᠣᠭᠤᠯᠬᠤ ᠶᠢ ᠬᠠᠷᠢᠭᠤᠴᠠᠵᠤ᠂ ᠰᠤᠷᠭᠠᠭᠤᠯᠢ ᠶᠢᠨ ᠠᠮᠤᠷ ᠲᠦᠪᠰᠢᠨ ᠤ ᠬᠥᠮᠦᠵᠢᠯ ᠪᠠ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠵᠠᠶᠢᠯᠠᠬᠤ ᠰᠣᠷᠢᠯᠲᠠ ᠥᠷᠨᠢᠭᠦᠯᠬᠦ ᠶᠢ ᠵᠢᠯᠣᠭᠤᠳᠤᠨ ᠬᠢᠨᠠᠯᠲᠠ ᠲᠠᠯᠪᠢᠵᠤ᠂ ᠰᠤᠷᠭᠠᠭᠤᠯᠢ ᠶᠢᠨ ᠠᠮᠤᠷ ᠲᠦᠪᠰᠢᠨ ᠤ ᠬᠥᠮᠦᠵᠢᠯ ᠪᠣᠯᠪᠠᠰᠤᠷᠠᠭᠤᠯᠤᠯ ᠢ ᠵᠢᠯᠣᠭᠤᠳᠤᠨ ᠪᠠᠶᠢᠴᠠᠭᠠᠨ᠎ᠠ᠃ ᠬᠤᠯᠪᠣᠭᠳᠠᠯ ᠪᠥᠬᠦᠢ ᠰᠠᠯᠠᠭ᠎ᠠ ᠮᠥᠴᠢᠷ ᠲᠠᠢ ᠬᠠᠮᠲᠤᠷᠠᠨ ᠰᠤᠷᠤᠭᠴᠢ ᠵᠥᠭᠡᠭᠡᠪᠦᠷᠢᠯᠡᠬᠦ ᠲᠡᠷᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠨᠠᠶᠢᠳᠠᠪᠤᠷᠢᠵᠢᠭᠤᠯᠵᠤ᠂ ᠰᠤᠷᠭᠠᠭᠤᠯᠢ ᠶᠢ ᠵᠢᠯᠣᠭᠤᠳᠤᠨ ᠬᠢᠨᠠᠯᠲᠠ ᠲᠠᠯᠪᠢᠵᠤ ᠪᠠᠶᠢᠭᠠᠳ ᠰᠤᠷᠤᠭᠴᠢ ᠵᠥᠭᠡᠭᠡᠪᠦᠷᠢᠯᠡᠬᠦ ᠲᠡᠷᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠲᠥᠷᠢᠮ ᠢ ᠪᠠᠶᠢᠭᠤᠯᠤᠨ ᠪᠥᠷᠢᠨᠰᠢᠬᠦᠯᠬᠦ ᠬᠡᠷᠡᠭᠲᠡᠶ᠃ ᠪᠦᠬᠦ ᠬᠤᠲᠠ ᠶᠢᠨ ᠰᠤᠷᠭᠠᠨ ᠬᠥᠮᠦᠵᠢᠯ ᠤᠨ ᠲᠥᠬᠦᠭᠡᠷᠦᠮᠵᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠡᠯ᠎ᠡ ᠲᠥᠷᠥᠯ ᠤᠨ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠠᠰᠠᠷ᠂ ᠲᠤᠷᠰᠢᠯᠲᠠ ᠶᠢᠨ ᠲᠠᠰᠤᠭ ᠵᠡᠷᠭᠡ ᠭᠤᠤᠯᠳᠠᠯᠭ᠎ᠠ ᠲᠠᠢ ᠣᠷᠣᠨ ᠪᠠᠶᠢᠷᠢ ᠪᠠ ᠬᠤᠭᠤᠯᠠᠨ ᠬᠡᠷ᠂ ᠪᠠᠶᠢᠷᠢ ᠵᠡᠷᠭᠡ ᠬᠥᠮᠦᠨ ᠬᠠᠷ᠎ᠠ ᠨᠢᠭᠲᠠᠷᠠᠭᠰᠠᠨ ᠲᠠᠯᠠᠪᠤᠷ ᠤᠨ ᠠᠮᠤᠷ ᠲᠦᠪᠰᠢᠨ ᠤ ᠬᠠᠮᠢᠶᠠᠷᠤᠯᠲᠠ ᠶᠢ ᠥᠷᠨᠢᠭᠦᠯᠬᠦ ᠶᠢ ᠵᠢᠯᠣᠭᠤᠳᠤᠨ ᠬᠢᠨᠠᠯᠲᠠ ᠲᠠᠯᠪᠢᠨ᠎ᠠ᠃ ᠰᠤᠷᠭᠠᠭᠤᠯᠢ ᠶᠢᠨ ᠬᠢᠮᠢ᠂ ᠬᠢᠮᠢ ᠶᠢᠨ ᠠᠵᠤ  ᠦᠢᠯᠡᠳᠪᠦᠷᠢ ᠶᠢᠨ ᠲᠤᠷᠰᠢᠯᠲᠠ ᠶᠢᠨ ᠲᠠᠰᠤᠭ ᠤᠨ ᠠᠶᠤᠯᠲᠠᠶ ᠬᠢᠮᠢ ᠶᠢᠨ ᠪᠣᠳᠠᠰ ᠢ ᠬᠡᠷᠡᠭᠯᠡᠬᠦ᠂ ᠬᠠᠳᠠᠭᠠᠯᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠰᠤᠷᠭᠠᠭᠤᠯᠢ ᠶᠢᠨ ᠠᠮᠤᠷ ᠲᠦᠪᠰᠢᠨ ᠤ ᠠᠳᠡᠯ᠂ ᠭᠡᠨᠡᠳᠲᠡ ᠶᠢᠨ ᠴᠢᠨᠠᠷᠲᠠᠶ ᠬᠡᠷᠡᠭ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠨᠢᠭᠡᠳᠦᠯᠲᠡᠶ ᠲᠥᠯᠥᠪᠯᠡᠨ ᠰᠢᠢᠳᠪᠦᠷᠢᠯᠡᠵᠦ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠠᠳᠡᠯ ᠭᠠᠷᠤᠭᠰᠠᠨ ᠨᠢᠭᠡᠴᠡ ᠶᠢᠨ ᠰᠡᠷᠭᠡᠶᠢᠯᠡᠬᠦ ᠪᠠ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠯᠲᠠ ᠬᠢᠨ᠎ᠠ᠃ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ︵ᠰᠢᠨᠵᠢᠯᠡᠭᠡᠨ ᠤ ᠲᠥᠷᠥᠯ ᠵᠢᠴᠢ ᠪᠡᠶ᠎ᠡ ᠶᠢᠨ ᠲᠠᠮᠢᠷ᠂ ᠤᠷᠠᠯᠢᠭ ᠤᠨ ᠰᠢᠨᠵᠢᠯᠡᠭᠡᠨ ᠠᠴᠠ ᠭᠠᠳᠠᠨᠠᠬᠢ ᠪᠤᠰᠤᠳ ᠰᠢᠨᠵᠢᠯᠡᠭᠡᠨ ᠤ ᠲᠥᠷᠥᠯ︶ ᠶᠢᠨ ᠠᠶᠤᠯ ᠥᠬᠡᠶ ᠦᠢᠯᠡᠳᠪᠦᠷᠢᠯᠡᠯ ᠤᠨ ᠠᠵᠢᠯ ᠢ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠲᠦᠷᠦᠭᠦᠯᠡᠨ ᠬᠠᠷᠢᠭᠤᠴᠠᠨ᠎ᠠ᠃    ︵ᠭᠤᠷᠪᠠ︶ ᠬᠤᠳᠠ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠃ ᠲᠠᠷᠢᠶᠠᠯᠠᠩ ᠮᠠᠯ ᠠᠵᠤ ᠠᠬᠤᠶ ᠵᠢᠭᠠᠰᠤᠨ ᠠᠵᠤ ᠠᠬᠤᠶ ᠵᠢᠴᠢ ᠲᠤᠰᠠᠯᠠᠬᠤ ᠴᠢᠨᠠᠷᠲᠠᠶ ᠠᠵᠢᠯᠯᠠᠭ᠎ᠠ ᠪᠣᠯᠤᠨ ᠮᠠᠯ ᠵᠢᠭᠦᠷᠲᠡᠨ ᠢ ᠨᠢᠲᠤᠯᠬᠤ ᠠᠵᠢᠯ ᠲᠥᠷᠥᠯ ᠤᠨ ᠠᠶᠤᠯᠭᠦᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠲᠠᠷᠢᠶᠠᠯᠠᠩ ᠮᠠᠯ ᠠᠵᠤ ᠠᠬᠤᠶ ᠶᠢᠨ ᠮᠠᠰᠢᠨ ᠤ ᠠᠶᠤᠯᠭᠦᠶ ᠦᠢᠯᠡᠳᠪᠦᠷᠢᠯᠡᠯ  ᠲᠤ ᠬᠢᠨᠠᠯᠲᠠ ᠲᠠᠯᠪᠢᠵᠤ ᠬᠠᠮᠢᠶᠠᠷᠤᠨ᠎ᠠ ᠃ ᠲᠠᠷᠢᠶᠠᠨ ᠡᠮ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠲᠠᠷᠢᠶᠠᠯᠠᠬᠤ ᠮᠠᠯᠵᠢᠬᠤ ᠣᠷᠣᠨ ᠤ ᠳᠠᠬᠢᠠ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢᠨ ᠶᠡᠷᠦᠩᠬᠡᠶᠢᠯᠡᠨ ᠨᠡᠭᠡᠭᠡᠬᠦ   ᠶᠢᠨ ᠠᠶᠤᠯᠭᠦᠶ ᠵᠢᠨ‌ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠰᠡᠯᠡᠭᠦᠴᠡᠯ ᠵᠢᠭᠠᠰᠤᠨ ᠠᠵᠤ ᠠᠬᠤᠶ  ᠶᠢᠨ ᠠᠶᠤᠯᠭᠦᠶ ᠦᠢᠯᠡᠳᠪᠦᠷᠢᠯᠡᠯ ᠤᠨ ᠠᠵᠢᠯ ᠢ ᠲᠦᠷᠦᠭᠦᠯᠡᠨ ᠬᠠᠷᠢᠭᠤᠴᠠᠨ᠎ᠠ᠃ ᠲᠠᠷᠢᠶᠠᠴᠢᠳ ᠲᠤ ᠬᠤᠯᠪᠣᠭᠳᠠᠬᠤ ᠲᠠᠷᠢᠶᠠᠴᠢᠳ ᠤᠨ ᠲᠤᠰᠬᠠᠶ ᠠᠵᠢᠯ ᠤᠨ ᠬᠤᠷᠰᠢᠶᠠᠨ ᠤ ᠠᠶᠤᠯᠭᠦᠶ ᠦᠢᠯᠡᠳᠪᠦᠷᠢᠯᠡᠯ ᠤᠨ ᠠᠵᠢᠯ ᠢ ᠵᠢᠯᠣᠭᠤᠳᠬᠤ᠂ ᠪᠠᠶᠢᠴᠠᠭᠠᠬᠤ᠂ ᠰᠢᠪᠠᠳᠠᠬᠤ ᠠᠵᠢᠯ ᠢ ᠬᠠᠷᠢᠭᠤᠴᠠᠨ᠎ᠠ᠃ ᠠᠶᠤᠯᠭᠦᠢ ᠦᠢᠯᠡᠳᠪᠦᠷᠢᠯᠡᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠶᠢ ᠪᠦᠬᠦ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠲᠥᠯᠥᠪᠵᠢᠭᠦᠯᠭᠡ ᠳᠤ ᠣᠷᠣᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠠᠶᠤᠯᠭᠦᠶ ᠦᠢᠯᠡᠳᠪᠦᠷᠢᠯᠡᠯ ᠤᠨ ᠰᠠᠭᠤᠷᠢ ᠰᠤᠳᠤᠯᠭᠠᠨ ᠪᠠ ᠬᠡᠷᠡᠭᠯᠡᠭᠡᠨ ᠤ ᠰᠤᠳᠤᠯᠭᠠᠨ ᠢ ᠵᠣᠬᠢᠶᠠᠨ ᠪᠠᠶᠢᠭᠤᠯᠵᠤ ᠵᠢᠯᠣᠭᠤᠳᠬᠤ ᠠᠵᠢᠯ ᠢ ᠬᠠᠷᠢᠭᠤᠴᠠᠨ᠎ᠠ᠃ ᠬᠤᠯᠪᠣᠭᠳᠠᠯ ᠪᠥᠬᠦᠢ ᠰᠠᠯᠠᠭ᠎ᠠ ᠮᠥᠴᠢᠷ ᠲᠠᠢ ᠬᠠᠮᠲᠤᠷᠠᠨ ᠠᠶᠤᠯᠭᠦᠶ ᠦᠢᠯᠡᠳᠪᠦᠷᠢᠯᠡᠯ ‍ᠦᠨ‌‍ᠬᠦ᠋ᠷᠢᠶᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠤᠷᠮᠠᠰᠢᠭᠤᠯᠬᠤ ᠲᠣᠭᠲᠠᠴᠠ ᠶᠢ ᠪᠠᠶᠢᠭᠤᠯᠤᠨ ᠪᠥᠷᠢᠨᠰᠢᠬᠦᠯᠵᠤ᠂ ᠨᠡᠶᠢᠭᠡᠮ ᠤᠨ ᠬᠦᠴᠦᠨ᠂ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠠᠶᠤᠯᠭᠦᠶ ᠦᠢᠯᠡᠳᠪᠦᠷᠢᠯᠡᠯ  ᠤᠨ ᠰᠤᠳᠤᠯᠤᠨ ᠨᠡᠭᠡᠭᠡᠬᠦ ᠶᠢ ᠵᠣᠷᠢᠭᠵᠢᠭᠤᠯᠤᠨ ᠳᠡᠮᠵᠢᠬᠦ ᠪᠠ ᠬᠥᠲᠥᠯᠥᠨ ᠵᠢᠯᠣᠭᠤᠳᠴᠤ᠂ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢ ᠠᠯᠬᠤᠮ ᠠᠯᠬᠤᠮ ᠢᠶᠠᠷ ᠠᠶᠤᠯᠭᠦᠶ ᠦᠢᠯᠡᠳᠪᠦᠷᠢᠯᠡᠯ  ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠷᠣᠭᠤᠯᠤᠯᠲᠠ ᠪᠣᠯᠤᠨ ᠮᠡᠷᠭᠡᠵᠢᠯ ᠤᠨ ᠪᠠᠲᠤᠯᠠᠭ᠎ᠠ ᠶᠢᠨ ᠭᠤᠣᠯ ᠴᠣᠭᠴᠠ ᠪᠣᠯᠭᠠᠬᠤ ᠶᠢ ᠠᠬᠢᠭᠤᠯᠵᠤ᠂ ᠠᠶᠤᠯᠭᠦᠶ ᠦᠢᠯᠡᠳᠪᠦᠷᠢᠯᠡᠯ  ᠤᠨ ᠰᠢᠨᠵᠢᠯᠡᠬᠦ ᠤᠬᠠᠭᠠᠨ  ᠤ ᠰᠤᠳᠤᠯᠤᠯ ‍ᠤᠨ‌ᠦᠷ᠎ᠡ ᠪᠦᠲᠦᠭᠡᠯ ᠢ ᠬᠤᠪᠢᠷᠠᠭᠤᠯᠤᠨ ᠬᠡᠷᠡᠭᠯᠡᠬᠦ ᠶᠢ ᠲᠥᠯᠬᠢᠨ ᠠᠬᠢᠭᠤᠯᠤᠨ᠎ᠠ᠃    ︵ᠳᠥᠷᠪᠡ︶ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ︵ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︶᠃ ᠪᠦᠬᠦ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠬᠤᠯᠪᠣᠭᠳᠠᠯ ᠪᠦᠬᠦᠢ ᠠᠵᠢᠯ ᠲᠥᠷᠥᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠠᠷᠠᠳ ᠤᠨ ᠬᠡᠷᠡᠭᠯᠡᠭᠡᠨ ᠤ ᠳᠡᠯᠪᠡᠷᠡᠬᠦ ᠡᠳ᠋ ᠪᠣᠳᠠᠰ ᠤᠨ ᠦᠢᠯᠡᠳᠪᠦᠷᠢᠯᠡᠯ᠂ ᠪᠣᠷᠣᠯᠠᠭᠤᠯᠭ᠎ᠠ ᠶᠢᠨ ᠠᠶᠤᠯᠭᠦᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠠᠷᠠᠳ ᠤᠨ ᠬᠡᠷᠡᠭᠯᠡᠭᠡᠨ ᠤ ᠳᠡᠯᠪᠡᠷᠡᠬᠦ ᠡᠳ᠋ ᠪᠣᠳᠠᠰ ᠢ ᠬᠠᠤᠯᠢ ᠪᠤᠰᠤ ᠪᠠᠷ ᠦᠢᠯᠡᠳᠪᠦᠷᠢᠯᠡᠬᠦ᠂ ᠪᠣᠷᠣᠯᠠᠭᠤᠯᠬᠤ ︵ᠬᠠᠳᠠᠭᠠᠯᠠᠬᠤ ᠶᠢ ᠪᠠᠭᠲᠠᠭᠠᠨ᠎ᠠ︶ ᠦᠢᠯᠡ ᠠᠵᠢᠯᠯᠠᠭ᠎ᠠ ᠶᠢ ᠵᠣᠬᠢᠶᠠᠨ ᠪᠠᠶᠢᠭᠤᠯᠤᠨ ᠪᠠᠶᠢᠴᠠᠭᠠᠨ ᠰᠢᠢᠳᠪᠦᠷᠢᠯᠡᠨ᠎ᠡ᠃ ᠢᠳᠡᠰᠢᠨ ᠤ ᠳᠠᠪᠤᠰᠤᠨ ᠤ ᠪᠥᠭᠡᠮ ᠢᠶᠠᠷ ᠬᠤᠳᠠᠯᠳᠤᠬᠤ ᠠᠵᠤ ᠠᠬᠤᠶᠢᠯᠠᠯ ᠤᠨ ᠠᠮᠤᠷ ᠲᠦᠪᠰᠢᠨ ᠤ ᠠᠶᠤᠯᠲᠠᠶ ᠬᠢᠮᠢ ᠶᠢᠨ ᠵᠦᠢᠯ ᠢ ᠦᠢᠯᠡᠳᠪᠦᠷᠢᠯᠡᠬᠦ᠂ ᠬᠠᠳᠠᠭᠠᠯᠠᠬᠤ ᠠᠵᠢᠯ ᠲᠦᠷᠦᠯ ᠤᠨ ᠲᠥᠯᠥᠪᠵᠢᠭᠦᠯᠭᠡ ᠪᠠ ᠪᠠᠶᠢᠷᠢᠯᠠᠭᠤᠯᠤᠯᠲᠠ ᠶᠢ ᠬᠠᠷᠢᠭᠤᠴᠠᠨ᠎ᠠ᠃ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠴᠠᠬᠢᠯᠭᠠᠨ ᠬᠦᠴᠦᠨ ᠤ ᠠᠵᠢᠯ ᠲᠥᠷᠥᠯ ︵ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ ᠪᠠᠭᠲᠠᠨ᠎ᠠ︶ ᠤᠨ  ᠠᠶᠤᠯᠭᠦᠶ ᠦᠢᠯᠡᠳᠪᠦᠷᠢᠯᠡᠯ  ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠥᠷᠭᠡᠨ ᠲᠠᠯᠠᠪᠠᠢ ᠪᠠᠷ ᠴᠠᠬᠢᠯᠭᠠᠨ ᠵᠣᠭᠰᠣᠭᠰᠠᠨ ᠬᠡᠷᠡᠭ ︵ᠠᠳᠡᠯ︶  ᠢ ᠠᠷᠭᠠᠴᠠᠨ  ᠰᠢᠢᠳᠪᠦᠷᠢᠯᠡᠬᠦ ᠶᠢ ᠵᠢᠯᠣᠭᠤᠳᠤᠨ ᠵᠣᠬᠢᠴᠠᠭᠤᠯᠬᠤ ᠪᠠ ᠵᠣᠬᠢᠶᠠᠨ ᠪᠠᠶᠢᠭᠤᠯᠤᠨ ᠬᠠᠮᠢᠶᠠᠷᠬᠤ ᠠᠵᠢᠯ  ᠢ ᠬᠠᠷᠢᠭᠤᠴᠠᠨ᠎ᠠ᠃ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠠᠵᠢᠯ ᠲᠦᠷᠦᠯ ᠤᠨ ᠬᠥᠭᠵᠢᠯᠲᠡ ᠶᠢᠨ ᠲᠥᠯᠥᠪᠵᠢᠭᠦᠯᠭᠡ᠂ ᠲᠦᠷᠦ ᠶᠢᠨ ᠪᠤᠳᠤᠯᠭ᠎ᠠ ᠬᠠᠤᠯᠢ ᠲᠣᠭᠲᠠᠭᠠᠯ᠂ ᠪᠠᠷᠢᠮᠵᠢᠶ᠎ᠠ ᠶᠢᠨ ᠵᠢᠷᠤᠮᠵᠢᠯ ᠪᠠ ᠮᠡᠷᠭᠡᠵᠢᠯ ᠤᠨ ᠥᠭᠡᠷᠡᠴᠢᠯᠡᠯᠲᠡ ᠵᠡᠷᠭᠡ ᠲᠠᠯ᠎ᠠ ᠪᠠᠷ ᠠᠶᠤᠯᠭᠦᠶ ᠦᠢᠯᠡᠳᠪᠦᠷᠢᠯᠡᠯ ᠤᠨ ᠠᠵᠢᠯ ᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠤᠯᠠᠮᠵᠢᠯᠠᠯᠲᠤ ᠠᠵᠤ ᠦᠢᠯᠡᠰ ᠤᠨ ᠮᠡᠷᠭᠡᠵᠢᠯ ᠤᠨ ᠥᠭᠡᠷᠡᠴᠢᠯᠡᠯᠲᠡ ᠶᠢ ᠬᠡᠷᠡᠭᠵᠢᠭᠦᠯᠦᠨ᠂ ᠠᠶᠤᠯᠭᠦᠶ ᠦᠢᠯᠡᠳᠪᠦᠷᠢᠯᠡᠯ ᠤᠨ ᠲᠡᠷᠢᠭᠦᠨ ᠤ ᠭᠠᠷ ᠤᠷᠠᠯᠠᠯ ᠤᠨ ᠮᠡᠷᠭᠡᠵᠢᠯ ᠪᠠ ᠲᠥᠬᠦᠭᠡᠷᠦᠮᠵᠢ ᠶᠢ ᠳᠡᠯᠭᠡᠷᠡᠭᠦᠯᠦᠨ ᠬᠡᠷᠡᠭᠯᠡᠵᠦ ᠂ ᠮᠥᠨ ᠴᠢᠨᠠᠷ ᠤᠨ ᠠᠶᠤᠯᠭᠦᠶ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠦᠨ᠎ᠡ ᠬᠠᠶᠠᠨ ᠬᠤᠳᠠᠯᠳᠤᠬᠤ᠂ ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠭᠦᠢᠯᠭᠡᠭᠡ᠂ ᠬᠠᠭᠤᠴᠢᠨ ᠪᠠᠷᠠᠭᠠᠨ ᠤ ᠭᠦᠢᠯᠭᠡᠭᠡ᠂ ᠮᠠᠰᠢᠨ ᠲᠡᠷᠭᠡᠨ ᠤ ᠭᠦᠢᠯᠭᠡᠭᠡ ᠪᠠ ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠬᠤ ᠵᠡᠷᠭᠡ ᠠᠵᠢᠯ ᠲᠥᠷᠥᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠬᠤᠳᠠᠯᠳᠤᠭ᠎ᠠ ᠠᠷᠠᠯᠵᠢᠶ᠎ᠠ ᠶᠢᠨ ᠦᠢᠯᠡᠴᠢᠯᠡᠭᠡᠨ ᠤ ᠦᠢᠯᠡᠰ ︵ᠢᠳᠡᠭᠡᠨ ᠤᠮᠳᠠᠭᠠᠨ ᠤ ᠦᠢᠯᠡᠰ᠂ ᠬᠤᠨᠤᠭ ᠤᠨ ᠦᠢᠯᠡᠰ ᠪᠠᠭᠲᠠᠨ᠎ᠠ︶᠂ ᠲᠣᠮᠣ ᠬᠡᠯᠪᠡᠷᠢ ᠶᠢᠨ ᠬᠤᠳᠠᠯᠳᠤᠭ᠎ᠠ ᠠᠷᠠᠯᠵᠢᠶ᠎ᠠ ᠶᠢᠨ ︵ᠬᠠᠮ ᠦᠵᠡᠰᠬᠦᠯᠡᠩ︶ ᠶᠢᠨ ᠠᠵᠢᠯᠯᠠᠭᠠᠨ ᠤ ᠲᠠᠯᠠᠪᠤᠷ ᠭᠠᠵᠠᠷ ︵ᠬᠤᠳᠠᠯᠳᠤᠭᠠᠨ ᠤ ᠲᠠᠯᠠᠪᠤᠷ᠂ ᠬᠡᠲᠦ ᠳᠡᠯᠭᠡᠭᠦᠷ᠂ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ︶ ᠤᠨ ᠠᠶᠤᠯ ᠥᠬᠡᠶ ᠦᠢᠯᠡᠳᠪᠦᠷᠢᠯᠡᠯ ᠤᠨ ᠠᠵᠢᠯ ᠢ ᠵᠢᠯᠣᠭᠤᠳᠬᠤ᠂ ᠪᠠᠶᠢᠴᠠᠭᠠᠬᠤ᠂ ᠰᠢᠮᠳᠠᠭᠤᠯᠬᠤ ᠶᠢ ᠬᠠᠷᠢᠭᠤᠴᠠᠨ᠎ᠠ᠃ ᠬᠤᠳᠠᠯᠳᠤᠭ᠎ᠠ ᠠᠷᠠᠯᠵᠢᠶ᠎ᠠ ᠶᠢᠨ ᠪᠠᠷᠠᠭᠠᠨ ᠤ  ᠭᠦᠢᠯᠭᠡᠭᠡᠨ ᠤ ᠬᠦᠷᠢᠶᠡᠯᠡᠩ ᠲᠣᠭᠤᠷᠢᠭ ᠂ ᠬᠢᠯᠢ ︵ᠬᠢᠯᠢ ᠠᠯᠤᠰᠯᠠᠭᠰᠠᠨ︶ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠣᠷᠣᠨ ᠵᠡᠷᠭᠡ ᠠᠶᠤᠯ ᠥᠬᠡᠶ ᠦᠢᠯᠡᠳᠪᠦᠷᠢᠯᠡᠯ ᠤᠨ ᠠᠵᠢᠯ ᠢ ᠵᠢᠯᠣᠭᠤᠳᠬᠤ᠂ ᠪᠠᠶᠢᠴᠠᠭᠠᠬᠤ᠂ ᠰᠢᠮᠳᠠᠭᠤᠯᠬᠤ ᠶᠢ ᠬᠠᠷᠢᠭᠤᠴᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠭᠠᠳᠠᠭᠠᠳᠤ ᠳᠤ ᠪᠡᠯᠡ ᠣᠷᠣᠭᠤᠯᠵᠤ ᠬᠤᠷᠰᠢᠭᠰᠠᠨ ᠠᠵᠤ ᠠᠬᠤᠶᠢᠯᠠᠯ ᠤᠨ ᠬᠢᠯᠢ ᠶᠢᠨ ᠳᠣᠲᠣᠷᠠᠬᠢ ᠪᠡᠶᠡᠴᠢ ᠴᠣᠭᠴᠠ ᠶᠢᠨ ᠬᠢᠯᠢ ᠶᠢᠨ ᠭᠠᠳᠠᠨᠠᠬᠢ ᠪᠡᠯᠡ ᠣᠷᠣᠭᠤᠯᠵᠤ ᠬᠤᠷᠰᠢᠭᠰᠠᠨ ᠵᠦᠢᠯᠡᠰ ᠤᠨ ᠠᠶᠤᠯᠭᠦᠶ ᠦᠢᠯᠡᠳᠪᠦᠷᠢᠯᠡᠯ ᠤᠨ ᠠᠵᠢᠯ ᠢ ᠴᠢᠩᠭᠠᠳᠬᠠᠬᠤ ᠶᠢ ᠵᠢᠯᠣᠭᠤᠳᠴᠤ᠂ ᠪᠠᠶᠢᠴᠠᠭᠠᠵᠤ᠂ ᠰᠢᠪᠠᠳᠠᠨ᠎ᠠ᠃    ︵ᠲᠠᠪᠤ︶ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠃ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ  ᠢ ᠬᠠᠷᠢᠭᠤᠴᠠᠨ᠎ᠠ ᠃ ᠵᠠᠮ ᠬᠠᠷᠢᠯᠴᠠᠭᠠᠨ ᠤ ᠭᠡᠨᠡᠳᠡᠯ ᠢ ᠤᠷᠢᠳᠴᠢᠯᠠᠨ ᠰᠡᠷᠭᠡᠶᠢᠯᠡᠬᠦ ᠪᠠ ᠰᠢᠢᠳᠪᠦᠷᠢᠯᠡᠬᠦ ᠠᠵᠢᠯ᠂ ᠵᠠᠮ ᠬᠠᠷᠢᠯᠴᠠᠭᠠᠨ ᠤ ᠡᠮᠬᠢ ᠵᠢᠷᠤᠮ ᠢ ᠬᠠᠮᠠᠭᠠᠯᠠᠬᠤ ᠵᠢᠴᠢ ᠮᠠᠰᠢᠨᠲᠤ ᠲᠡᠷᠭᠡ᠂ ᠵᠢᠯᠣᠭᠤᠴᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ︔ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠶᠢ ᠵᠣᠬᠢᠶᠠᠨ ᠪᠠᠶᠢᠭᠤᠯᠵᠤ᠂ ᠵᠢᠭᠠᠨ ᠵᠢᠯᠤᠭᠤᠳᠨ᠎ᠠ᠃ ᠵᠠᠮ ᠬᠠᠷᠢᠯᠴᠠᠭᠠᠨ ᠤ ᠭᠡᠨᠡᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠬᠠᠷᠢᠭᠤᠴᠠᠵᠤ᠂ ᠵᠠᠮ ᠬᠠᠷᠢᠯᠴᠠᠭᠠᠨ ᠤ ᠭᠡᠨᠡᠳᠡᠯ ᠢ ᠰᠢᠢᠳᠪᠦᠷᠢᠯᠡᠬᠦ᠂ ᠵᠠᠮ ᠬᠠᠷᠢᠯᠴᠠᠭᠠᠨ ᠤ ᠠᠮᠤᠷ ᠲᠦᠪᠰᠢᠨ᠂ ᠵᠠᠮ ᠬᠠᠷᠢᠯᠴᠠᠭᠠᠨ ᠤ ᠡᠮᠬᠢ ᠵᠢᠷᠤᠮ᠂ ᠵᠠᠰᠠᠮᠠᠯ ᠵᠠᠮ ᠤᠨ ᠠᠮᠤᠷ ᠲᠦᠪᠰᠢᠨ ᠤ ᠡᠮᠬᠢ ᠵᠢᠷᠤᠮ ᠢ ᠬᠠᠮᠠᠭᠠᠯᠠᠨ᠎ᠠ︔ ᠬᠠᠤᠯᠢ ᠪᠤᠰᠤ ᠪᠠᠷ ᠲᠡᠷᠭᠡ ᠬᠥᠰᠬᠡ ᠶᠢ ᠥᠭᠡᠷᠡᠴᠢᠯᠡᠨ ᠤᠭᠰᠠᠷᠠᠬᠤ ᠵᠡᠷᠭᠡ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠣᠬᠢᠯᠲᠠ ᠦᠭᠬᠦ ᠶᠢ ᠬᠠᠷᠢᠭᠤᠴᠠᠨ᠎ᠠ︔ ᠲᠠᠷᠢᠶᠠᠯᠠᠩ ᠤᠨ ᠮᠠᠰᠢᠨ ᠤ ᠨᠣᠮᠧᠷ ᠤᠨ ᠫᠠᠶᠢᠰᠠ ᠶᠢ ᠡᠯᠭᠦᠭᠰᠡᠨ ᠮᠠᠰᠢᠨ ᠲᠡᠷᠭᠡᠨ ᠤ ᠵᠠᠮ ᠤᠨ ᠭᠠᠳᠠᠷᠭᠤ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ︔ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠢ ᠥᠷᠨᠢᠭᠦᠯᠦᠨ᠎ᠡ᠃ ᠰᠤᠷᠭᠠᠭᠤᠯᠢ ᠶᠢᠨ ᠲᠡᠷᠭᠡ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ᠃ ᠠᠷᠠᠳ ᠤᠨ ᠬᠡᠷᠡᠭᠯᠡᠭᠡᠨ ᠤ ᠳᠡᠯᠪᠡᠷᠡᠬᠦ ᠡᠳ᠋ ᠪᠣᠳᠠᠰ ᠪᠠ ᠬᠦᠦᠠᠷ ᠫᠤᠤᠵᠢᠩ ᠤᠨ ᠤᠯᠠᠨ ᠨᠡᠶᠢᠲᠡ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠠᠷᠠᠳ ᠤᠨ ᠬᠡᠷᠡᠭᠯᠡᠭᠡᠨ ᠤ ᠳᠡᠯᠪᠡᠷᠡᠬᠦ ᠡᠳ᠋ ᠪᠣᠳᠠᠰ ᠢ ᠬᠤᠳᠠᠯᠳᠤᠨ ᠠᠪᠬᠤ᠂ ᠲᠡᠭᠡᠭᠡᠪᠦᠷᠢᠯᠡᠬᠦ᠂ ᠳᠡᠯᠪᠡᠴᠢᠬᠦ ᠠᠵᠢᠯ ᠵᠢᠴᠢ ᠬᠦᠦᠠᠷ ᠫᠤᠤᠵᠢᠩ ᠤᠨ ᠵᠠᠮ ᠢᠶᠠᠷ ᠲᠡᠭᠡᠭᠡᠪᠦᠷᠢᠯᠡᠬᠦ᠂ ᠰᠢᠲᠠᠭᠠᠬᠤ ᠵᠠᠩᠭᠢᠯᠠᠭ᠎ᠠ ᠳᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠵᠦ᠂ ᠠᠷᠠᠳ ᠤᠨ ᠬᠡᠷᠡᠭᠯᠡᠭᠡᠨ ᠤ ᠳᠡᠯᠪᠡᠷᠡᠬᠦ ᠡᠳ᠋ ᠪᠣᠳᠠᠰ ᠤᠨ ᠭᠦᠢᠯᠭᠡᠭᠡᠨ ᠤ ᠬᠠᠨᠳᠤᠰᠢ ᠶᠢ ᠬᠢᠨᠠᠨ ᠡᠵᠡᠮᠳᠡᠨ᠎ᠡ ︔ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠠᠷᠠᠳ ᠤᠨ ᠬᠡᠷᠡᠭᠯᠡᠭᠡᠨ ᠤ ᠳᠡᠯᠪᠡᠷᠡᠬᠦ ᠡᠳ᠋ ᠪᠣᠳᠠᠰ ᠢ ᠬᠠᠤᠯᠢ ᠪᠤᠰᠤ ᠪᠠᠷ ᠬᠤᠳᠠᠯᠳᠤᠨ ᠠᠪᠬᠤ᠂ ᠲᠡᠭᠡᠭᠡᠪᠦᠷᠢᠯᠡᠬᠦ᠂ ᠰᠢᠤᠳᠠᠨ ᠢᠶᠠᠷ ᠢᠯᠡᠭᠡᠬᠦ᠂ ᠬᠡᠷᠡᠭᠯᠡᠬᠦ ︵ᠬᠠᠳᠠᠭᠠᠯᠠᠬᠤ ᠪᠠᠭᠲᠠᠨ᠎ᠠ︶  ᠦᠢᠯᠡ ᠠᠵᠢᠯᠯᠠᠭ᠎ᠠ ᠪᠠ ᠬᠦᠦᠠᠷ ᠫᠤᠤᠵᠢᠩ ᠬᠠᠤᠯᠢ ᠪᠤᠰᠤ ᠪᠠᠷ ᠦᠢᠯᠡᠳᠪᠦᠷᠢᠯᠡᠬᠦ᠂ ᠡᠵᠡᠩᠨᠡᠬᠦ᠂ ᠬᠠᠳᠠᠭᠠᠯᠠᠬᠤ᠂ ᠲᠡᠭᠡᠭᠡᠪᠦᠷᠢᠯᠡᠬᠦ᠂ ᠰᠢᠤᠳᠠᠨ ᠢᠶᠠᠷ ᠢᠯᠡᠭᠡᠬᠦ᠂ ᠬᠦᠦᠠᠷ ᠫᠤᠤᠵᠢᠩ ᠲᠠᠯᠪᠢᠬᠤ  ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ ᠠᠶᠤᠯᠲᠠᠶ ᠬᠢᠮᠢ ᠶᠢᠨ ᠵᠦᠢᠯ ᠤᠨ ᠤᠯᠠᠨ ᠨᠡᠶᠢᠲᠡ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠬᠠᠷᠢᠭᠤᠴᠠᠵᠤ᠂ ᠠᠶᠤᠯᠲᠠᠶ ᠬᠢᠮᠢ ᠶᠢᠨ ᠵᠦᠢᠯ ᠢ ᠲᠡᠭᠡᠭᠡᠪᠦᠷᠢᠯᠡᠬᠦ ᠲᠡᠷᠭᠡ ᠬᠥᠰᠬᠡ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢ ᠬᠠᠷᠢᠭᠤᠴᠠᠵᠤ᠂ ᠲᠤᠬᠰᠢᠨ ᠬᠤᠣᠷᠲᠠᠢ ᠬᠢᠮᠢ ᠶᠢᠨ ᠵᠦᠢᠯ᠂ ᠳᠡᠯᠪᠡᠷᠡᠬᠦ ᠳᠤ ᠠᠮᠠᠷᠬᠠᠨ᠂ ᠬᠤᠣᠷᠲᠤ ᠡᠳ᠋ ᠦᠢᠯᠡᠳᠬᠦ ᠳᠤ ᠠᠮᠠᠷᠬᠠᠨ ᠬᠢᠮᠢ ᠶᠢᠨ ᠵᠦᠢᠯ ᠤᠨ ᠭᠦᠢᠯᠭᠡᠭᠡᠨ ᠤ ᠬᠠᠨᠳᠤᠰᠢ ᠶᠢ ᠬᠢᠨᠠᠨ ᠡᠵᠡᠮᠳᠡᠨ᠎ᠡ︔ ᠲᠤᠬᠰᠢᠨ ᠬᠤᠣᠷᠲᠠᠢ ᠬᠢᠮᠢ ᠶᠢᠨ ᠵᠦᠢᠯ᠂ ᠳᠡᠯᠪᠡᠷᠡᠬᠦ ᠳᠤ ᠬᠢᠯᠪᠠᠷ᠂ ᠬᠤᠣᠷᠲᠤ ᠡᠳ᠋ ᠦᠢᠯᠡᠳᠬᠦ ᠳᠤ ᠬᠢᠯᠪᠡᠷ ᠠᠶᠤᠯᠲᠠᠶ ᠬᠢᠮᠢ ᠶᠢᠨ ᠵᠦᠢᠯ ᠢ ᠬᠤᠳᠠᠯᠳᠤᠭᠠᠯᠠᠬᠤ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ ᠣᠯᠠᠨ ᠲᠦᠮᠡᠨᠴᠢ ᠴᠢᠨᠠᠷᠲᠠᠶ ᠲᠣᠮᠣ ᠬᠡᠯᠪᠡᠷᠢ ᠶᠢᠨ ᠠᠵᠢᠯᠯᠠᠭ᠎ᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠬᠠᠷᠢᠭᠤᠴᠠᠨ᠎ᠠ᠃ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠶᠢᠨ ᠡᠳᠦᠷ ᠲᠤᠲᠤᠮ ᠤᠨ ᠭᠠᠯ ᠤᠨᠲᠠᠷᠠᠭᠠᠬᠤ ᠠᠵᠢᠯ ᠤᠨ ᠬᠢᠨᠠᠯᠲᠠ ᠪᠠᠶᠢᠴᠠᠭᠠᠯᠲᠠ ᠶᠢ ᠬᠠᠤᠯᠢ ᠶᠣᠰᠣᠭᠠᠷ ᠥᠷᠨᠢᠭᠦᠯᠬᠦ ᠶᠢ ᠵᠢᠯᠣᠭᠤᠳᠤᠨ ᠬᠢᠨᠠᠯᠲᠠ ᠲᠠᠯᠪᠢᠨ᠎ᠠ᠃ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ︽ᠳᠣᠤᠷ᠎ᠠ ᠤᠳᠠᠭᠠᠨ ᠪᠠᠭ᠎ᠠ︾ ᠠᠭᠠᠷ ᠤᠨ ᠨᠢᠰᠦᠭᠦᠷ ᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠨᠢᠰᠦᠯᠲᠡ ᠶᠢᠨ ᠠᠵᠢᠯᠯᠠᠭ᠎ᠠ ᠳᠤ ᠴᠣᠬᠢᠯᠲᠠ ᠥᠭᠴᠦ ᠪᠠᠶᠢᠴᠠᠭᠠᠨ‌‍ᠰᠢᠢᠳᠪᠦᠷᠢᠯᠡᠬᠦ ᠶᠢ ᠬᠠᠷᠢᠭᠤᠴᠠᠨ᠎ᠠ᠃ ᠬᠤᠯᠪᠣᠭᠳᠠᠯ ᠪᠦᠬᠦᠢ ᠡ᠊ᠨᠳᠡᠯ ᠢ ᠪᠠᠶᠢᠴᠠᠭᠠᠨ ᠰᠢᠢᠳᠪᠦᠷᠢᠯᠡᠬᠦ ᠠᠵᠢᠯ ᠢ ᠬᠠᠤᠯᠢ ᠶᠣᠰᠣᠭᠠᠷ ᠵᠣᠬᠢᠶᠠᠨ ᠪᠠᠶᠢᠭᠤᠯᠬᠤ ᠪᠤᠶᠤ ᠲᠡᠭᠦᠨ ᠳᠤ ᠣᠷᠣᠯᠴᠠᠵᠤ᠂ ᠡ᠊ᠨᠳᠡᠯ ᠤᠨ ᠲᠤᠬᠠᠶ ᠶᠢᠨ ᠲᠠᠯᠠᠪᠤᠷ ᠲᠤ ᠠᠩᠬ᠎ᠠ ᠠᠯᠬᠤᠮ ᠤᠨ ᠬᠠᠶᠢᠨ ᠰᠢᠯᠭᠠᠯᠲᠠ ᠬᠢᠬᠦ ᠶᠢ ᠬᠠᠷᠢᠭᠤᠴᠠᠵᠤ᠂ ᠡᠷᠡᠭᠦᠦ ᠶᠢᠨ ᠬᠡᠷᠡᠭ ᠢ ᠠᠷᠢᠯᠭᠠᠵᠤ᠂ ᠠᠵᠤ ᠠᠬᠤᠶᠢᠯᠠᠯ ᠤᠨ ᠬᠤᠯᠪᠣᠭᠳᠠᠯ ᠪᠦᠬᠦᠢ ᠬᠠᠷᠢᠭᠤᠴᠠᠯᠭ᠎ᠠ ᠲᠠᠢ ᠬᠥᠮᠦᠰ ᠤᠨ ᠡᠷᠡᠭᠦᠦ ᠶᠢᠨ ᠬᠠᠤᠯᠢ ᠳᠤ ᠬᠠᠯᠳᠠᠭᠰᠠᠨ ᠡᠰᠡᠬᠦ ᠶᠢ ᠪᠠᠶᠢᠴᠠᠭᠠᠨ᠎ᠠ︔ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠠᠳᠡᠯ ᠭᠠᠷᠤᠭᠰᠠᠨ ᠨᠢᠭᠡᠴᠡ ᠶᠢᠨ ᠰᠡᠷᠭᠡᠶᠢᠯᠡᠬᠦ ᠪᠠ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠢᠨᠠᠨ ᠪᠠᠶᠢᠴᠠᠭᠠᠨ᠎ᠠ︔ ᠠᠶᠤᠯᠭᠦᠶ ᠦᠢᠯᠡᠳᠪᠦᠷᠢᠯᠡᠯ ᠳᠤ ᠬᠤᠯᠪᠣᠭᠳᠠᠭᠰᠠᠨ ᠠᠮᠤᠷ ᠢ ᠬᠠᠮᠠᠭᠠᠯᠠᠬᠤ᠂ ᠡᠷᠡᠭᠦᠦ ᠶᠢᠨ ᠬᠡᠷᠡᠭ ᠢ ᠬᠠᠤᠯᠢ ᠶᠣᠰᠣᠭᠠᠷ ᠪᠠᠶᠢᠴᠠᠭᠠᠨ  ᠰᠢᠢᠳᠪᠦᠷᠢᠯᠡᠨ᠎ᠡ᠃    ︵ᠵᠢᠷᠭᠤᠭ᠎ᠠ︶ ᠬᠤᠳᠠ ᠶᠢᠨ ᠠᠷᠠᠳ ᠤᠨ ᠤᠯᠤᠰ ᠲᠦᠷᠦ ᠶᠢᠨ ᠲᠣᠪᠴᠢᠶ᠎ᠠ᠃ ᠠᠷᠠᠳ ‍ᠤᠨ‌‍ᠶᠠᠪᠤᠳᠠᠯ  ᠤᠨ   ᠰᠢᠰᠲ᠋ᠧᠮ ‍ᠦᠨ‌ᠠᠶᠤᠯ ᠥᠬᠡᠶ ᠶᠢᠨ ᠬᠢᠨᠠᠯᠲᠠ ᠬᠠᠮᠢᠶᠠᠷᠤᠯᠲᠠ ᠶᠢ ᠣᠷᠤᠭ ᠤᠨ ᠳᠡᠩᠰᠡᠯᠡᠯᠲᠡ ᠶᠢᠨ ᠪᠠᠶᠢᠭᠤᠯᠤᠮᠵᠢ᠂ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ᠂ ᠨᠠᠰᠤᠨ ᠳᠤ ᠥᠯᠥ ᠭᠦᠷᠦᠭᠰᠡᠳ ᠢ ᠲᠡᠩᠬᠡᠷᠡᠭᠦᠯᠦᠨ ᠲᠤᠰᠠᠯᠠᠵᠤ ᠬᠠᠮᠠᠭᠠᠯᠠᠬᠤ ᠪᠠᠶᠢᠭᠤᠯᠤᠮᠵᠢ᠂ ᠲᠡᠨᠦᠭᠦᠴᠢᠯᠡᠨ ᠭᠤᠶᠢᠷᠠᠨᠴᠢᠯᠠᠭᠴᠢᠳ ᠢ ᠲᠡᠩᠬᠡᠷᠡᠭᠦᠯᠦᠨ ᠲᠤᠰᠠᠯᠠᠵᠤ ᠬᠠᠮᠢᠶᠠᠷᠬᠤ ᠪᠠᠶᠢᠭᠤᠯᠤᠮᠵᠢ᠂ ᠣᠷᠣᠰᠢᠭᠤᠯᠭ᠎ᠠ ᠶᠢᠨ ᠦᠢᠯᠡᠴᠢᠯᠡᠭᠡᠨ ᠤ ᠪᠠᠶᠢᠭᠤᠯᠤᠮᠵᠢ ᠪᠣᠯᠤᠨ ᠬᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠢ ᠠᠰᠠᠷᠠᠬᠤ ᠦᠢᠯᠡᠴᠢᠯᠡᠭᠡᠨ ᠤ ᠲᠥᠪ ︵ᠥᠷᠲᠡᠭᠡ ︶ ᠵᠡᠷᠭᠡ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠬᠥᠯᠥᠨ ᠪᠤᠶᠢᠷ ᠤᠨ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢ ᠬᠠᠮᠵᠢᠨ ᠠᠰᠠᠷᠠᠮᠵᠢ ᠶᠢᠨ ᠱᠠᠩᠨᠠᠯᠲᠤ ᠰᠤᠭᠤᠯᠤᠭ᠎ᠠ ᠶᠢᠨ ᠪᠣᠷᠣᠯᠠᠭᠤᠯᠭ᠎ᠠ ᠶᠢᠨ ᠰᠢᠰᠲ᠋ᠧᠮ ᠤᠨ ᠠᠶᠤᠯ ᠥᠬᠡᠶ ᠦᠢᠯᠡᠳᠪᠦᠷᠢᠯᠡᠯ ᠤᠨ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃    ︵ᠲᠤᠯᠤᠭ᠎ᠠ︶ ᠬᠤᠳᠠ ᠶᠢᠨ ᠬᠠᠤᠯᠢ ᠴᠠᠭᠠᠵᠠ ᠶᠢᠨ ᠲᠣᠪᠴᠢᠶ᠎ᠠ᠃ ᠠᠶᠤᠯ ᠥᠬᠡᠶ ᠦᠢᠯᠡᠳᠪᠦᠷᠢᠯᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠠᠷᠠᠳ ᠢᠷᠭᠡᠳ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠴᠢᠬᠤᠯᠠ ᠠᠭᠤᠯᠭ᠎ᠠ ᠳᠤ ᠣᠷᠣᠭᠤᠯᠬᠤ ᠶᠢ ᠬᠠᠷᠢᠭᠤᠴᠠᠵᠤ᠂ ︽ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ︾ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠬᠤ ᠶᠢ ᠵᠣᠬᠢᠴᠠᠭᠤᠯᠤᠨ ᠠᠬᠢᠭᠤᠯᠵᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠬᠠᠷᠢᠭᠤᠴᠠᠯᠭᠠᠲᠤ ᠨᠢᠭᠡᠴᠡ ᠶᠢ ᠰᠢᠮᠳᠠᠭᠤᠯᠵᠤ ᠪᠠᠶᠢᠭᠠᠳ ᠠᠶᠤᠯ ᠥᠬᠡᠶ ᠦᠢᠯᠡᠳᠪᠦᠷᠢᠯᠡᠯ ᠤᠨ ᠬᠤᠯᠪᠣᠭᠳᠠᠯ ᠪᠥᠬᠦᠶ ᠠᠶᠤᠯ ᠥᠬᠡᠶ ᠦᠢᠯᠡᠳᠪᠦᠷᠢᠯᠡᠯ ᠤᠨ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠬᠡᠷᠡᠭ ᠪᠠ ᠳᠠᠬᠢᠨ ᠵᠥᠪᠯᠡᠭᠰᠡᠨ ᠤ ᠳᠠᠷᠠᠭ᠎ᠠ ᠵᠠᠷᠭᠤ ᠬᠦᠯᠢᠶᠡᠬᠦ ᠬᠡᠷᠡᠭ ᠢ ᠳᠠᠭᠠᠭᠠᠨ ᠭᠦᠢᠴᠡᠳᠭᠡᠨ᠎ᠡ᠃    ︵ᠨᠠᠢᠮᠠ︶ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ︵ᠬᠤᠲᠠ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ︶᠃ ᠠᠶᠤᠯ ᠥᠭᠡᠢ ᠦᠢᠯᠡᠳᠪᠦᠷᠢᠯᠡᠯ ‍ᠤᠨ‌ᠠᠵᠢᠯ  ᠤᠨ  ᠡᠳ᠋ ᠤᠨ ᠵᠠᠰᠠᠭ  ‍ᠤᠨ‌‍ᠲ᠋ᠥ᠋ᠷᠥ ᠶᠢᠨ ᠪᠤᠳᠤᠯᠭ᠎ᠠ ᠶᠢ ᠪᠥᠷᠢᠨᠰᠢᠬᠦᠯᠥᠨ ᠨᠠᠶᠢᠳᠠᠪᠤᠷᠢᠵᠢᠭᠤᠯᠵᠤ᠂ ᠠᠶᠤᠯ ᠥᠭᠡᠢ ᠦᠢᠯᠡᠳᠪᠦᠷᠢᠯᠡᠯ  ᠤᠨ ᠣᠷᠣᠭᠤᠯᠤᠯᠲᠠ ᠶᠢᠨ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠦᠨ᠂ ᠠᠶᠤᠯ ᠥᠭᠡᠢ ᠦᠢᠯᠡᠳᠪᠦᠷᠢᠯᠡᠯ  ᠤᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ᠂ ᠬᠦᠨᠳᠦ ᠶᠡᠭᠡ ᠠᠶᠤᠯ ᠥᠭᠡᠢ ᠶᠢᠨ ᠲᠠᠯᠳᠠ ᠭᠡᠮ  ᠢ ᠵᠠᠰᠠᠬᠤ ᠪᠠ ᠬᠢᠨᠠᠨ ᠬᠠᠮᠢᠶᠠᠷᠬᠤ ᠴᠢᠳᠠᠪᠤᠷᠢ ᠶᠢᠨ ᠪᠠᠶᠢᠭᠤᠯᠤᠯᠲᠠ ᠶᠢ ᠳᠡᠮᠵᠢᠬᠦ ᠪᠠᠨ ᠴᠢᠩᠭᠠᠳᠬᠠᠨ᠎ᠠ᠃ ᠬᠤᠲᠠ ᠶᠢᠨ ᠬᠤᠯᠪᠣᠭᠳᠠᠯ ᠪᠥᠬᠦᠢ ᠰᠠᠯᠠᠭ᠎ᠠ ᠮᠥᠴᠢᠷ ᠤᠨ ᠠᠶᠤᠯ ᠥᠭᠡᠢ ᠦᠢᠯᠡᠳᠪᠦᠷᠢᠯᠡᠯ ᠲᠤ ᠬᠡᠷᠡᠭᠰᠡᠬᠦ ᠠᠵᠢᠯ  ᠤᠨ ᠵᠠᠷᠤᠳᠠᠯ ᠢ ᠲᠣᠬᠢᠷᠠᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠬᠤ ᠶᠢᠨ ᠬᠠᠮᠲᠤ ᠵᠠᠷᠤᠳᠠᠯ ᠤᠨ ᠬᠡᠷᠡᠭᠯᠡᠯᠲᠡ  ᠲᠤ ᠬᠢᠨᠠᠯᠲᠠ ᠲᠠᠯᠪᠢᠨ᠎ᠠ᠃ ᠠᠶᠤᠯ ᠥᠭᠡᠢ ᠦᠢᠯᠡᠳᠪᠦᠷᠢᠯᠡᠯ  ᠤᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠵᠠᠷᠤᠳᠠᠯ ᠢ ᠪᠠᠲᠤᠯᠠᠬᠤ ᠲᠣᠭᠲᠠᠴᠠ ᠶᠢ ᠪᠥᠷᠢᠨᠰᠢᠬᠦᠯᠵᠤ᠂ ᠠᠶᠤᠯ ᠥᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠵᠠᠷᠤᠳᠠᠯ ᠢ ᠠᠳᠠᠯᠢ ᠱᠠᠲᠤᠨ ᠤ  ᠡᠳ᠋  ᠤᠨ ᠵᠠᠰᠠᠭ ‍ᠤᠨ‌‍ᠪᠠᠲᠤᠯᠠᠭ᠎ᠠ ᠶᠢᠨ ᠬᠡᠪᠴᠢᠶᠡᠨ ᠲᠤ ᠣᠷᠣᠭᠤᠯᠤᠨ᠎ᠠ᠃ ᠤᠯᠤᠰ ᠤᠨ ᠥᠮᠴᠢᠯᠡᠯᠳᠤ  ᠡᠳ᠋ ᠬᠥᠷᠥᠩᠭᠡ ᠶᠢᠨ ᠪᠡᠯᠡ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠶᠢᠨ ᠶᠣᠰᠣᠭᠠᠷ᠂ ᠪᠡᠯᠡ ᠭᠠᠷᠭᠠᠬᠤ ᠶᠢ ᠬᠢᠨᠠᠨ ᠬᠠᠮᠢᠶᠠᠷᠬᠤ ᠠᠵᠤ ᠠᠬᠤᠶᠢᠯᠠᠯ ᠤᠨ ᠠᠶᠤᠯ ᠥᠭᠡᠢ ᠦᠢᠯᠡᠳᠪᠦᠷᠢᠯᠡᠯ ᠤᠨ ᠬᠠᠮᠢᠶᠠᠷᠤᠯᠲᠠ ᠪᠠᠨ ᠴᠢᠩᠭᠠᠳᠬᠠᠬᠤ ᠶᠢ ᠬᠠᠷᠢᠭᠤᠴᠠᠨ ᠪᠠᠶᠢᠴᠠᠭᠠᠬᠤ ᠪᠠ ᠰᠢᠮᠳᠠᠭᠤᠯᠵᠤ᠂ ᠠᠶᠤᠯ ᠥᠭᠡᠢ ᠦᠢᠯᠡᠳᠪᠦᠷᠢᠯᠡᠯ ‍ᠤᠨ‌ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠠᠶᠤᠯ ᠥᠬᠡᠶ ᠦᠢᠯᠡᠳᠪᠦᠷᠢᠯᠡᠯ ᠢ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠠᠵᠢᠯ ᠤᠨ ᠠᠮᠵᠢᠯᠲᠠ ᠶᠢ ᠰᠢᠯᠭᠠᠨ ᠬᠢᠨᠠᠬᠤ ᠳᠤ ᠣᠷᠣᠭᠤᠯᠬᠤ ᠶᠢ ᠬᠠᠷᠢᠭᠤᠴᠠᠨ᠎ᠠ᠃    ︵ᠶᠢᠰᠦ︶ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠃ ᠮᠡᠷᠭᠡᠵᠢᠯ ᠤᠨ ᠠᠵᠢᠯᠴᠢᠨ ᠤ ᠳᠡᠭᠡᠳᠦ ᠰᠤᠷᠭᠠᠭᠤᠯᠢ᠂ ᠠᠷᠠᠳ ᠠᠴᠠ ᠡᠷᠭᠢᠯᠡᠭᠰᠡᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ ᠳᠡᠭᠡᠳᠦ ᠰᠤᠷᠭᠠᠭᠤᠯᠢ ︵ᠪᠠᠶᠢᠭᠤᠯᠤᠮᠵᠢ︶ ᠵᠡᠷᠭᠡ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠴᠢᠳᠠᠪᠤᠷᠢᠲᠠᠨ ᠤ ᠵᠠᠬ᠎ᠠ ᠳᠡᠯᠭᠡᠭᠦᠷ ᠪᠠ ᠬᠥᠳᠡᠯᠮᠦᠷᠢ ᠬᠦᠴᠦᠨ ᠤ ᠵᠠᠬ᠎ᠠ ᠳᠡᠯᠭᠡᠭᠦᠷ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠠᠶᠤᠯ ᠥᠭᠡᠢ ᠦᠢᠯᠡᠳᠪᠦᠷᠢᠯᠡᠯ᠂ ᠠᠵᠢᠯ ᠠᠴᠠ ᠪᠣᠯᠤᠭᠰᠠᠨ ᠭᠡᠮᠲᠦᠯ ᠢ ᠰᠡᠷᠭᠡᠶᠢᠯᠡᠬᠦ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠬᠢᠭᠡᠳ ᠮᠡᠳᠡᠯᠭᠡ ᠶᠢ ᠡᠷᠬᠢᠯᠡᠵᠤ ᠬᠢᠬᠦ ᠠᠵᠢᠯ ‍ᠤᠨ‌ᠮᠡᠷᠭᠡᠵᠢᠯ ᠤᠨ ᠠᠭᠤᠯᠭ᠎ᠠ  ᠲᠤ ᠣᠷᠣᠭᠤᠯᠬᠤ ᠶᠢ ᠬᠠᠷᠢᠭᠤᠴᠠᠵᠤ᠂ ᠠᠶᠤᠯ ᠥᠭᠡᠢ ᠦᠢᠯᠡᠳᠪᠦᠷᠢᠯᠡᠯ ‍ᠤᠨ‌ᠡᠷᠬᠢᠯᠡᠵᠤ ᠬᠢᠬᠦ ᠠᠵᠢᠯ  ᠤᠨ ᠮᠡᠷᠭᠡᠵᠢᠯ  ᠤᠨ ᠴᠢᠳᠠᠪᠤᠷᠢ ᠶᠢᠨ ᠪᠣᠯᠪᠠᠰᠤᠷᠠᠭᠤᠯᠤᠯ ᠬᠥᠮᠦᠵᠢᠯ ‍ᠤᠨ‌ᠠᠵᠢᠯ ᠢ‌ᠵᠢᠯᠣᠭᠤᠳᠤᠨ᠎ᠠ᠃ ᠠᠵᠤ ᠠᠬᠤᠶᠢᠯᠠᠯ ᠤᠨ ᠠᠵᠢᠯ ᠤᠨ ᠬᠠᠷᠠᠭ᠎ᠠ ᠠᠴᠠ ᠪᠣᠯᠤᠭᠰᠠᠨ ᠭᠡᠮᠲᠦᠯ ᠤᠨ ᠳᠠᠭᠠᠳᠬᠠᠯ ᠳᠤ ᠣᠷᠣᠯᠴᠠᠬᠤ ᠶᠢ ᠬᠠᠤᠯᠢ ᠶᠣᠰᠣᠭᠠᠷ ᠲᠦᠯᠬᠢᠨ ᠠᠬᠢᠭᠤᠯᠵᠤ᠂ ᠠᠵᠢᠯ ᠤᠨ ᠬᠠᠷᠠᠭ᠎ᠠ ᠠᠴᠠ ᠪᠣᠯᠤᠭᠰᠠᠨ ᠭᠡᠮᠲᠦᠯ ᠢ ᠤᠷᠢᠳᠴᠢᠯᠠᠨ ᠰᠡᠷᠭᠡᠶᠢᠯᠡᠬᠦ ᠠᠵᠢᠯ ᠢ ᠥᠷᠨᠢᠭᠦᠯᠵᠦ᠂ ᠠᠵᠢᠯ ᠤᠨ ᠬᠠᠷᠠᠭ᠎ᠠ ᠠᠴᠠ ᠪᠣᠯᠤᠭᠰᠠᠨ ᠭᠡᠮᠲᠦᠯ ᠢ ᠬᠤᠯᠪᠣᠭᠳᠠᠯ ᠪᠥᠬᠦᠢ ᠰᠠᠯᠠᠭ᠎ᠠ ᠮᠥᠴᠢᠷ ᠤᠳ ‍ᠤᠨ‌ᠠᠶᠤᠯ ᠥᠭᠡᠢ ᠦᠢᠯᠡᠳᠪᠦᠷᠢᠯᠡᠯ  ᠤᠨ ᠬᠦᠷᠢᠶᠡᠨ ᠤ ᠡᠯ᠎ᠡ ᠲᠥᠷᠥᠯ ᠤᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠪᠣᠯᠤᠨ ᠮᠡᠷᠭᠡᠵᠢᠯ ᠤᠨ ᠴᠢᠳᠠᠪᠤᠷᠢ ᠲᠠᠢ ᠴᠢᠳᠠᠪᠤᠷᠢᠲᠠᠨ  ᠤ ᠲᠥᠯᠥᠪᠵᠢᠭᠦᠯᠬᠦ᠂ ᠬᠥᠮᠦᠵᠢᠭᠦᠯᠬᠦ᠂ ᠦᠷᠭᠦᠯᠵᠢᠯᠡᠨ ᠬᠥᠮᠦᠵᠢᠭᠦᠯᠬᠦ᠂ ᠬᠢᠨᠠᠨ ᠰᠢᠯᠭᠠᠬᠤ᠂ ᠱᠠᠩᠨᠠᠵᠤ ᠲᠣᠷᠭᠠᠬᠤ ᠵᠡᠷᠭᠡ ᠬᠠᠮᠢᠶ᠎ᠠ ᠪᠥᠬᠦᠢ ᠲᠥᠷᠥ ᠶᠢᠨ ᠪᠤᠳᠤᠯᠭ᠎ᠠ ᠶᠢᠨ ᠲᠣᠭᠲᠠᠭᠠᠯ ᠢ ᠨᠠᠶᠢᠳᠠᠪᠤᠷᠢᠵᠢᠭᠤᠯᠬᠤ ᠶᠢ ᠬᠠᠮᠵᠢᠯᠴᠠᠨ ᠳᠡᠮᠵᠢᠬᠦ ᠬᠡᠷᠡᠭᠲᠡᠶ᠃ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠳᠠᠩᠰᠠᠯᠠᠭᠤᠯᠤᠭᠰᠠᠨ ᠠᠮᠤᠷ ᠲᠦᠪᠰᠢᠨ ᠤ ᠢᠨᠵᠧᠨᠧᠷ ᠤᠨ ᠬᠠᠮᠢᠶᠠᠷᠤᠯᠲᠠ ᠶᠢᠨ  ᠠᠵᠢᠯ ᠢ  ᠬᠤᠪᠢᠶᠠᠷᠢᠯᠠᠨ᠎ᠠ᠃    ︵ᠠᠷᠪᠠ︶ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠃ ᠦᠨᠡᠮᠯᠡᠯ ᠥᠭᠡᠢ ᠪᠠᠷ ᠬᠠᠶᠢᠨ ᠪᠠᠶᠢᠴᠠᠭᠠᠵᠤ ᠨᠡᠭᠡᠭᠡᠨ ᠮᠠᠯᠲᠠᠬᠤ᠂ ᠬᠠᠶᠢᠨ ᠪᠠᠶᠢᠴᠠᠭᠠᠬᠤ ᠦᠨᠡᠮᠯᠡᠯ ᠢᠶᠠᠷ ᠢᠶᠠᠨ ᠠᠭᠤᠷᠬᠠᠶ ᠮᠠᠯᠲᠠᠬᠤ᠂ ᠵᠠᠭᠠᠭ ᠳᠠᠪᠠᠵᠤ ᠬᠠᠶᠢᠨ ᠪᠠᠶᠢᠴᠠᠭᠠᠬᠤ᠂ ᠵᠠᠭᠠᠭ ᠳᠠᠪᠠᠵᠤ ᠠᠭᠤᠷᠬᠠᠶ ᠮᠠᠯᠲᠠᠬᠤ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠥᠢᠯᠡ ᠠᠵᠢᠯᠯᠠᠭ᠎ᠠ ᠶᠢ ᠬᠠᠷᠢᠭᠤᠴᠠᠨ ᠪᠠᠶᠢᠴᠠᠭᠠᠨ ᠰᠢᠢᠳᠪᠦᠷᠢᠯᠡᠵᠦ᠂ ᠬᠠᠤᠯᠢ ᠪᠤᠰᠤ ᠠᠭᠤᠷᠬᠠᠶ ᠪᠠ ᠵᠠᠰᠠᠭ ᠤᠨ ᠣᠷᠳᠣᠨ ᠠᠴᠠ ᠬᠠᠭᠠᠬᠤ ᠪᠠᠷ ᠲᠣᠭᠲᠠᠭᠠᠭᠰᠠᠨ ᠠᠭᠤᠷᠬᠠᠶ ᠶᠢ ᠴᠠᠭᠠᠵᠠᠯᠠᠬᠤ ᠶᠢ ᠬᠠᠷᠢᠭᠤᠴᠠᠵᠤ᠂ ᠬᠤᠯᠪᠣᠭᠳᠠᠯ ᠪᠥᠬᠦᠢ ᠰᠠᠯᠠᠭ᠎ᠠ ᠮᠥᠴᠢᠷ ᠲᠠᠢ ᠬᠠᠮᠲᠤᠷᠠᠨ ᠪᠥᠬᠦ ᠬᠤᠳᠠ ᠶᠢᠨ ᠬᠠᠶᠠᠭᠳᠠᠮᠠᠯ ᠠᠭᠤᠷᠬᠠᠶ ᠶᠢᠨ ᠬᠤᠳᠳᠤᠭ ᠢ ᠵᠠᠰᠠᠬᠤ ᠠᠵᠢᠯ  ᠢ ᠵᠢᠯᠣᠭᠤᠳᠤᠨ ᠵᠣᠬᠢᠶᠠᠨ ᠪᠠᠶᠢᠭᠤᠯᠬᠤ ᠶᠢᠨ ᠬᠠᠮᠲᠤ ᠬᠢᠨᠠᠯᠲᠠ ᠲᠠᠯᠪᠢᠵᠤ ᠪᠠᠶᠢᠴᠠᠭᠠᠨ᠎ᠠ᠃ ᠭᠠᠵᠠᠷ ᠰᠢᠨᠵᠢᠯᠡᠭᠡᠨ ᠤ ᠬᠠᠶᠢᠨ ᠰᠢᠨᠵᠢᠯᠡᠯᠲᠡ ︵ᠲᠡᠮᠦᠷᠯᠢᠭ ᠲᠡᠮᠦᠷᠯᠢᠭ ᠪᠤᠰᠤ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠰᠢᠨᠵᠢᠯᠡᠬᠦ ᠠᠴᠠ ᠭᠠᠳᠠᠨ᠎ᠠ︶ ᠪᠣᠯᠤᠨ ᠬᠡᠮᠵᠢᠨ ᠵᠢᠷᠤᠬᠤ ᠠᠵᠢᠯ ᠲᠦᠷᠦᠯ ᠤᠨ ᠠᠶᠤᠯᠭᠦᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢ ᠶᠡᠷᠦᠩᠬᠡᠶᠢᠯᠡᠨ ᠵᠠᠰᠠᠬᠤ᠂ ᠭᠠᠵᠠᠷ ᠰᠢᠷᠣᠶ ᠶᠢ ᠡᠮᠬᠢᠯᠡᠨ ᠳᠠᠬᠢᠨ ᠬᠠᠭᠠᠯᠪᠤᠷᠢᠯᠠᠬᠤ᠂ ᠭᠠᠵᠠᠷ ᠤᠨ ᠭᠠᠶ ᠭᠠᠮᠰᠢᠭ ᠢ ᠰᠡᠷᠭᠡᠶᠢᠯᠡᠬᠦ ᠪᠠ ᠭᠠᠵᠠᠷ ᠤᠨ ᠣᠷᠴᠢᠨ ᠲᠣᠭᠤᠷᠢᠨ ᠢ ᠰᠡᠷᠭᠦᠭᠡᠨ ᠵᠠᠰᠠᠬᠤ ᠵᠡᠷᠭᠡ ᠠᠶᠤᠯ ᠥᠬᠡᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠭᠠᠵᠠᠷ ᠤᠨ ᠭᠠᠶ ᠭᠠᠮᠰᠢᠭ ᠢ ᠪᠠᠶᠢᠴᠠᠭᠠᠨ ᠦᠨᠡᠯᠡᠬᠦ ᠶᠢ ᠵᠣᠬᠢᠶᠠᠨ ᠪᠠᠶᠢᠭᠤᠯᠤᠨ ᠵᠣᠬᠢᠴᠠᠭᠤᠯᠵᠤ ᠵᠢᠯᠣᠭᠤᠳᠬᠤ ᠪᠠ ᠬᠢᠨᠠᠯᠲᠠ ᠲᠠᠯᠪᠢᠬᠤ ᠶᠢ ᠬᠠᠷᠢᠭᠤᠴᠠᠵᠤ᠂ ᠣᠯᠠᠨ ᠢᠶᠠᠷ ᠢᠶᠠᠨ ᠬᠡᠮᠵᠢᠵᠦ ᠣᠯᠠᠨ ᠢᠶᠠᠷ ᠢᠶᠠᠨ ᠰᠡᠷᠭᠡᠶᠢᠯᠡᠬᠦ᠂ ᠲᠤᠰᠬᠠᠶ ᠬᠢᠨᠠᠨ ᠬᠡᠮᠵᠢᠬᠦ ᠪᠠ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠵᠡᠷᠭᠡ ᠠᠵᠢᠯ ᠢ ᠵᠢᠯᠣᠭᠤᠳᠤᠨ ᠥᠷᠨᠢᠭᠦᠯᠵᠦ᠂ ᠭᠠᠵᠠᠷ ᠤᠨ ᠭᠠᠶ ᠭᠠᠮᠰᠢᠭ ᠤᠨ ᠢᠨᠵᠧᠨᠧᠷᠢᠩ ᠢ ᠵᠠᠰᠠᠬᠤ ᠠᠵᠢᠯ ᠢ ᠵᠢᠯᠣᠭᠤᠳᠤᠨ ᠥᠷᠨᠢᠭᠦᠯᠦᠨ᠎ᠡ᠃ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠳᠤ ᠠᠶᠤᠯᠭᠦᠶ ᠦᠢᠯᠡᠳᠪᠦᠷᠢᠯᠡᠯ ᠤᠨ ᠠᠵᠢᠯ ᠢ ᠨᠢᠭᠡᠳᠦᠯᠲᠡᠶ ᠲᠥᠯᠥᠪᠯᠡᠨ ᠪᠣᠳᠣᠯᠬᠢᠯᠠᠬᠤ ᠶᠢ ᠬᠠᠷᠢᠭᠤᠴᠠᠨ᠎ᠠ᠃    ︵ᠠᠷᠪᠠᠨ ᠨᠢᠭᠡ︶ ᠬᠥᠯᠥᠨ ᠪᠤᠶᠢᠷ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠵᠠᠯᠠᠨ ᠠᠶᠢᠯ ᠤᠨ ᠬᠤᠪᠢᠶᠠᠷᠢ ᠲᠣᠪᠴᠢᠶ᠎ᠠ᠃ ᠴᠥᠮ᠎ᠡ ᠶᠢᠨ ᠠᠮᠤᠷ ᠲᠦᠪᠰᠢᠨ ᠪᠠ ᠰᠠᠴᠤᠷᠠᠭ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠶᠢᠨ ᠰᠠᠴᠤᠷᠠᠭ ᠤᠨ ᠠᠮᠤᠷ ᠲᠦᠪᠰᠢᠨ ᠤ ᠬᠤᠯᠪᠣᠭᠳᠠᠯ ᠪᠥᠬᠦᠶ ᠲᠥᠯᠥᠪᠵᠢᠭᠦᠯᠭᠡ᠂ ᠪᠠᠷᠢᠮᠵᠢᠶ᠎ᠠ ᠶᠢ ᠲᠦᠦᠱᠯᠠᠭᠤᠯᠤᠨ ᠬᠡᠷᠡᠭᠵᠢᠭᠦᠯᠦᠨ᠎ᠡ᠃ ᠰᠠᠴᠤᠷᠠᠭ ᠤᠨ ᠠᠮᠤᠷ ᠲᠦᠪᠰᠢᠨ ᠤ ᠠᠵᠢᠯ ᠤᠨ ᠵᠣᠬᠢᠴᠠᠭᠤᠯᠬᠤ ᠲᠣᠭᠲᠠᠴᠠ ᠶᠢ ᠲᠦᠷᠦᠭᠦᠯᠡᠨ ᠬᠠᠷᠢᠭᠤᠴᠠᠨ᠎ᠠ᠃ ᠰᠠᠴᠤᠷᠠᠯᠲᠠ ᠶᠢᠨ ᠣᠷᠴᠢᠨ ᠲᠣᠭᠤᠷᠢᠨ ᠤ ᠠᠳᠡᠯ ᠢ ᠪᠠᠴᠢᠮ ᠠᠷᠭᠠᠴᠠᠨ ᠰᠢᠢᠳᠪᠦᠷᠢᠯᠡᠬᠦ ᠠᠵᠢᠯ ᠢ ᠬᠠᠷᠢᠭᠤᠴᠠᠨ᠎ᠠ᠃ ᠬᠠᠶᠠᠭᠳᠠᠮᠠᠯ ᠠᠶᠤᠯᠲᠠᠶ ᠬᠢᠮᠢ ᠶᠢᠨ ᠵᠦᠢᠯ ᠵᠡᠷᠭᠡ ᠠᠶᠤᠯᠲᠠᠶ ᠬᠠᠶᠠᠭᠳᠠᠮᠠᠯ ᠪᠣᠳᠠᠰ ᠢ ᠴᠤᠭᠯᠠᠭᠤᠯᠬᠤ᠂ ᠬᠠᠳᠠᠭᠠᠯᠠᠬᠤ᠂ ᠠᠰᠢᠭᠯᠠᠬᠤ᠂ ᠰᠢᠢᠳᠪᠦᠷᠢᠯᠡᠬᠦ ᠵᠡᠷᠭᠡ ᠠᠶᠤᠯᠭᠦᠶ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠦᠢᠯᠡᠳᠪᠦᠷᠢᠯᠡᠯ ᠤᠨ ᠠᠶᠤᠯᠭᠦᠶ ᠶᠢᠨ ᠡ᠊ᠨᠳᠡᠯ ᠤᠨ ᠡᠭᠦᠰᠦᠮᠡᠯ ᠣᠷᠴᠢᠨ ᠠᠬᠤᠶ ᠶᠢᠨ ᠪᠣᠬᠢᠷᠲᠤᠯ ᠪᠠ ᠣᠷᠴᠢᠨ ᠠᠬᠤᠶ ᠶᠢᠨ ᠪᠤᠰᠤᠳ ᠬᠤᠯᠪᠣᠭᠳᠠᠯ ᠪᠦᠬᠦᠢ ᠭᠡᠨᠡᠳᠲᠡ ᠶᠢᠨ ᠬᠡᠷᠡᠭ ᠢ ᠤᠷᠢᠳᠴᠢᠯᠠᠨ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠬᠠᠷᠢᠭᠤᠴᠠᠨ᠎ᠠ᠃ ᠭᠤᠤᠯᠳᠠᠯᠭ᠎ᠠ ᠲᠠᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠡᠯᠡᠳᠬᠡᠮᠵᠢ ᠪᠣᠯᠤᠨ ᠲᠥᠷᠥᠯ  ᠵᠦᠢᠯ ᠤᠨ ᠠᠮᠤᠷ ᠲᠦᠪᠰᠢᠨ ᠤ ᠲᠦᠭᠰᠢᠭᠦᠷᠢ ᠶᠢ ᠦᠨᠡᠯᠡᠨ ᠵᠢᠱᠢᠬᠦ ᠪᠠ ᠳᠠᠯᠳᠠ ᠬᠡᠮ ᠢ ᠵᠢᠭᠰᠠᠭᠠᠨ ᠪᠠᠶᠢᠴᠠᠭᠠᠵᠤ ᠵᠠᠰᠠᠬᠤ ᠶᠢ ᠵᠢᠯᠣᠭᠤᠳᠤᠨ ᠬᠢᠨᠠᠯᠲᠠ ᠲᠠᠯᠪᠢᠨ᠎ᠠ᠃    ︵ᠠᠷᠪᠠᠨ ᠬᠤᠶᠠᠷ︶ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠃ ᠣᠷᠣᠨ ᠰᠠᠭᠤᠴᠠ ᠪᠣᠯᠤᠨ ᠬᠤᠳᠠ ᠬᠥᠳᠡᠭᠡ  ᠶᠢᠨ ᠪᠦᠳᠦᠭᠡᠨ ᠪᠠᠶᠢᠭᠤᠯᠤᠯᠲᠠ ᠶᠢᠨ ᠠᠵᠢᠯ ᠲᠦᠷᠦᠯ ‍ᠤᠨ‌ᠠᠶᠤᠯ ᠦᠬᠡᠢ ᠦᠢᠯᠡᠳᠪᠦᠷᠢᠯᠡᠯ ᠲᠤ ᠬᠢᠨᠠᠯᠲᠠ ᠲᠠᠯᠪᠢᠵᠤ ᠬᠠᠮᠢᠶᠠᠷᠬᠤ ᠢ ᠬᠠᠷᠢᠭᠤᠴᠠᠨ᠎ᠠ᠃ ᠪᠠᠷᠢᠯᠭ᠎ᠠ ᠶᠢᠨ ᠠᠵᠢᠯ᠂ ᠪᠠᠷᠢᠯᠭ᠎ᠠ ᠶᠢᠨ ᠤᠭᠰᠠᠷᠠᠭᠤᠯᠬᠤ᠂ ᠪᠠᠷᠢᠯᠭ᠎ᠠ ᠶᠢᠨ ᠵᠠᠰᠠᠯ ᠴᠢᠮᠡᠭᠯᠡᠯ᠂ ᠬᠠᠶᠢᠨ ᠪᠠᠶᠢᠴᠠᠭᠠᠵᠤ ᠵᠢᠷᠤᠭᠯᠠᠨ ᠲᠥᠯᠥᠪᠯᠡᠬᠦ᠂ ᠪᠥᠲᠥᠭᠡᠨ ᠪᠠᠶᠢᠭᠤᠯᠤᠯᠲᠠ ᠶᠢᠨ ᠬᠢᠨᠠᠯᠲᠠ ᠬᠠᠮᠢᠶᠠᠷᠤᠯᠲᠠ ᠵᠡᠷᠭᠡ ᠪᠠᠷᠢᠯᠭ᠎ᠠ ᠶᠢᠨ  ᠤᠶᠢᠯᠡᠰ ᠪᠠ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ᠂ ᠠᠳᠠᠯ ᠠᠬᠤᠶ ᠶᠢᠨ ᠦᠢᠯᠡᠴᠢᠯᠡᠭᠡᠨ᠂ ᠬᠡᠷ ᠪᠠᠶᠢᠰᠢᠩ ᠲᠠᠲᠠᠪᠤᠷᠢᠯᠠᠨ ᠨᠤᠷᠠᠭᠠᠵᠤ ᠨᠡᠭᠦᠯᠭᠡᠬᠦ ᠵᠡᠷᠭᠡ ᠬᠡᠷ ᠪᠠᠶᠢᠰᠢᠩ ᠭᠠᠵᠠᠷ ᠬᠥᠷᠥᠩᠭᠡ ᠶᠢᠨ ᠤᠶᠢᠯᠡᠰ ᠤᠨ ᠠᠶᠤᠯ ᠥᠬᠡᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠪᠥᠳᠥᠭᠡᠨ ᠪᠠᠶᠢᠭᠤᠯᠤᠯᠲᠠ ᠶᠢᠨ ᠪᠠᠷᠢᠯᠭ᠎ᠠ ︵ᠵᠠᠮ ᠬᠠᠷᠢᠯᠴᠠᠭ᠎ᠠ᠂ ᠤᠰᠤᠨ ᠠᠰᠢᠭᠯᠠᠯᠲᠠ᠂ ᠲᠡᠮᠥᠷ ᠵᠠᠮ᠂ ᠠᠷᠠᠳ ᠤᠨ ᠠᠭᠠᠷ ‍ᠤᠨ‌‍ᠲ᠋ᠡᠭᠡᠭᠡᠪᠦᠷᠢ᠂ ᠴᠠᠬᠢᠯᠭᠠᠨ ᠬᠦᠴᠦᠨ᠂ ᠴᠢᠮᠡᠭᠡ ᠬᠤᠯᠪᠣᠭ᠎ᠠ ᠵᠡᠷᠭᠡ ᠤᠯᠤᠰ ‍ᠤᠨ‌ᠬᠠᠤᠯᠢ ᠴᠠᠭᠠᠵᠠ ᠬᠠᠤᠯᠢ ᠲᠣᠭᠲᠠᠭᠠᠯ  ᠲᠤ ᠲᠣᠭᠲᠠᠭᠠᠭᠰᠠᠨ ᠲᠤᠰᠬᠠᠶ ᠠᠵᠢᠯ  ᠤᠨ ᠪᠥᠳᠥᠭᠡᠨ ᠪᠠᠶᠢᠭᠤᠯᠤᠯᠲᠠ ᠶᠢᠨ ᠪᠠᠷᠢᠯᠭ᠎ᠠ ᠠᠴᠠ ᠭᠠᠳᠠᠨ᠎ᠠ︶ ᠶᠢᠨ ᠠᠶᠤᠯ ᠥᠭᠡᠢ ᠦᠢᠯᠡᠳᠪᠦᠷᠢᠯᠡᠯ ᠲᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ ᠬᠡᠷ ᠪᠠᠶᠢᠰᠢᠩ ᠤᠨ ᠪᠠᠷᠢᠯᠭ᠎ᠠ ᠪᠣᠯᠤᠨ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢᠨ ᠪᠠᠷᠢᠯᠭ᠎ᠠ ᠶᠢᠨ ᠪᠠᠷᠢᠯᠭ᠎ᠠ ᠶᠢᠨ ᠠᠵᠢᠯ ᠤᠨ ᠲᠤᠬᠠᠶ ᠶᠢᠨ ᠲᠠᠯᠠᠪᠠᠶ ᠳᠠᠬᠢ ᠡᠷᠭᠦᠭᠦᠯ ᠮᠠᠰᠢᠨ᠂ ᠲᠤᠰᠬᠠᠶ ᠬᠡᠷᠡᠭᠯᠡᠬᠦ ᠮᠠᠰᠢᠨ ᠲᠡᠷᠭᠡ ᠵᠡᠷᠭᠡ ᠠᠶᠤᠯ ᠥᠬᠡᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠪᠠᠷᠢᠯᠭ᠎ᠠ ᠶᠢᠨ ᠭᠠᠵᠠᠷ ᠤᠨ ᠴᠠᠬᠢᠯᠭᠠᠨ ᠱᠠᠲᠤ ᠤᠭᠰᠠᠷᠠᠬᠤ ᠵᠠᠩᠭᠢᠯᠠᠭ᠎ᠠ ᠶᠢᠨ ᠠᠶᠤᠯ ᠥᠬᠡᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠮᠵᠢᠯᠴᠠᠨ ᠰᠠᠶᠢᠲᠤᠷ ᠬᠢᠨ᠎ᠠ᠃ ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠠᠵᠢᠯ ᠲᠥᠷᠥᠯ ︵ᠬᠤᠲᠠ ᠶᠢᠨ ᠵᠠᠮ ᠬᠥᠭᠦᠷᠭᠡ ᠶᠢᠨ ᠨᠦᠬᠡᠨ ᠵᠠᠮ᠂ ᠬᠤᠲᠠ ᠶᠢᠨ ᠭᠡᠷᠡᠯᠲᠦᠭᠦᠯᠭᠡ᠂ ᠤᠰᠤ ᠬᠠᠩᠭᠠᠬᠤ᠂ ᠢᠯᠴᠢ ᠬᠠᠩᠭᠠᠬᠤ᠂ ᠬᠤᠲᠠ ᠶᠢᠨ ᠭᠠᠵᠠᠷ ᠳᠣᠤᠷᠠᠬᠢ ᠣᠷᠣᠨ ᠵᠠᠶ ᠶᠢ ᠨᠡᠭᠡᠭᠡᠨ ᠠᠰᠢᠭᠯᠠᠬᠤ᠂ ᠬᠤᠲᠠ ᠪᠠᠯᠭᠠᠰᠤ ᠶᠢᠨ ᠪᠣᠬᠢᠷ ᠤᠰᠤ ᠶᠢ ᠰᠢᠢᠳᠪᠦᠷᠢᠯᠡᠬᠦ ᠪᠡᠯᠡᠳᠬᠡᠮᠵᠢ ᠪᠠ ᠬᠤᠭᠤᠯᠠᠶ ᠲᠣᠤᠷ᠂ ᠬᠤᠭ ᠨᠣᠪᠰᠢ ᠶᠢ ᠰᠢᠢᠳᠪᠦᠷᠢᠯᠡᠬᠦ ᠦᠢᠯᠡᠳᠪᠦᠷᠢ ᠵᠡᠷᠭᠡ ᠪᠠᠭᠲᠠᠨ᠎ᠠ︶ ᠤᠨ ᠠᠶᠤᠯ ᠥᠬᠡᠶ ᠦᠢᠯᠡᠳᠪᠦᠷᠢᠯᠡᠯ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ ᠬᠤᠲᠠ ᠪᠠᠯᠭᠠᠰᠤ ᠶᠢᠨ ᠰᠢᠲᠠᠮᠠᠬᠠᠶ ᠬᠡᠶ ᠶᠢᠨ ᠠᠶᠤᠯ ᠥᠬᠡᠶ ᠦᠢᠯᠡᠳᠪᠦᠷᠢᠯᠡᠯ ᠤᠨ ᠬᠢᠨᠠᠯᠲᠠ ᠪᠥᠳᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠠᠵᠢᠯ ᠢ ᠬᠠᠷᠢᠭᠤᠴᠠᠨ᠎ᠠ᠃ ᠬᠥᠳᠡᠭᠡ ᠲᠣᠰᠬᠤᠨ ᠤ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ᠂ ᠣᠷᠣᠨ ᠰᠠᠭᠤᠴᠠ ᠶᠢᠨ ᠠᠮᠤᠷ ᠲᠦᠪᠰᠢᠨ ᠪᠠ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠨ ᠵᠠᠰᠠᠬᠤ ᠵᠢᠴᠢ ᠰᠢᠲᠠᠮᠠᠬᠠᠶ ᠬᠡᠢ ᠶᠢᠨ ᠢᠨᠵᠧᠨᠧᠷᠢᠩ ᠤᠨ ᠶᠠᠰᠤ ᠴᠢᠨᠠᠷ ᠪᠠ ᠠᠵᠢᠯᠯᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠵᠢᠯᠣᠭᠤᠳᠤᠨ ᠬᠢᠨᠠᠯᠲᠠ ᠬᠡᠢ ᠨᠡᠮᠡᠬᠦ ᠦᠷᠳᠡᠭᠡ ︵ᠰᠢᠩᠭᠡᠨᠵᠢᠮᠡᠯ ᠴᠢᠯᠠᠭᠤᠨ ᠲᠤᠰᠤᠨ  ᠤ ᠬᠡᠢ᠂ ᠪᠠᠶᠢᠭᠠᠯᠢ  ᠶᠢᠨ ᠰᠢᠲᠠᠮᠠᠬᠠᠶ ᠬᠡᠢ ᠪᠠᠭᠲᠠᠨ᠎ᠠ︶᠂ ᠤᠰᠤᠲᠥ᠋ᠷᠥᠭᠴᠢ ᠨᠡᠮᠡᠬᠦ ᠦᠷᠳᠡᠭᠡ  ᠵᠢᠨ‌ᠠᠶᠤᠯ ᠦᠬᠡᠢ ᠦᠢᠯᠡᠳᠪᠦᠷᠢᠯᠡᠯ   ᠤᠨ ᠠᠵᠢᠯ  ᠢ ᠲᠦᠷᠦᠭᠦᠯᠡᠨ ᠬᠠᠷᠢᠭᠤᠴᠠᠨ᠎ᠠ᠃    ︵ᠠᠷᠪᠠᠨ ᠭᠤᠷᠪᠠ︶ ᠬᠤᠳᠠ ᠶᠢᠨ ᠵᠠᠮ ᠲᠡᠭᠡᠭᠡᠪᠦᠷᠢ ᠶᠢᠨ ᠲᠣᠪᠴᠢᠶ᠎ᠠ᠃ ᠵᠠᠰᠠᠮᠠᠯ ᠵᠠᠮ᠂ ᠤᠰᠤᠨ ᠵᠠᠮ ᠤᠨ ᠲᠡᠭᠡᠭᠡᠪᠦᠷᠢ ᠶᠢᠨ ᠠᠵᠢᠯ ᠲᠥᠷᠥᠯ ᠤᠨ ᠠᠶᠤᠯ ᠥᠬᠡᠶ ᠦᠢᠯᠡᠳᠪᠦᠷᠢᠯᠡᠯ  ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠵᠠᠰᠠᠮᠠᠯ ᠵᠠᠮ᠂ ᠤᠰᠤᠨ ᠵᠠᠮ  ᠤᠨ ᠪᠥᠳᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠶᠤᠯ ᠥᠭᠡᠢ ᠦᠢᠯᠡᠳᠪᠦᠷᠢᠯᠡᠯ ᠲᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ ᠳᠤᠮᠳᠠᠳᠤ ᠤᠯᠤᠰ ᠤᠨ ᠲᠡᠮᠦᠷ ᠵᠠᠮ ᠤᠨ ᠬᠠᠷᠪᠢᠨ ᠤ ᠲᠣᠪᠴᠢᠶ᠎ᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠴᠢᠴᠢᠬᠠᠷ ᠤᠨ ᠮᠠᠰᠢᠨ ᠲᠡᠷᠭᠡᠨ ᠤ ᠶᠠᠪᠤᠳᠠᠯ ᠤᠨ ᠬᠡᠰᠡᠭ ᠤᠨ ᠵᠠᠯᠠᠨ ᠠᠶᠢᠯ ᠥᠷᠲᠡᠭᠡ ᠶᠢᠨ ᠠᠶᠤᠯ ᠥᠬᠡᠶ ᠦᠢᠯᠡᠳᠪᠦᠷᠢᠯᠡᠯ  ᠤᠨ ᠠᠵᠢᠯ ᠢ ᠵᠣᠬᠢᠴᠠᠭᠤᠯᠬᠤ ᠶᠢ ᠬᠠᠷᠢᠭᠤᠴᠠᠵᠤ᠂ ᠲᠡᠮᠦᠷ ᠵᠠᠮ ᠳᠠᠭᠠᠤ ᠶᠢᠨ ᠠᠮᠤᠷ ᠲᠦᠪᠰᠢᠨ ᠣᠷᠴᠢᠨ ᠲᠣᠭᠤᠷᠢᠨ ᠤ ᠵᠠᠰᠠᠯᠲᠠ ᠶᠢᠨ ᠠᠵᠢᠯ ᠢ ᠲᠦᠷᠦᠭᠦᠯᠡᠨ ᠬᠠᠷᠢᠭᠤᠴᠠᠨ᠎ᠠ᠃ ᠭᠤᠣᠯ ᠤᠨ ᠵᠠᠮ ᠠᠴᠠ ᠬᠠᠶᠢᠷ ᠮᠠᠯᠲᠠᠬᠤ ᠨᠢ ᠠᠶᠠᠯᠠᠯ ᠨᠡᠪᠲᠡᠷᠡᠬᠦ ᠠᠶᠤᠯ ᠥᠭᠡᠢ ᠶᠢ ᠨᠥᠯᠥᠭᠡᠯᠡᠬᠦ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠵᠠᠮ ᠬᠠᠷᠢᠯᠴᠠᠭᠠᠨ ᠤ ᠠᠮᠤᠷ ᠲᠦᠪᠰᠢᠨ ᠤ ᠪᠡᠯᠡᠳᠬᠡᠮᠵᠢ᠂ ᠲᠥᠬᠦᠭᠡᠷᠦᠮᠵᠢ᠂ ᠢᠯᠭᠠᠬᠤ ᠲᠡᠮᠳᠡᠭ ᠵᠡᠷᠭᠡ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠵᠠᠰᠠᠮᠠᠯ ᠵᠠᠮ ᠤᠨ ᠠᠶᠤᠯ ᠲᠠᠢ ᠬᠥᠭᠦᠷᠭᠡ᠂ ᠠᠶᠤᠯ ᠲᠠᠢ ᠵᠠᠮ ᠤᠨ ᠬᠡᠰᠡᠭ᠂ ᠠᠳᠡᠯ ᠣᠯᠠᠨ ᠭᠠᠷᠳᠠᠭ ᠵᠠᠮ ᠤᠨ ᠬᠡᠰᠡᠭ ᠤᠨ ᠠᠮᠤᠷ ᠲᠦᠪᠰᠢᠨ ᠤ ᠳᠠᠯᠳᠠ ᠬᠡᠮ ᠢ ᠵᠠᠰᠠᠬᠤ ᠶᠢ ᠬᠠᠷᠢᠭᠤᠴᠠᠨ᠎ᠠ᠃ ᠵᠠᠰᠠᠮᠠᠯ ᠵᠠᠮ ᠤᠨ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ ᠠᠶᠤᠯ ᠥᠬᠡᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠠᠶᠠᠨᠴᠢᠳ ᠤᠨ ᠲᠡᠭᠡᠭᠡᠪᠦᠷᠢ᠂ ᠪᠠᠷᠠᠭᠠᠨ ᠤ ᠲᠡᠭᠡᠭᠡᠪᠦᠷᠢ᠂ ᠠᠶᠠᠨᠴᠢᠳ ᠪᠠ ᠪᠠᠷᠠᠭᠠᠨ ᠤ ᠲᠡᠭᠡᠭᠡᠪᠦᠷᠢ ᠶᠢᠨ ᠲᠠᠯᠠᠪᠤᠷ ᠥᠷᠲᠡᠭᠡ ᠶᠢᠨ ᠡᠵᠡᠩᠨᠡᠯᠲᠡ ᠵᠢᠴᠢ ᠨᠡᠶᠢᠲᠡ ᠶᠢᠨ ᠮᠠᠰᠢᠨ ᠲᠡᠷᠭᠡ᠂ ᠲᠦᠷᠢᠶᠡᠰᠦᠨ ᠮᠠᠰᠢᠨ ᠲᠡᠷᠭᠡ ︵ᠲᠣᠭᠤᠷᠢᠨ ᠵᠤᠭᠠᠴᠠᠬᠤ ᠲᠦᠷᠢᠶᠡᠰᠦᠨ ᠮᠠᠰᠢᠨ ᠲᠡᠷᠭᠡ ᠪᠠ ᠰᠦᠯᠵᠢᠶ᠎ᠡ ᠪᠠᠷ ᠪᠣᠯᠵᠣᠭᠰᠠᠨ ᠲᠦᠷᠢᠶᠡᠰᠦᠨ ᠮᠠᠰᠢᠨ ᠲᠡᠷᠭᠡ ᠪᠠᠭᠲᠠᠨ᠎ᠠ︶᠂ ᠮᠠᠰᠢᠨ ᠲᠡᠷᠭᠡ ᠲᠦᠷᠢᠶᠡᠰᠦᠯᠡᠬᠦ ᠵᠡᠷᠭᠡ ᠠᠵᠢᠯ ᠲᠥᠷᠥᠯ ᠤᠨ ᠠᠶᠤᠯ ᠥᠬᠡᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ︔ ᠲᠡᠷᠭᠡ ᠬᠥᠰᠬᠡ ᠶᠢᠨ ᠶᠡᠷᠦᠩᠬᠡᠶᠢᠯᠡᠭᠰᠡᠨ ᠴᠢᠨᠠᠷᠲᠠᠶ ᠡᠨᠧᠷᠭᠢ ᠶᠢ ᠪᠠᠶᠢᠴᠠᠭᠠᠨ ᠬᠡᠮᠵᠢᠬᠦ ᠪᠠ ᠮᠠᠰᠢᠨᠲᠤ ᠲᠡᠷᠭᠡ ᠰᠡᠯᠪᠢᠨ ᠵᠠᠰᠠᠬᠤ ᠠᠵᠢᠯ ᠲᠥᠷᠥᠯ ᠤᠨ ᠠᠶᠤᠯ ᠥᠬᠡᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ︔ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠭᠰᠠᠨ ᠪᠠ ᠫᠠᠶᠢᠰᠠ ᠥᠬᠡᠶ᠂ ᠦᠨᠡᠮᠯᠡᠯ ᠥᠬᠡᠶ᠂ ᠬᠡᠷᠡᠭᠯᠡᠭᠡᠨ ᠠᠴᠠ ᠭᠠᠷᠭᠠᠭᠰᠠᠨ ᠲᠡᠷᠭᠡ ᠬᠥᠰᠬᠡ ᠶᠢᠨ ᠲᠡᠭᠡᠭᠡᠪᠦᠷᠢ ᠡᠵᠡᠩᠨᠡᠯᠲᠡ ᠵᠡᠷᠭᠡ ᠬᠠᠤᠯᠢ ᠠᠴᠠ ᠵᠥᠷᠢᠴᠡᠭᠰᠡᠨ  ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ ᠤᠰᠤᠨ ᠳᠡᠭᠡᠷᠡᠬᠢ ᠵᠠᠮ ᠬᠠᠷᠢᠯᠴᠠᠭ᠎ᠠ ᠪᠣᠯᠤᠨ ᠤᠰᠤᠨ ᠵᠠᠮ ᠤᠨ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ ᠠᠶᠤᠯ ᠥᠬᠡᠶ ᠦᠢᠯᠡᠳᠪᠦᠷᠢᠯᠡᠯ‌‍ᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠣᠩᠭᠤᠴᠠ ᠰᠠᠯ ᠤᠨ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ ᠪᠠ ᠫᠠᠶᠢᠰᠠ ᠥᠬᠡᠶ᠂ ᠦᠨᠡᠮᠯᠡᠯ ᠥᠬᠡᠶ᠂ ᠬᠡᠷᠡᠭᠯᠡᠭᠡᠨ ᠠᠴᠠ ᠭᠠᠷᠭᠠᠭᠰᠠᠨ ᠣᠩᠭᠤᠴᠠ ᠰᠠᠯ ᠤᠨ ᠲᠡᠭᠡᠭᠡᠪᠦᠷᠢ ᠡᠵᠡᠩᠨᠡᠯᠲᠡ ᠳᠤ ᠴᠣᠬᠢᠯᠲᠠ ᠥᠭᠬᠦ ᠵᠡᠷᠭᠡ ᠬᠠᠤᠯᠢ ᠠᠴᠠ ᠵᠥᠷᠢᠴᠡᠭᠰᠡᠨ  ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ  ᠰᠢᠢᠳᠪᠦᠷᠢᠯᠡᠨ᠎ᠡ᠃ ᠪᠤᠰᠤᠳ ᠣᠩᠭᠤᠴᠠ ᠰᠠᠯ ᠵᠢᠴᠢ ᠵᠥᠪᠰᠢᠶᠡᠷᠡᠭᠦᠯᠦᠭᠡᠳ ᠠᠶᠠᠨᠴᠢᠳ ᠪᠠ ᠪᠠᠷᠠᠭ᠎ᠠ ᠲᠡᠭᠡᠭᠡᠪᠦᠷᠢᠯᠡᠬᠦ ᠵᠢᠭᠠᠰᠤ ᠠᠩᠨᠠᠬᠤ ᠣᠩᠭᠤᠴᠠ ᠶᠢᠨ ᠠᠶᠤᠯ ᠥᠭᠡᠢ ᠶᠢᠨ ᠬᠢᠨᠠᠯᠲᠠ ᠬᠠᠮᠢᠶᠠᠷᠤᠯᠲᠠ ᠪᠣᠯᠤᠨ ᠠᠶᠠᠯᠠᠯ ᠨᠡᠪᠲᠡᠷᠡᠬᠦ ᠤᠰᠤᠨ ᠣᠷᠣᠨ ‍ᠤ‌ᠠᠶᠤᠯ ᠥᠭᠡᠢ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠠᠶᠠᠯᠠᠯ ᠨᠡᠪᠲᠡᠷᠡᠬᠦ ᠤᠰᠤᠨ ᠣᠷᠣᠨ ᠤ ᠳᠣᠲᠣᠷᠠᠬᠢ ᠤᠰᠤᠨ ᠠᠶᠠᠯᠠᠯ ᠤᠨ ᠵᠠᠮ ᠵᠢᠴᠢ ᠠᠶᠠᠯᠠᠯ ᠨᠡᠪᠲᠡᠷᠡᠬᠦ ᠠᠮᠤᠷ ᠲᠦᠪᠰᠢᠨ ᠢ ᠨᠥᠯᠥᠭᠡᠯᠡᠬᠦ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠠᠶᠠᠯᠠᠯ ᠨᠡᠪᠲᠡᠷᠡᠬᠦ ᠤᠰᠤᠨ ᠣᠷᠣᠨ ᠤ ᠳᠣᠲᠣᠷᠠᠬᠢ ᠤᠰᠤᠨ ᠳᠡᠭᠡᠷᠡᠬᠢ ᠵᠠᠮ ᠬᠠᠷᠢᠯᠴᠠᠭᠠᠨ ᠤ ᠠᠳᠡᠯ᠂ ᠣᠩᠭᠤᠴᠠ ᠰᠠᠯ ᠬᠢᠭᠡᠳ ᠬᠠᠮᠢᠶ᠎ᠠ ᠪᠥᠬᠦᠢ ᠤᠰᠤᠨ ᠳᠡᠭᠡᠷᠡᠬᠢ ᠪᠡᠯᠡᠳᠬᠡᠮᠵᠢ ᠶᠢᠨ ᠪᠣᠬᠢᠷᠲᠤᠯ  ᠤᠨ ᠡ᠊ᠨᠳᠡᠯ  ᠤᠨ ᠪᠠᠴᠢᠮ ᠪᠠᠶᠢᠳᠠᠯ  ᠢ ᠠᠷᠭᠠᠴᠠᠨ  ᠰᠢᠢᠳᠪᠦᠷᠢᠯᠡᠬᠦ ᠪᠠ ᠡ᠊ᠨᠳᠡᠯ ᠤᠨ ᠪᠠᠶᠢᠴᠠᠭᠠᠯᠲᠠ ᠶᠢ ᠬᠠᠷᠢᠭᠤᠴᠠᠨ ᠬᠠᠮᠢᠶᠠᠷᠴᠤ᠂ ᠤᠰᠤᠨ ᠳᠡᠭᠡᠷᠡᠬᠢ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠥᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ ᠠᠶᠤᠯᠲᠠᠶ ᠬᠢᠮᠢ ᠶᠢᠨ ᠪᠣᠳᠠᠰ ᠤᠨ ᠵᠠᠮ ᠲᠡᠭᠡᠭᠡᠪᠦᠷᠢ᠂ ᠤᠰᠤᠨ ᠵᠠᠮ ᠤᠨ ᠲᠡᠭᠡᠭᠡᠪᠦᠷᠢ ᠶᠢᠨ ᠪᠠᠭᠠᠵᠢ ᠪᠠ ᠬᠠᠮᠢᠶ᠎ᠠ ᠪᠥᠬᠦᠶ ᠠᠵᠢᠯ ᠡᠷᠭᠢᠯᠡᠭᠰᠡᠳ ᠤᠨ ᠠᠶᠤᠯ ᠥᠬᠡᠶ  ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠰᠤᠷᠭᠠᠭᠤᠯᠢ ᠶᠢᠨ ᠲᠡᠷᠭᠡ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ᠃ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠬᠠᠳᠠ ᠮᠠᠴᠤᠬᠤ᠂ ᠭᠡᠷ ᠤᠨ ᠭᠠᠳᠠᠨ᠎ᠠ ᠲᠠᠯᠠᠪᠠᠢ ᠶᠢ ᠥᠷᠭᠡᠳᠬᠡᠬᠦ᠂ ᠭᠡᠷ ᠤᠨ ᠭᠠᠳᠠᠨ᠎ᠠ ᠬᠡᠭᠡᠷ᠎ᠡ ᠪᠠᠭᠤᠳᠠᠯᠯᠠᠬᠤ ᠰᠠᠭᠤᠷᠢᠨ ᠭᠠᠵᠠᠷ᠂ ᠮᠣᠷᠢ ᠤᠷᠤᠯᠳᠤᠬᠤ ᠲᠠᠯᠠᠪᠠᠢ ︵ᠮᠣᠷᠢ ᠤᠨᠤᠬᠤ︶᠂ ᠲᠣᠣᠷ ᠤᠯᠠᠭᠠᠨ ᠵᠠᠰᠠᠮᠠᠯ ᠵᠠᠮ ︵ᠬᠥᠭᠦᠷᠭᠡ︶᠂ ᠤᠰᠤᠨ ᠳᠡᠭᠡᠷᠡᠬᠢ ᠲᠣᠭᠤᠷᠢᠨ ᠵᠤᠭᠠᠴᠠᠬᠤ ᠵᠤᠭ᠎ᠠ ᠴᠡᠩᠭᠡᠯ ᠤᠨ ᠲᠦᠷᠦᠯ ᠵᠦᠢᠯ ᠳᠤ ᠠᠶᠤᠯᠭᠦᠢ ᠦᠢᠯᠡᠳᠪᠦᠷᠢᠯᠡᠯ ᠤᠨ ᠠᠵᠢᠯ ᠢ ᠭᠦᠢᠴᠡᠳᠬᠡᠬᠦ ᠶᠢ ᠬᠠᠷᠢᠭᠤᠴᠠᠨ᠎ᠠ᠃    ︵ᠠᠷᠪᠠᠨ ᠲᠦᠷᠪᠡ︶ ᠬᠤᠳᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ᠃ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠠᠶᠤᠯ ᠥᠭᠡᠢ ᠦᠢᠯᠡᠳᠪᠦᠷᠢᠯᠡᠯ ᠲᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ ᠤᠰᠤᠨ ᠠᠰᠢᠭᠯᠠᠯᠲᠠ ᠵᠢᠨ‌‍ᠪᠥ᠋ᠳᠥᠭᠡᠨ ᠪᠠᠶᠢᠭᠤᠯᠤᠯᠲᠠ ᠶᠢᠨ ᠪᠠᠷᠢᠯᠭ᠎ᠠ  ᠶᠢᠨ ᠠᠶᠤᠯ ᠥᠭᠡᠢ ᠦᠢᠯᠡᠳᠪᠦᠷᠢᠯᠡᠯ ᠲᠤ ᠬᠢᠨᠠᠯᠲᠠ ᠲᠠᠯᠪᠢᠵᠤ ᠬᠠᠮᠢᠶᠠᠷᠬᠤ  ᠶᠢ ᠬᠠᠷᠢᠭᠤᠴᠠᠨ᠎ᠠ᠃ ᠤᠰᠤᠨ ᠴᠥᠭᠦᠷᠥᠮ᠂ ᠤᠰᠤᠨ ᠴᠠᠬᠢᠯᠭᠠᠨ ᠰᠲ᠋ᠠᠨᠼᠢ ᠶᠢᠨ ᠬᠠᠰᠢᠯᠭ᠎ᠠ᠂ ᠬᠥᠳᠡᠭᠡ ᠲᠣᠰᠬᠤᠨ ᠤ ᠤᠰᠤᠨ ᠴᠠᠬᠢᠯᠭᠠᠨ ᠰᠲ᠋ᠠᠨᠼᠢ ᠵᠡᠷᠭᠡ ᠤᠰᠤᠨ ᠠᠰᠢᠭᠯᠠᠯᠲᠠ ᠶᠢᠨ ᠲᠥᠬᠦᠭᠡᠷᠦᠮᠵᠢ ᠶᠢᠨ ᠠᠶᠤᠯᠭᠦᠶ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠭᠤᠣᠯ ᠤᠨ ᠵᠠᠮ ᠠᠴᠠ ᠬᠠᠶᠢᠷ ᠮᠠᠯᠲᠠᠬᠤ ᠠᠶᠤᠯ ᠥᠭᠡᠢ ᠦᠢᠯᠡᠳᠪᠦᠷᠢᠯᠡᠯ ᠲᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠵᠤ᠂ ᠬᠠᠶᠢᠷ ᠮᠠᠯᠲᠠᠬᠤ ᠨᠢ ᠦᠶᠡᠷ ᠰᠡᠷᠭᠡᠶᠢᠯᠡᠬᠦ ᠠᠶᠤᠯ ᠥᠭᠡᠢ᠂ ᠭᠤᠣᠯ ‍ᠤᠨ‌‍ᠪᠠᠶᠢᠳᠠᠯ  ᠤᠨ ᠲᠣᠭᠲᠠᠭᠤᠨ ᠪᠠᠶᠢᠬᠤ᠂ ᠬᠠᠰᠢᠯᠭ᠎ᠠ ᠲᠠᠯᠠᠩ ‍ᠤᠨ‌ᠠᠶᠤᠯ ᠥᠭᠡᠢ ᠶᠢ ᠨᠥᠯᠥᠭᠡᠯᠡᠬᠦ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠡᠷᠡᠭᠵᠢᠭᠦᠯᠦᠨ᠎ᠡ᠃ ᠤᠰᠤ ᠭᠠᠩ ᠤᠨ ᠭᠠᠮᠰᠢᠭ ᠢ ᠵᠠᠰᠠᠬᠤ ᠢᠨᠵᠧᠨᠧᠷᠢᠩ ᠤᠨ ᠠᠶᠤᠯᠭᠦᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃    ︵ᠠᠷᠪᠠᠨ ᠲᠠᠪᠤ︶ ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠃ ᠰᠣᠶᠣᠯ ᠪᠠ ᠵᠢᠭᠤᠯᠴᠢᠯᠠᠯ ᠤᠨ ᠠᠵᠢᠯ ᠲᠥᠷᠥᠯ ᠤᠨ ᠠᠶᠤᠯ ᠥᠬᠡᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠲᠠᠷᠢᠶᠠᠯᠠᠩ ᠤᠨ ᠵᠤᠭᠠᠴᠠᠯ ᠤᠨ ᠬᠦᠷᠢᠶᠡᠯᠡᠩ᠂ ᠰᠡᠯᠡᠭᠦᠴᠡᠯ ᠤᠨ ᠬᠦᠷᠢᠶᠡᠯᠡᠩ᠂ ᠲᠡᠭᠦᠬᠦ ᠬᠦᠷᠢᠶᠡᠯᠡᠩ᠂ ᠨᠢᠭᠤᠴᠠ ᠥᠷᠥᠭᠡ ᠠᠴᠠ ᠳᠤᠲᠠᠭᠠᠬᠤ᠂ ᠵᠦᠴᠦᠭᠡ ᠶᠢᠨ ᠳᠡᠪᠲᠡᠷ ᠢᠶᠠᠷ ᠠᠯᠠᠬᠤ᠂ ᠠᠷᠠᠳ ᠤᠨ ᠣᠷᠣᠨ ᠰᠠᠭᠤᠴᠠ᠂ ᠲᠠᠷᠢᠶᠠᠴᠢᠨ ᠠᠶᠢᠯ ᠤᠨ ᠵᠤᠭᠠᠴᠠᠯ᠂ ᠴᠠᠬᠢᠯᠭᠠᠨ ᠥᠷᠢᠰᠥᠯᠳᠦᠭᠡᠨ ᠤ ᠵᠣᠴᠢᠳ ᠤᠨ ᠪᠠᠭᠤᠳᠠᠯ᠂ ᠬᠥᠳᠡᠯᠭᠡᠬᠦ ᠬᠦᠴᠦᠨ ᠤ ᠪᠤᠰᠤ ᠵᠤᠭᠠᠴᠠᠯ ᠤᠨ ᠣᠩᠭᠤᠴᠠ ᠵᠡᠷᠭᠡ ᠰᠢᠨ᠎ᠡ ᠰᠣᠶᠣᠯ ᠵᠤᠭᠠᠴᠠᠯ ᠤᠨ ᠦᠢᠯᠡᠰ ᠤᠨ ᠬᠡᠯᠪᠡᠷᠢ ᠶᠢᠨ ᠲᠥᠷᠥᠯ  ᠵᠦᠢᠯ ᠤᠨ ᠠᠶᠤᠯ ᠥᠬᠡᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠰᠣᠶᠣᠯ  ᠤᠨ ᠰᠢᠰᠲ᠋ᠧᠮ ᠤᠨ ᠬᠠᠷᠢᠶ᠎ᠠ ᠨᠢᠭᠡᠴᠡ᠂ ᠰᠤᠶᠤᠯ ᠵᠤᠭ᠎ᠠ ᠴᠡᠩᠭᠡᠯ ‍ᠤᠨ‌ᠭᠠᠵᠠᠷ ᠲᠠᠯᠠᠪᠤᠷ ︵ᠲᠥᠷ ᠴᠠᠭ ᠲᠠᠪᠴᠠᠩ ᠪᠠᠶᠢᠭᠤᠯᠤᠭᠰᠠᠨ ᠲᠤᠮᠤ ᠬᠡᠯᠪᠡᠷᠢ ᠶᠢᠨ ᠲᠣᠭᠯᠠᠯᠲᠠ ᠶᠢᠨ ᠠᠵᠢᠯᠯᠠᠭ᠎ᠠ ᠪᠠᠭᠲᠠᠨ᠎ᠠ︶᠂ ᠡᠵᠡᠩᠨᠡᠯᠲᠡ ᠶᠢᠨ ᠴᠢᠨᠠᠷᠲᠠᠶ ᠲᠣᠭᠯᠠᠯᠲᠠ ᠶᠢᠨ ᠲᠠᠯᠠᠪᠤᠷ᠂ ᠤᠷᠠᠯᠢᠭ ᠤᠨ ᠪᠦᠲᠦᠭᠡᠯ ᠡᠵᠡᠩᠨᠡᠬᠦ ᠲᠠᠯᠠᠪᠤᠷ᠂ ᠢᠨᠲ᠋ᠧᠷ ᠰᠦᠯᠵᠢᠶᠡᠨ ᠤ  ᠰᠦᠯᠵᠢᠶᠡᠨ ᠳᠤ ᠭᠠᠷᠬᠤ ᠦᠢᠯᠡᠴᠢᠯᠡᠭᠡᠨ  ᠤ ᠡᠵᠡᠩᠨᠡᠯᠲᠡ ᠶᠢᠨ ᠲᠠᠯᠠᠪᠤᠷ ᠭᠠᠵᠠᠷ ᠬᠢᠭᠡᠳ ᠰᠣᠶᠣᠯ ‍ᠤᠨ‌ᠠᠵᠢᠯᠯᠠᠭ᠎ᠠ ᠶᠢᠨ ᠠᠶᠤᠯ ᠥᠭᠡᠢ ᠦᠢᠯᠡᠳᠪᠦᠷᠢᠯᠡᠯ ᠲᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ ᠰᠢᠯ ᠬᠥᠭᠦᠷᠭᠡᠨ ᠵᠠᠮ ᠵᠡᠷᠭᠡ ᠲᠦᠭᠰᠢᠭᠦᠷᠢ ᠶᠡᠬᠡᠲᠡᠶ ᠵᠢᠭᠤᠯᠴᠢᠯᠠᠯ ᠤᠨ ᠲᠥᠷᠥᠯ ᠵᠦᠢᠯ᠂ ᠭᠤᠯᠭᠤᠭᠤᠷ ᠵᠠᠮ ᠤᠨ ᠲᠥᠷᠥᠯ ᠵᠦᠢᠯ ᠵᠡᠷᠭᠡ ᠲᠦᠭᠰᠢᠭᠦᠷᠢ ᠶᠡᠬᠡᠲᠡᠶ ᠵᠢᠭᠤᠯᠴᠢᠯᠠᠯ ᠤᠨ ᠲᠥᠷᠥᠯ ᠵᠦᠢᠯ᠂ ᠬᠡᠷ ᠳᠣᠲᠣᠷᠠᠬᠢ ᠮᠥᠰᠥ ᠴᠠᠰᠤᠨ ᠤ ᠲᠠᠯᠠᠪᠤᠷ ᠤᠨ ᠠᠶᠤᠯ ᠥᠬᠡᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠲᠦᠷᠦᠭᠦᠯᠡᠨ ᠬᠠᠷᠢᠭᠤᠴᠠᠨ᠎ᠠ᠃ ᠵᠢᠭᠤᠯᠴᠢᠯᠠᠯ ᠤᠨ ᠭᠠᠵᠠᠷ᠂ ᠵᠢᠭᠤᠯᠴᠢᠯᠠᠯ ᠤᠨ ᠦᠵᠡᠮᠵᠢ ᠶᠢᠨ ᠣᠷᠣᠨ ᠤ ᠠᠶᠤᠯ ᠥᠬᠡᠶ  ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠵᠢᠯᠴᠠᠨ ᠵᠢᠭᠤᠯᠴᠢᠯᠠᠯ ᠤᠨ ᠠᠶᠠᠨᠴᠢᠳ ᠤᠨ ᠲᠡᠭᠡᠭᠡᠪᠦᠷᠢ᠂ ᠵᠢᠭᠤᠯᠴᠢᠯᠠᠯ ᠤᠨ ᠪᠡᠯᠡᠳᠬᠡᠮᠵᠢ ᠲᠥᠬᠦᠭᠡᠷᠦᠮᠵᠢ ᠶᠢᠨ ᠠᠶᠤᠯ ᠥᠬᠡᠶ ᠦᠢᠯᠡᠳᠪᠦᠷᠢᠯᠡᠯ ᠤᠨ ᠬᠢᠨᠠᠯᠲᠠ ᠲᠣᠮᠣ ᠬᠡᠯᠪᠡᠷᠢ ᠶᠢᠨ ᠰᠣᠶᠣᠯ ᠪᠠ ᠵᠢᠭᠤᠯᠴᠢᠯᠠᠯ ᠤᠨ ᠭᠠᠳᠠᠭᠠᠳᠤ ︵ᠬᠢᠯᠢ ᠶᠢᠨ ᠭᠠᠳᠠᠨ᠎ᠠ︶ ᠶᠢᠨ ᠰᠣᠯᠢᠯᠴᠠᠭᠠᠨ ᠤ ᠠᠵᠢᠯᠯᠠᠭ᠎ᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠬᠠᠳᠠ ᠮᠠᠴᠤᠬᠤ᠂ ᠭᠡᠷ ᠤᠨ ᠭᠠᠳᠠᠨ᠎ᠠ ᠲᠠᠯᠠᠪᠠᠢ ᠶᠢ ᠥᠷᠭᠡᠳᠬᠡᠬᠦ᠂ ᠭᠡᠷ ᠤᠨ ᠭᠠᠳᠠᠨ᠎ᠠ ᠬᠡᠭᠡᠷ᠎ᠡ ᠪᠠᠭᠤᠳᠠᠯᠯᠠᠬᠤ ᠰᠠᠭᠤᠷᠢᠨ ᠭᠠᠵᠠᠷ᠂ ᠮᠣᠷᠢ ᠤᠷᠤᠯᠳᠤᠬᠤ ᠲᠠᠯᠠᠪᠠᠢ ︵ᠮᠣᠷᠢ ᠤᠨᠤᠬᠤ︶᠂  ᠸᠠᠩ ᠬᠤᠩ ᠵᠠᠰᠠᠮᠠᠯ ᠵᠠᠮ ︵ᠬᠥᠭᠦᠷᠭᠡ︶᠂ ᠤᠰᠤᠨ ᠳᠡᠭᠡᠷᠡᠬᠢ ᠲᠣᠭᠤᠷᠢᠨ ᠵᠤᠭᠠᠴᠠᠬᠤ ᠵᠤᠭ᠎ᠠ ᠴᠡᠩᠭᠡᠯ ᠤᠨ ᠲᠦᠷᠦᠯ ᠵᠦᠢᠯ ᠳᠤ ᠠᠶᠤᠯᠭᠦᠢ ᠦᠢᠯᠡᠳᠪᠦᠷᠢᠯᠡᠯ ᠤᠨ ᠠᠵᠢᠯ ᠢ ᠭᠦᠢᠴᠡᠳᠬᠡᠬᠦ ᠶᠢ ᠬᠠᠷᠢᠭᠤᠴᠠᠨ᠎ᠠ᠃ ᠲᠡᠦᠬᠡ  ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠠᠵᠢᠯ ᠲᠦᠷᠦᠯ ‍ᠤᠨ‌ᠠᠶᠤᠯ ᠦᠭᠡᠢ ᠶᠢᠨ ᠬᠠᠮᠢᠶᠠᠷᠤᠯᠲᠠ  ᠶᠢᠨ ᠠᠵᠢᠯ  ᠢ ᠬᠠᠷᠢᠭᠤᠴᠠᠵᠤ᠂ ᠲᠡᠦᠬᠡ ᠶᠢᠨ ᠳᠤᠷᠠᠰᠬᠠᠯᠲᠤ ᠵᠦᠢᠯ  ᠤᠨ ᠪᠠᠷᠢᠯᠭ᠎ᠠ  ᠶᠢᠨ ᠠᠶᠤᠯ ᠠᠴᠠ ᠠᠪᠤᠷᠠᠬᠤ᠂ ᠰᠡᠯᠪᠢᠨ ᠵᠠᠰᠠᠬᠤ ᠪᠠᠷᠢᠯᠭ᠎ᠠ ᠵᠢᠨ‌ᠠᠶᠤᠯ ᠦᠭᠡᠢ ᠦᠢᠯᠡᠳᠪᠦᠷᠢᠯᠡᠯ ᠲᠤ ᠬᠢᠨᠠᠯᠲᠠ ᠲᠠᠯᠪᠢᠵᠤ ᠬᠠᠮᠢᠶᠠᠷᠬᠤ  ᠶᠢ ᠬᠠᠷᠢᠭᠤᠴᠠᠨ᠎ᠠ᠃ ᠷᠠᠳᠢᠣ᠋ ᠲᠧᠯᠸᠢᠰ ᠤᠨ ᠠᠵᠢᠯ ᠲᠥᠷᠥᠯ ᠤᠨ ᠠᠶᠤᠯᠭᠦᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠷᠠᠳᠢᠣ᠋ ᠲᠧᠯᠸᠢᠰ ᠤᠨ ᠴᠢᠬᠤᠯᠠ ᠶᠡᠭᠡ ᠢᠨᠵᠧᠨᠧᠷᠢᠩ᠂ ᠭᠤᠤᠯᠳᠠᠯᠭ᠎ᠠ ᠲᠠᠢ ᠰᠠᠭᠤᠷᠢ ᠪᠡᠯᠡᠳᠬᠡᠮᠵᠢ ᠶᠢᠨ ᠢᠨᠵᠧᠨᠧᠷᠢᠩ ᠤᠨ ᠠᠶᠤᠯ ᠥᠬᠡᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠷᠠᠳᠢᠣ᠋ ᠲᠧᠯᠸᠢᠰ ᠤᠨ ᠨᠡᠪᠲᠡᠷᠡᠭᠦᠯᠭᠡ ᠶᠢᠨ ᠪᠠᠶᠢᠭᠤᠯᠤᠮᠵᠢ ᠶᠢ ᠵᠣᠬᠢᠶᠠᠨ ᠪᠠᠶᠢᠭᠤᠯᠤᠨ ᠵᠢᠯᠣᠭᠤᠳᠴᠤ ᠪᠠᠶᠢᠭᠠᠳ ᠠᠶᠤᠯ ᠥᠬᠡᠶ ᠦᠢᠯᠡᠳᠪᠦᠷᠢᠯᠡᠯ ᠤᠨ ᠤᠬᠠᠭᠤᠯᠭ᠎ᠠ ᠬᠥᠮᠦᠵᠢᠯ ᠢ ᠥᠷᠨᠢᠭᠦᠯᠦᠨ᠎ᠡ᠃ ᠪᠡᠶ᠎ᠡ ᠶᠢᠨ ᠲᠠᠮᠢᠷ ᠤᠨ ᠠᠵᠢᠯ ᠲᠥᠷᠥᠯ ᠤᠨ ᠠᠶᠤᠯ ᠥᠬᠡᠶ ᠦᠢᠯᠡᠳᠪᠦᠷᠢᠯᠡᠯ ᠤᠨ ᠬᠢᠨᠠᠯᠲᠠ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠪᠡᠯᠡᠳᠬᠡᠮᠵᠢ ᠶᠢᠨ ᠠᠶᠤᠯ ᠥᠬᠡᠶ ᠠᠵᠢᠯᠯᠠᠭᠠᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠪᠡᠶ᠎ᠡ ᠴᠢᠭᠢᠷᠠᠭᠵᠢᠭᠤᠯᠬᠤ ᠬᠡᠷ ᠤᠨ ᠠᠶᠤᠯ ᠥᠬᠡᠶ ᠶᠢᠨ ᠬᠠᠮᠢᠶᠠᠷᠤᠯᠲᠠ ᠶᠢᠨ ᠠᠵᠢᠯ ᠢ ᠠᠶᠤᠯ ᠶᠡᠬᠡᠲᠡᠶ ᠪᠡᠶ᠎ᠡ ᠶᠢᠨ ᠲᠠᠮᠢᠷ ᠤᠨ ᠲᠥᠷᠥᠯ  ᠵᠦᠢᠯ᠂ ᠴᠢᠬᠤᠯᠠ ᠪᠡᠶ᠎ᠡ ᠶᠢᠨ ᠲᠠᠮᠢᠷ ᠤᠨ ᠤᠷᠤᠯᠳᠤᠭᠠᠨ ᠪᠠ ᠠᠵᠢᠯᠯᠠᠭ᠎ᠠ᠂ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠲᠠᠷᠬᠠᠭᠠᠯᠲᠠ ᠵᠢᠴᠢ ᠪᠣᠷᠣᠯᠠᠭᠤᠯᠭ᠎ᠠ ᠶᠢᠨ ᠲᠣᠤᠷ ᠴᠢᠬ ᠪᠠ ᠡᠵᠡᠩᠨᠡᠯᠲᠡ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠤᠯᠤᠰ ᠤᠨ ᠳᠣᠲᠣᠭᠠᠳᠤ ᠶᠢᠨ ᠪᠠ ᠳᠡᠯᠡᠬᠡᠶ ᠶᠢᠨ ᠴᠢᠬᠤᠯᠠ ᠶᠡᠭᠡ ᠪᠡᠶ᠎ᠡ ᠶᠢᠨ ᠲᠠᠮᠢᠷ ᠤᠨ ᠤᠷᠤᠯᠳᠤᠭᠠᠨ ᠵᠢᠴᠢ ᠭᠠᠳᠠᠭᠠᠳᠤ ᠯᠤᠭ᠎ᠠ ᠶᠢᠨ ᠪᠡᠶ᠎ᠡ ᠶᠢᠨ ᠲᠠᠮᠢᠷ ᠤᠨ ᠬᠠᠮᠲᠤᠷᠠᠯᠴᠠᠭ᠎ᠠ ᠬᠢᠭᠡᠳ ᠰᠣᠯᠢᠯᠴᠠᠭ᠎ᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠳᠠᠭᠠᠭᠠᠨ ︽ᠳᠣᠣᠷ᠎ᠠ ᠪᠠᠭ᠎ᠠ ᠤᠳᠠᠭᠠᠨ︾ ᠠᠭᠠᠷ ᠤᠨ ᠨᠢᠰᠦᠭᠦᠷ ᠤᠨ ᠨᠢᠰᠦᠯᠲᠡ ᠶᠢᠨ ᠪᠣᠯᠪᠠᠰᠤᠷᠠᠯ ᠤᠨ ᠬᠥᠳᠡᠯᠭᠡᠭᠡᠨ ᠤ ᠺᠯᠦ᠋ᠪ ᠢ ᠳᠠᠩᠰᠠᠯᠠᠬᠤ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ︵ᠪᠡᠶ᠎ᠡ ᠶᠢᠨ ᠲᠠᠮᠢᠷ᠂ ᠤᠷᠠᠯᠢᠭ ᠤᠨ ᠰᠢᠨᠵᠢᠯᠡᠭᠡᠨ ᠤ ᠰᠠᠯᠠᠭ᠎ᠠ︶ ᠶᠢᠨ ᠠᠶᠤᠯ ᠥᠬᠡᠶ ᠦᠢᠯᠡᠳᠪᠦᠷᠢᠯᠡᠯ ᠤᠨ ᠠᠵᠢᠯ ᠢ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠲᠦᠷᠦᠭᠦᠯᠡᠨ ᠬᠠᠷᠢᠭᠤᠴᠠᠨ᠎ᠠ᠃    ︵ᠠᠷᠪᠠᠨ ᠵᠢᠷᠭᠤᠭ᠎ᠠ︶ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠃ ᠡᠮᠴᠢᠯᠡᠭᠡ ᠡᠷᠡᠭᠦᠯ ᠬᠠᠮᠠᠭᠠᠯᠠᠯ᠂ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ᠂ ᠲᠥᠯᠥᠪᠯᠡᠭᠡᠲᠦ ᠦᠷᠡᠵᠢᠯ᠂ ᠡᠬᠡ ᠨᠢᠯᠬᠠᠰ ᠤᠨ ᠡᠷᠡᠭᠦᠯ ᠮᠡᠨᠳᠦ᠂ ᠠᠵᠢᠯ ᠮᠡᠷᠭᠡᠵᠢᠯ ᠤᠨ ᠡᠷᠡᠭᠦᠯ ᠮᠡᠨᠳᠦ ᠵᠡᠷᠭᠡ ᠨᠡᠶᠢᠲᠡ ᠶᠢᠨ ᠠᠰᠠᠷᠠᠮᠵᠢ ᠶᠢᠨ ᠦᠢᠯᠡᠰ ᠪᠠ ᠦᠢᠯᠡᠴᠢᠯᠡᠭᠡᠨ ᠤ ᠠᠵᠢᠯ ᠲᠥᠷᠥᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ᠂ ᠰᠠᠴᠤᠷᠠᠭ ᠢᠳᠡᠪᠬᠢ ᠡᠷᠡᠭᠦᠯ ᠬᠠᠮᠠᠭᠠᠯᠠᠯ ᠤᠨ ᠠᠶᠤᠯ ᠥᠭᠡᠢ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠠᠶᠤᠯᠲᠠᠶ ᠬᠢᠮᠢ ᠶᠢᠨ ᠪᠣᠳᠠᠰ᠂ ᠡᠮᠴᠢᠯᠡᠭᠡᠨ ᠤ ᠬᠠᠶᠠᠭᠳᠠᠮᠠᠯ ᠪᠣᠳᠠᠰ ᠵᠡᠷᠭᠡ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠲᠤᠷᠰᠢᠯᠲᠠ ᠶᠢᠨ ᠲᠠᠰᠤᠭ ᠤᠨ ᠠᠮᠢᠳᠤ ᠪᠣᠳᠠᠰ ᠤᠨ ᠠᠮᠤᠷ ᠲᠦᠪᠰᠢᠨ ᠳᠤ ᠬᠢᠨᠠᠯᠲᠠ ᠲᠠᠯᠪᠢᠬᠤ ᠣᠯᠠᠨ ᠬᠥᠮᠦᠨ ᠦᠬᠦᠵᠦ ᠰᠢᠷᠬᠠᠲᠤᠭᠰᠠᠨ  ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠢ ᠬᠠᠷᠢᠭᠤᠴᠠᠨ᠎ᠠ᠃ ᠰᠠᠷ᠎ᠠ ᠶᠢᠨ ᠬᠡᠤᠬᠡᠳ ᠤᠨ ᠲᠥᠪ ᠤᠨ ᠡᠬᠡ ᠨᠢᠯᠬᠠᠰ ᠤᠨ ᠰᠤᠪᠢᠯᠠᠯᠲᠠ ᠶᠢᠨ ᠭᠠᠵᠠᠷ ᠤᠨ ᠠᠶᠤᠯ ᠥᠬᠡᠶ ᠦᠢᠯᠡᠳᠪᠦᠷᠢᠯᠡᠯ ᠤᠨ ᠠᠵᠢᠯ ᠢ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠲᠦᠷᠦᠭᠦᠯᠡᠨ ᠬᠠᠷᠢᠭᠤᠴᠠᠨ᠎ᠠ᠃    ︵ᠠᠷᠪᠠᠨ ᠳᠣᠯᠤᠭ᠎ᠠ︶ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠤᠪᠴᠢᠶ᠎ᠠ᠃ ᠪᠥᠬᠦ ᠬᠤᠲᠠ ᠶᠢᠨ ᠠᠶᠤᠯ ᠥᠬᠡᠶ ᠦᠢᠯᠡᠳᠪᠦᠷᠢᠯᠡᠯ ᠤᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢ ᠬᠠᠷᠢᠭᠤᠴᠠᠵᠤ᠂ ᠠᠶᠤᠯ ᠥᠬᠡᠶ ᠦᠢᠯᠡᠳᠪᠦᠷᠢᠯᠡᠯ ᠤᠨ ᠵᠠᠰᠠᠭ ᠤᠨ ᠣᠷᠳᠣᠨ ᠤ ᠲᠦᠷᠢᠮ ᠲᠣᠭᠲᠠᠭᠠᠯ ᠤᠨ ᠲᠥᠰᠦᠯ ᠵᠢᠴᠢ ᠬᠤᠯᠪᠣᠭᠳᠠᠯ ᠪᠥᠬᠦᠶ ᠠᠵᠢᠯ ᠲᠥᠷᠥᠯ ᠤᠨ ᠠᠶᠤᠯ ᠥᠬᠡᠶ ᠦᠢᠯᠡᠳᠪᠦᠷᠢᠯᠡᠯ ᠤᠨ ᠣᠷᠣᠨ ᠨᠤᠲᠤᠭ ᠤᠨ  ᠪᠠᠷᠢᠮᠵᠢᠶ᠎ᠠ ᠶᠢ ᠵᠦᠬᠢᠶᠠᠨ ᠪᠠᠶᠢᠭᠤᠯᠤᠨ ᠳᠤᠭᠤᠷᠪᠢᠨ ᠪᠢᠴᠢᠨ᠎ᠡ᠃ ᠠᠶᠤᠯ ᠥᠭᠡᠢ‌ᠦᠢᠯᠡᠳᠪᠦᠷᠢᠯᠡᠯ ᠤᠨ ᠪᠠᠶᠢᠳᠠᠯ ᠢ ᠵᠠᠳᠠᠯᠬᠤ ᠪᠠ ᠲᠥᠰᠦᠭᠡᠯᠡᠵᠦ᠂ ᠠᠶᠤᠯ ᠥᠭᠡᠢ ᠦᠢᠯᠡᠳᠪᠦᠷᠢᠯᠡᠯ ᠤᠨ ᠮᠡᠳᠡᠭᠡ ᠵᠠᠩᠭᠢ ᠶᠢ ᠨᠡᠶᠢᠲᠡᠯᠡᠵᠦ᠂ ᠠᠶᠤᠯ ᠥᠭᠡᠢ ᠦᠢᠯᠡᠳᠪᠦᠷᠢᠯᠡᠯ  ᠤᠨ ᠪᠠᠷᠢᠮᠵᠢᠶᠠᠵᠢᠭᠤᠯᠬᠤ᠂ ᠮᠡᠳᠡᠭᠡ ᠵᠠᠩᠭᠢᠵᠢᠭᠤᠯᠬᠤ᠂ ᠠᠶᠤᠯ ᠥᠭᠡᠢ ᠶᠢᠨ ᠲᠦᠭᠰᠢᠭᠦᠷᠢ ᠶᠢ ᠲᠡᠰ ᠬᠤᠪᠢᠶᠠᠨ ᠬᠠᠮᠢᠶᠠᠷᠤᠨ ᠡᠵᠡᠮᠳᠡᠬᠦ ᠪᠠ ᠲᠠᠯᠳᠠ ᠭᠡᠮ ᠢ ᠵᠢᠭᠰᠠᠭᠠᠨ ᠪᠠᠶᠢᠴᠠᠭᠠᠵᠤ ᠵᠠᠰᠠᠬᠤ ᠳᠠᠪᠬᠤᠷ ᠰᠡᠷᠭᠡᠶᠢᠯᠡᠬᠦ ᠲᠣᠭᠲᠠᠴᠠ ᠶᠢᠨ ᠪᠠᠶᠢᠭᠤᠯᠤᠯᠲᠠ᠂ ᠠᠶᠤᠯ ᠥᠭᠡᠢ ᠦᠢᠯᠡᠳᠪᠦᠷᠢᠯᠡᠯ ‍ᠤᠨ‌ᠬᠠᠷᠢᠭᠤᠴᠠᠯᠭ᠎ᠠ ᠶᠢᠨ ᠳᠠᠭᠠᠳᠬᠠᠯ ‍ᠤᠨ‌‍ᠬᠡᠷᠡᠭᠵᠢᠭᠦᠯᠬᠦ ᠠᠵᠢᠯ ᠢ ᠵᠣᠬᠢᠴᠠᠭᠤᠯᠤᠨ ᠲᠥᠯᠬᠢᠨ ᠠᠬᠢᠭᠤᠯᠤᠨ᠎ᠠ᠃ ᠠᠶᠤᠯ ᠥᠭᠡᠢ ᠦᠢᠯᠡᠳᠪᠦᠷᠢᠯᠡᠯ  ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠡᠷᠬᠡ ᠲᠤᠰᠢᠶᠠᠯ  ᠢ ᠬᠠᠤᠯᠢ ᠶᠣᠰᠣᠭᠠᠷ ᠶᠠᠪᠤᠭᠤᠯᠵᠤ᠂ ᠬᠤᠳᠠ ᠶᠢᠨ ᠬᠤᠯᠪᠣᠭᠳᠠᠯ ᠪᠥᠬᠦᠢ ᠰᠠᠯᠠᠭ᠎ᠠ ᠮᠥᠴᠢᠷ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠣᠯᠤᠨ ᠡᠯ᠎ᠡ ᠰᠢᠶᠠᠩ ᠪᠠᠯᠭᠠᠰᠤ ᠶᠢᠨ ᠠᠷᠠᠳ ‍ᠤᠨ‌ᠵᠠᠰᠠᠭ  ᠤᠨ ᠣᠷᠳᠣᠨ ᠤ ᠠᠶᠤᠯ ᠥᠭᠡᠢ ᠦᠢᠯᠡᠳᠪᠦᠷᠢᠯᠡᠯ  ᠤᠨ ᠠᠵᠢᠯ  ᠢ ᠵᠢᠯᠣᠭᠤᠳᠤᠨ ᠵᠣᠬᠢᠴᠠᠭᠤᠯᠵᠤ᠂ ᠬᠢᠨᠠᠯᠲᠠ ᠲᠠᠯᠪᠢᠨ ᠪᠠᠶᠢᠴᠠᠭᠠᠵᠤ᠂  ᠪᠠᠶᠢᠴᠠᠭᠠᠨ‌‍ᠬᠢᠨᠠᠨ ᠰᠢᠯᠭᠠᠵᠤ᠂ ᠪᠥᠬᠦ ᠬᠤᠳᠠ ᠶᠢᠨ ᠴᠢᠨᠠᠷᠲᠠᠶ ᠠᠶᠤᠯ ᠥᠭᠡᠢ ᠦᠢᠯᠡᠳᠪᠦᠷᠢᠯᠡᠯ ‍ᠤᠨ‌‍ᠲ᠋ᠤᠰᠬᠠᠶ ᠵᠦᠢᠯ ᠤᠨ ᠰᠢᠮᠳᠠᠭᠤᠯᠤᠨ ᠪᠠᠶᠢᠴᠠᠭᠠᠬᠤ᠂ ᠲᠤᠰᠬᠠᠶ ᠵᠦᠢᠯ  ᠢᠶᠠᠷ ᠴᠡᠭᠴᠡᠯᠡᠨ ᠵᠠᠰᠠᠬᠤ ᠵᠡᠷᠭᠡ ᠠᠵᠢᠯ  ᠢ ᠵᠣᠬᠢᠶᠠᠨ ᠪᠠᠶᠢᠭᠤᠯᠤᠨ ᠵᠣᠬᠢᠴᠠᠭᠤᠯᠬᠤ ᠶᠢ ᠬᠠᠷᠢᠭᠤᠴᠠᠨ᠎ᠠ᠃ ᠠᠶᠤᠯᠲᠠᠶ ᠬᠢᠮᠢ ᠶᠢᠨ  ᠵᠦᠢᠯ᠂ ᠬᠦᠦᠠᠷ ᠫᠤᠤᠵᠢᠩ ᠤᠨ ᠠᠶᠤᠯ ᠥᠬᠡᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠵᠢᠴᠢ ᠠᠶᠤᠯᠲᠠᠶ ᠬᠢᠮᠢ ᠶᠢᠨ ᠵᠦᠢᠯ ᠤᠨ ᠠᠶᠤᠯ ᠥᠬᠡᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠠᠵᠢᠯ ᠢ ᠬᠠᠷᠢᠭᠤᠴᠠᠨ᠎ᠠ᠃ ᠨᠡᠭᠦᠷᠡᠰᠦᠨ ᠤ  ᠪᠤᠰᠤ ᠠᠭᠤᠷᠬᠠᠶ ᠶᠢᠨ ᠠᠶᠤᠯ ᠥᠭᠡᠢ ᠦᠢᠯᠡᠳᠪᠦᠷᠢᠯᠡᠯ ᠲᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ ᠲᠡᠮᠦᠷᠯᠢᠭ ᠪᠣᠯᠪᠠᠰᠤᠷᠠᠭᠤᠯᠬᠤ᠂ ᠥᠩᠭᠡᠲᠦ ᠲᠡᠮᠦᠷᠯᠢᠭ᠂ ᠪᠠᠷᠢᠯᠭ᠎ᠠ ᠶᠢᠨ  ᠮᠠᠲ᠋ᠧᠷᠢᠶᠠᠯ᠂  ᠮᠠᠰᠢᠨ᠂ ᠬᠥᠡᠭᠭᠡᠨ ᠠᠵᠤ ᠦᠢᠯᠡᠳᠪᠦᠷᠢ᠂ ᠨᠡᠬᠡᠮᠡᠯ᠂ ᠨᠠᠪᠴᠢᠨ ᠲᠠᠮᠠᠬᠢ᠂ ᠠᠷᠠᠯᠵᠢᠶ᠎ᠠ ᠬᠤᠳᠠᠯᠳᠤᠭ᠎ᠠ ᠵᠡᠷᠭᠡ ᠠᠵᠢᠯ ᠲᠥᠷᠥᠯ  ‍ᠦᠨ‌ᠠᠶᠤᠯ ᠥᠭᠡᠢ ᠦᠢᠯᠡᠳᠪᠦᠷᠢᠯᠡᠯ  ᠲᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ ᠬᠦᠨᠳᠦ ᠶᠡᠭᠡ ᠭᠠᠶ ᠭᠠᠮᠰᠢᠭ ᠢ ᠰᠡᠷᠭᠡᠶᠢᠯᠡᠨ ᠵᠠᠰᠠᠬᠤ᠂ ᠠᠶᠤᠯᠭᠦᠶ ᠦᠢᠯᠡᠳᠪᠦᠷᠢᠯᠡᠯ ᠢ ᠪᠠᠷᠢᠮᠵᠢᠶᠠᠵᠢᠭᠤᠯᠬᠤ ᠵᠡᠷᠭᠡ ᠠᠶᠤᠯᠭᠦᠶ ᠶᠢᠨ ᠰᠠᠭᠤᠷᠢ ᠪᠠᠶᠢᠭᠤᠯᠤᠯᠲᠠ ᠶᠢ ᠵᠢᠯᠣᠭᠤᠳᠤᠨ ᠲᠡᠭᠦᠨ ᠳᠤ ᠬᠢᠨᠠᠯᠲᠠ ᠲᠠᠯᠪᠢᠨ᠎ᠠ᠃ ᠨᠡᠭᠦᠷᠡᠰᠦᠨ  ᠤ ᠠᠵᠢᠯ ᠲᠥᠷᠥᠯ  ᠤᠨ ᠦᠢᠯᠡᠳᠪᠦᠷᠢᠯᠡᠯ ‍ᠤᠨ‌ᠠᠶᠤᠯ ᠥᠭᠡᠢ ᠶᠢᠨ ᠡ᠊ᠨᠳᠡᠯ  ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ᠂ ᠠᠶᠤᠯ ᠭᠠᠮᠰᠢᠭ ᠠᠴᠠ ᠠᠪᠤᠷᠠᠬᠤ᠂ ᠪᠠᠶᠢᠴᠠᠭᠠᠨ  ᠰᠢᠢᠳᠪᠦᠷᠢᠯᠡᠬᠦ ᠵᠡᠷᠭᠡ ᠠᠵᠢᠯ ᠲᠤ ᠬᠠᠮᠵᠢᠯᠴᠠᠨ ᠵᠣᠬᠢᠴᠠᠭᠤᠯᠤᠨ᠎ᠠ᠃ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠰᠢᠨ᠎ᠡ ᠪᠠᠷ ᠪᠠᠶᠢᠭᠤᠯᠤᠭᠰᠠᠨ᠂ ᠥᠭᠡᠷᠡᠴᠢᠯᠡᠨ ᠪᠠᠶᠢᠭᠤᠯᠤᠭᠰᠠᠨ᠂ ᠥᠷᠭᠡᠳᠬᠡᠨ ᠪᠠᠶᠢᠭᠤᠯᠤᠭᠰᠠᠨ ᠲᠥᠷᠥᠯ  ᠵᠦᠢᠯ ᠤᠨ ᠠᠮᠤᠷ ᠲᠦᠪᠰᠢᠨ ᠤ ᠪᠡᠯᠡᠳᠬᠡᠮᠵᠢ ᠶᠢ ᠭᠤᠤᠯ ᠴᠣᠭᠴᠠᠲᠤ ᠪᠠᠷᠢᠯᠭ᠎ᠠ ᠯᠤᠭ᠎ᠠ ᠬᠠᠮᠲᠤ ᠳᠤᠨᠢ ᠵᠢᠷᠤᠭᠯᠠᠨ ᠲᠥᠯᠥᠪᠯᠡᠭᠰᠡᠨ᠂ ᠬᠠᠮᠲᠤ ᠳᠤᠨᠢ ᠪᠠᠷᠢᠯᠭ᠎ᠠ ᠪᠠᠷᠢᠭᠰᠠᠨ᠂ ᠬᠠᠮᠲᠤ ᠳᠤᠨᠢ ᠠᠰᠢᠭᠯᠠᠯᠲᠠ ᠳᠤ ᠣᠷᠣᠭᠤᠯᠤᠨ ᠬᠡᠷᠡᠭᠯᠡᠭᠰᠡᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠬᠠᠷᠢᠭᠤᠴᠠᠨ᠎ᠠ ᠃ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠵᠢᠯᠣᠭᠤᠳᠴᠤ᠂  ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠢ ᠱᠠᠲᠤ ᠬᠤᠪᠢᠶᠠᠨ ᠠᠷᠭᠠᠴᠠᠬᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠨᠠᠶᠢᠷᠠᠭᠤᠯᠤᠨ ᠵᠣᠬᠢᠶᠠᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠵᠣᠯᠭᠠᠭᠤᠯᠬᠤ ᠠᠵᠢᠯ ᠢ ᠶᠡᠷᠦᠩᠬᠡᠶᠢᠯᠡᠨ ᠵᠣᠬᠢᠴᠠᠭᠤᠯᠵᠤ᠂ ᠪᠡᠯᠡᠳᠬᠡᠯ ᠲᠥᠰᠦᠯ ᠤᠨ ᠰᠣᠷᠢᠯᠲᠠ ᠶᠢ ᠵᠣᠬᠢᠴᠠᠭᠤᠯᠤᠨ ᠵᠣᠬᠢᠶᠠᠨ ᠪᠠᠶᠢᠭᠤᠯᠵᠤ ᠥᠷᠨᠢᠭᠦᠯᠦᠨ᠎ᠡ᠃ ᠠᠶᠤᠯ ᠥᠭᠡᠢ ᠦᠢᠯᠡᠳᠪᠦᠷᠢᠯᠡᠯ ‍ᠦᠨ‌‍ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ‌ᠠᠷᠭᠠᠴᠠᠵᠤ ᠠᠪᠤᠷᠠᠨ ᠲᠤᠰᠠᠯᠠᠬᠤ ᠶᠢ ᠵᠢᠯᠣᠭᠤᠳᠤᠨ ᠵᠣᠬᠢᠴᠠᠭᠤᠯᠵᠤ ᠵᠣᠬᠢᠶᠠᠨ ᠪᠠᠶᠢᠭᠤᠯᠵᠤ᠂ ᠪᠥᠬᠦ ᠬᠤᠳᠠ ᠶᠢᠨ ᠠᠶᠤᠯ ᠥᠭᠡᠢ ᠦᠢᠯᠡᠳᠪᠦᠷᠢᠯᠡᠯ ᠤᠨ ᠪᠠᠴᠢᠮ  ᠪᠠᠶᠢᠳᠡᠯ ᠢ ᠠᠷᠭᠠᠴᠠᠬᠤ ᠠᠪᠤᠷᠡᠨ ᠲᠤᠰᠠᠯᠠᠬᠤ ᠰᠢᠰᠲ᠋ᠧᠮ  ᠶᠢ ᠪᠥᠷᠢᠨᠰᠢᠬᠦᠯᠥᠨ ᠲᠡᠭᠦᠯᠳᠡᠷᠵᠢᠭᠦᠯᠵᠦ᠂ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠪᠠᠴᠢᠮ ᠪᠠᠶᠢᠳᠠᠯ ᠢ‌ᠠᠷᠭᠠᠴᠠᠵᠤ ᠠᠪᠤᠷᠠᠨ ᠲᠤᠰᠠᠯᠠᠬᠤ ᠲᠤᠰᠬᠠᠶ ᠬᠦᠴᠦᠨ ᠤ ᠪᠠᠶᠢᠭᠤᠯᠤᠯᠲᠠ ᠶᠢ ᠬᠠᠷᠢᠭᠤᠴᠠᠨ᠎ᠠ᠃ ᠵᠠᠰᠠᠭ ᠤᠨ ᠣᠷᠳᠣᠨ ᠤ ᠡᠷᠬᠡ ᠣᠯᠭᠤᠭᠰᠠᠨ ᠶᠣᠰᠣᠭᠠᠷ ᠡᠩ ᠤᠨ ᠦᠢᠯᠡᠳᠪᠦᠷᠢᠯᠡᠯ ᠤᠨ ᠠᠶᠤᠯ ᠥᠭᠡᠢ ᠶᠢᠨ ᠡ᠊ᠨᠳᠡᠯ ︵ᠨᠡᠭᠦᠷᠡᠰᠦᠨ ᠠᠭᠤᠷᠬᠠᠶ᠂ ᠣᠨᠴᠠ ᠲᠥᠷᠥᠯ  ᠤᠨ ᠲᠤᠨᠤᠭ ᠲᠥᠬᠦᠭᠡᠷᠦᠮᠵᠢ᠂ ᠲᠠᠷᠢᠶᠠᠯᠠᠩ ‍ᠤᠨ‌ᠮᠠᠰᠢᠨ᠂ ᠵᠠᠮ ᠬᠠᠷᠢᠯᠴᠠᠭ᠎ᠠ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠲᠤ ᠲᠣᠭᠲᠠᠭᠠᠭᠰᠠᠨ ᠪᠤᠰᠤᠳ ᠡ᠊ᠨᠳᠡᠯ ᠪᠠᠭᠲᠠᠬᠤ ᠥᠭᠡᠢ︶   ᠢ ᠪᠠᠶᠢᠴᠠᠭᠠᠨ  ᠰᠢᠢᠳᠪᠦᠷᠢᠯᠡᠬᠦ‌ᠠᠵᠢᠯ ᠵᠢᠴᠢ ᠪᠥᠬᠦ ᠬᠤᠳᠠ ᠶᠢᠨ ᠦᠢᠯᠡᠳᠪᠦᠷᠢᠯᠡᠯ  ᠤᠨ ᠠᠶᠤᠯ ᠥᠭᠡᠢ ᠶᠢᠨ ᠡ᠊ᠨᠳᠡᠯ  ᠢ ᠪᠦᠷᠢᠳᠬᠡᠬᠦ ᠠᠵᠢᠯ  ᠢ ᠬᠠᠷᠢᠭᠤᠴᠠᠨ ᠵᠣᠬᠢᠶᠠᠨ ᠪᠠᠶᠢᠭᠤᠯᠤᠨ᠎ᠠ᠃ ᠠᠶᠤᠯᠭᠦᠶ ᠶᠢᠨ ᠦᠨᠡᠯᠡᠯᠲᠡ᠂ ᠠᠶᠤᠯᠭᠦᠶ ᠦᠢᠯᠡᠳᠪᠦᠷᠢᠯᠡᠯ ᠤᠨ ᠰᠢᠯᠭᠠᠨ ᠪᠠᠶᠢᠴᠠᠭᠠᠬᠤ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠪᠥᠬᠦ ᠬᠤᠲᠠ ᠶᠢᠨ ᠠᠶᠤᠯ ᠥᠬᠡᠶ ᠦᠢᠯᠡᠳᠪᠦᠷᠢᠯᠡᠯ ᠤᠨ ᠤᠬᠠᠭᠤᠯᠭ᠎ᠠ ᠬᠥᠮᠦᠵᠢᠯ ᠪᠠ ᠪᠣᠯᠪᠠᠰᠤᠷᠠᠭᠤᠯᠤᠯ ᠤᠨ ᠠᠵᠢᠯ ᠢ ᠬᠠᠷᠢᠭᠤᠴᠠᠵᠤ᠂ ᠠᠶᠤᠯ ᠥᠬᠡᠶ ᠦᠢᠯᠡᠳᠪᠦᠷᠢᠯᠡᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠭᠠᠨ᠂ ᠳᠡᠯᠭᠡᠷᠡᠭᠦᠯᠦᠨ ᠬᠡᠷᠡᠭᠯᠡᠬᠦ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠵᠠᠯᠠᠨ ᠠᠶᠢᠯ ᠬᠤᠲᠠ ᠶᠢᠨ ᠠᠶᠤᠯ ᠦᠭᠡᠶ ᠦᠢᠯᠡᠳᠪᠦᠷᠢᠯᠡᠯ ᠤᠨ ᠵᠥᠪᠯᠡᠯ ᠵᠢᠴᠢ ᠲᠡᠭᠦᠨ ᠤ ᠠᠯᠪᠠᠨ ᠭᠡᠷ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃    ︵ᠠᠷᠪᠠᠨ ᠨᠠᠢᠮᠠ︶ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠃ ᠠᠶᠤᠯ ᠥᠭᠡᠢ ᠦᠢᠯᠡᠳᠪᠦᠷᠢᠯᠡᠯ ᠤᠨ ᠤᠷᠢᠳᠠᠴᠢ ᠬᠢᠨᠠᠨ ᠵᠥᠪᠰᠢᠶᠡᠷᠡᠬᠦ ᠵᠦᠢᠯ ᠲᠤ ᠬᠤᠯᠪᠣᠭᠳᠠᠬᠤ ᠵᠠᠬ᠎ᠠ ᠳᠡᠯᠭᠡᠭᠦᠷ ‍ᠤᠨ‌ᠭᠤᠣᠯ ᠴᠣᠭᠴᠠ ᠶᠢ ᠪᠦᠷᠢᠳᠬᠡᠨ ᠳᠠᠩᠰᠠᠯᠠᠬᠤ ᠶᠢ ᠬᠠᠤᠯᠢ ᠶᠣᠰᠣᠭᠠᠷ ᠭᠦᠢᠴᠡᠳᠬᠡᠬᠦ ᠶᠢ ᠬᠠᠷᠢᠭᠤᠴᠠᠨ᠎ᠠ᠃ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢ ᠦᠢᠯᠡᠳᠪᠦᠷᠢᠯᠡᠬᠦ ︵ᠵᠢᠷᠤᠵᠤ ᠲᠥᠯᠥᠪᠯᠡᠬᠦ᠂ ᠦᠢᠯᠡᠳᠬᠦ᠂ ᠤᠭᠰᠠᠷᠠᠬᠤ᠂ ᠥᠭᠡᠷᠡᠴᠢᠯᠡᠬᠦ᠂ ᠰᠡᠯᠪᠢᠨ ᠵᠠᠰᠠᠬᠤ ᠪᠠᠭᠲᠠᠨ᠎ᠠ︶᠂ ᠡᠵᠡᠩᠨᠡᠬᠦ᠂ ᠬᠡᠷᠡᠭᠯᠡᠬᠦ᠂ ᠰᠢᠯᠭᠠᠨ ᠪᠠᠶᠢᠴᠠᠭᠠᠬᠤ᠂ ᠪᠠᠶᠢᠴᠠᠭᠠᠨ ᠬᠡᠮᠵᠢᠬᠦ ᠪᠠ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠠᠶᠤᠯᠭᠦᠶ ᠶᠢ ᠬᠢᠨᠠᠵᠤ ᠬᠠᠮᠢᠶᠠᠷᠬᠤ ᠠᠵᠢᠯ ᠢ ᠬᠠᠷᠢᠭᠤᠴᠠᠨ᠎ᠠ᠃ ᠪᠠᠷᠢᠯᠭ᠎ᠠ ᠶᠢᠨ ᠭᠠᠵᠠᠷ ᠤᠨ ᠴᠠᠬᠢᠯᠭᠠᠨ ᠱᠠᠲᠤ ᠤᠭᠰᠠᠷᠠᠬᠤ ᠭᠤᠭᠴᠤᠭ᠎ᠠ ᠶᠢᠨ ᠠᠶᠤᠯ ᠥᠬᠡᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠳᠡᠯ ᠢ ᠵᠣᠬᠢᠶᠠᠨ ᠪᠠᠶᠢᠭᠤᠯᠤᠨ ᠥᠷᠨᠢᠭᠦᠯᠬᠦ ᠪᠤᠶᠤ ᠪᠠᠶᠢᠴᠠᠭᠠᠨ ᠰᠢᠢᠳᠪᠦᠷᠢᠯᠡᠬᠦ ᠳᠤ ᠣᠷᠣᠯᠴᠠᠵᠤ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠠᠳᠡᠯ ᠭᠠᠷᠤᠭᠰᠠᠨ ᠰᠠᠯᠠᠭ᠎ᠠ ᠮᠥᠴᠢᠷ ᠤᠨ ᠠᠮᠤᠷ ᠲᠦᠪᠰᠢᠨ ᠤ ᠰᠡᠷᠭᠡᠶᠢᠯᠡᠯᠲᠡ ᠪᠠ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠳᠤ ᠬᠢᠨᠠᠯᠲᠠ ᠲᠠᠯᠪᠢᠨ᠎ᠠ᠃ ᠬᠥᠳᠡᠯᠮᠦᠷᠢ ᠶᠢᠨ ᠠᠶᠤᠯᠭᠦᠶ ᠶᠢ ᠪᠠᠲᠤᠯᠠᠬᠤ ᠦᠢᠯᠡᠳᠬᠦᠨ᠂ ᠦᠢᠯᠡᠳᠪᠦᠷᠢᠯᠡᠯ ᠤᠨ ᠠᠶᠤᠯᠭᠦᠶ ᠶᠢ ᠨᠥᠯᠥᠭᠡᠯᠡᠬᠦ ᠦᠢᠯᠡᠳᠬᠦᠨ ᠤ ᠶᠠᠰᠤ ᠴᠢᠨᠠᠷ ᠤᠨ ᠠᠶᠤᠯᠭᠦᠶ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠠᠶᠤᠯᠲᠠᠶ ᠬᠢᠮᠢ ᠶᠢᠨ ᠵᠦᠢᠯ ᠵᠢᠴᠢ ᠲᠡᠭᠦᠨ ᠤ ᠪᠣᠭᠤᠳᠠᠯᠯᠠᠬᠤ ᠪᠣᠳᠠᠰ᠂ ᠰᠠᠪᠠ ︵ᠠᠶᠤᠯᠲᠠᠶ ᠬᠢᠮᠢ ᠶᠢᠨ ᠵᠦᠢᠯ ᠢ ᠬᠠᠳᠠᠭᠠᠯᠠᠬᠤ ᠲᠣᠭᠲᠠᠮᠠᠯ ᠬᠡᠯᠪᠡᠷᠢ ᠶᠢᠨ ᠲᠤᠮᠤ ᠬᠡᠯᠪᠡᠷᠢ ᠶᠢᠨ ᠬᠠᠳᠠᠭᠠᠯᠠᠬᠤ ᠰᠠᠪᠠ ᠪᠠᠭᠲᠠᠬᠤ ᠦᠭᠡᠢ︶ ᠦᠢᠯᠡᠳᠪᠦᠷᠢᠯᠡᠬᠦ ᠠᠵᠤ ᠠᠬᠤᠶᠢᠯᠠᠯ ᠤᠨ ᠠᠵᠤ ᠦᠢᠯᠡᠳᠪᠦᠷᠢ ᠶᠢᠨ ᠦᠢᠯᠡᠳᠬᠦᠨ ᠦᠢᠯᠡᠳᠪᠦᠷᠢᠯᠡᠬᠦ ᠵᠥᠪᠰᠢᠶᠡᠷᠡᠯ ᠤᠨ ᠦᠨᠡᠮᠯᠡᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠬᠤ ᠶᠢᠨ ᠬᠠᠮᠲᠤ ᠲᠡᠭᠦᠨ ᠤ ᠦᠢᠯᠡᠳᠬᠦᠨ ᠤ ᠶᠠᠰᠤ ᠴᠢᠨᠠᠷ ᠲᠤ ᠬᠠᠤᠯᠢ ᠶᠣᠰᠣᠭᠠᠷ ᠬᠢᠨᠠᠯᠲᠠ ᠲᠠᠯᠪᠢᠵᠤ᠂ ᠬᠦᠦᠠᠷ ᠫᠤᠤᠵᠢᠩ ᠤᠨ ᠶᠠᠰᠤ ᠴᠢᠨᠠᠷ ᠲᠤ ᠬᠢᠨᠠᠯᠲᠠ ᠲᠠᠯᠪᠢᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠠᠶᠤᠯᠭᠦᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠯᠲᠠ ᠶᠢ ᠥᠷᠨᠢᠭᠦᠯᠵᠦ ᠂ ᠲᠤᠰᠢᠶᠠᠯ ᠬᠠᠷᠢᠭᠤᠴᠠᠯᠭ᠎ᠠ ᠶᠢᠨ ᠢᠶᠠᠨ ᠶᠣᠰᠣᠭᠠᠷ ᠦᠨᠡᠮᠯᠡᠯ ᠦᠭᠡᠢ ᠪᠠᠷ ᠡᠵᠡᠩᠨᠡᠬᠦ ᠵᠡᠷᠭᠡ ᠬᠠᠤᠯᠢ ᠪᠤᠰᠤ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ︔ ᠬᠤᠯᠪᠣᠭᠳᠠᠯ ᠪᠦᠬᠦᠢ ᠤᠷᠢᠳᠠᠴᠢ ᠵᠥᠪᠰᠢᠶᠡᠷᠡᠯ ᠤᠨ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠢ ᠬᠠᠤᠯᠢ ᠶᠣᠰᠣᠭᠠᠷ ᠵᠥᠪᠰᠢᠶᠡᠷᠡᠯ ᠤᠨ ᠦᠨᠡᠮᠯᠡᠯ ᠪᠤᠶᠤ ᠪᠤᠰᠤᠳ ᠵᠥᠪᠰᠢᠶᠡᠷᠡᠯ ᠤᠨ ᠪᠢᠴᠢᠭ ᠮᠠᠲ᠋ᠧᠷᠢᠶᠠᠯ ᠢ ᠨᠢ ᠬᠤᠷᠢᠶᠠᠨ ᠠᠪᠴᠤ ᠬᠦᠴᠦᠨ ᠦᠭᠡᠶ ᠪᠣᠯᠭᠠᠬᠤ᠂ ᠬᠦᠴᠦᠨ ᠦᠭᠡᠶ ᠪᠣᠯᠭᠠᠬᠤ ᠡᠰᠡᠬᠦᠯ᠎ᠡ ᠵᠥᠪᠰᠢᠶᠡᠷᠡᠯ ᠤᠨ ᠦᠨᠡᠮᠯᠡᠯ᠂ ᠪᠤᠰᠤᠳ ᠵᠥᠪᠰᠢᠶᠡᠷᠡᠯ ᠤᠨ ᠪᠢᠴᠢᠭ ᠮᠠᠲ᠋ᠧᠷᠢᠶᠠᠯ ᠤᠨ ᠬᠦᠴᠦᠨ ᠲᠠᠢ ᠬᠤᠭᠤᠴᠠᠭ᠎ᠠ ᠨᠢ ᠳᠦᠭᠦᠷᠦᠭᠰᠡᠨ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠮᠡᠳᠡᠭᠳᠡᠯ ᠢ ᠦᠨᠳᠦᠰᠦᠯᠡᠨ᠂ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠲᠠᠢ ᠬᠠᠮᠵᠢᠯᠴᠠᠨ ᠲᠡᠭᠦᠨ ᠢ ᠬᠠᠤᠯᠢ ᠶᠣᠰᠣᠭᠠᠷ ᠰᠢᠪᠠᠳᠠᠨ ᠱᠠᠭᠠᠷᠳᠠᠵᠤ ᠪᠠᠶᠢᠭᠠᠳ ᠬᠤᠪᠢᠷᠠᠭᠤᠯᠬᠤ ᠲᠡᠩᠰᠡᠯᠡᠯᠳᠠ ᠬᠢᠯᠭᠡᠬᠦ ᠪᠤᠶᠤ ᠲᠡᠩᠰᠡᠯᠡᠯᠳᠠ ᠠᠴᠠ ᠬᠠᠰᠤᠬᠤ ᠭᠠᠷ ᠭᠦᠢᠴᠡᠳᠬᠡᠯ ᠬᠢᠯᠭᠡᠨ᠎ᠡ᠂ ᠬᠤᠯᠪᠣᠭᠳᠠᠯ ᠪᠦᠬᠦᠢ ᠡᠵᠡᠩᠨᠡᠯᠲᠡ ᠶᠢᠨ ᠠᠵᠢᠯᠯᠠᠭ᠎ᠠ ᠶᠢ ᠳᠤᠷ᠎ᠠ ᠪᠠᠷ ᠢᠶᠠᠨ ᠬᠢᠭᠰᠡᠨ ᠤᠢᠢᠯᠠ ᠪᠠᠶᠢᠳᠠᠯ ᠨᠢ ᠬᠦᠨᠳᠦ ᠨᠣᠴᠢᠲᠠᠶ ᠪᠠᠶᠢᠪᠠᠯ᠂ ᠡᠵᠡᠩᠨᠡᠯᠲᠡ ᠶᠢᠨ ᠦᠨᠡᠮᠯᠡᠯ ᠢ ᠨᠢ ᠬᠠᠤᠯᠢ ᠶᠣᠰᠣᠭᠠᠷ ᠬᠤᠷᠢᠶᠡᠠ ᠠᠪᠴᠤ ᠬᠦᠴᠦᠨ ᠤᠢᠭᠡᠢ ᠪᠣᠯᠭᠠᠨ᠎ᠠ︔ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠠᠶᠤᠯ ᠦᠭᠡᠢ ᠦᠢᠯᠡᠳᠪᠦᠷᠢᠯᠡᠯ ︵ᠡᠵᠡᠩᠨᠡᠯᠲᠡ︶ ᠤᠨ ᠵᠥᠪᠰᠢᠶᠡᠷᠡᠯ ᠢ ᠣᠯᠤᠭᠰᠠᠨ ᠦᠭᠡᠢ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢ ᠬᠠᠤᠯᠢ ᠶᠣᠰᠣᠭᠠᠷ ᠪᠠᠶᠢᠴᠠᠭᠠᠨ‌‍ᠰᠢᠢᠳᠪᠦᠷᠢᠯᠡᠨ᠎ᠡ᠃ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠠᠶᠤᠯ ᠥᠬᠡᠶ ᠦᠢᠯᠡᠳᠪᠦᠷᠢᠯᠡᠯ ᠤᠨ ᠠᠵᠢᠯ ᠢ ᠡᠭᠦᠷᠭᠡ ᠬᠠᠷᠢᠭᠤᠴᠠᠯᠭ᠎ᠠ ᠶᠣᠰᠣᠭᠠᠷ ᠲᠦᠷᠦᠭᠦᠯᠡᠨ ᠬᠠᠷᠢᠭᠤᠴᠠᠨ᠎ᠠ᠃ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ ᠪᠣᠯᠤᠨ ᠵᠠᠰᠠᠯ ᠴᠢᠮᠡᠭ ‍ᠤᠨ‌ᠠᠶᠤᠯ ᠥᠭᠡᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃    ︵ᠠᠷᠪᠠ ᠶᠢᠰᠦ︶ ᠬᠤᠳᠠ ᠶᠢᠨ ᠤᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠃ ᠣᠶ ᠰᠢᠭᠤᠶ᠂ ᠨᠤᠲᠤᠭ ᠪᠡᠯᠴᠢᠭᠡᠷ᠂ ᠨᠤᠭᠤ ᠭᠠᠵᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠣᠶ ᠰᠢᠭᠤᠶ᠂ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠨ ᠰᠡᠷᠭᠦᠭᠡᠬᠦ ᠢᠨᠵᠧᠨᠧᠷᠢᠩ ᠤᠨ ᠠᠶᠤᠯ ᠥᠬᠡᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠪᠠᠶᠢᠭᠠᠯᠢ ᠶᠢᠨ ᠥᠪ ᠬᠥᠷᠥᠩᠭᠡ᠂ ᠣᠶ ᠰᠢᠭᠤᠶ ᠶᠢᠨ ᠴᠡᠴᠡᠷᠯᠢᠭ᠂ ᠨᠤᠭᠤ ᠭᠠᠵᠠᠷ ᠤᠨ ᠴᠡᠴᠡᠷᠯᠢᠭ᠂ ᠡᠯᠡᠰᠦᠨ ᠴᠥᠯ ᠤᠨ ᠴᠡᠴᠡᠷᠯᠢᠭ ᠵᠡᠷᠭᠡ ᠡᠯ᠎ᠡ ᠲᠥᠷᠥᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃    ︵ᠬᠤᠷᠢ︶ ᠬᠥᠯᠥᠨ ᠪᠤᠶᠢᠷ ᠤᠨ ᠯᠢᠩ ᠳ᠋ᠦᠩ ᠲᠠᠷᠢᠶᠠᠯᠠᠩ ᠮᠠᠯ ᠠᠵᠤ ᠠᠬᠤᠶ ᠣᠶ ᠰᠢᠭᠤᠶ ᠶᠢᠨ ᠪᠦᠲᠦᠭᠡᠭᠳᠡᠬᠦᠨ ᠤ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ︵ᠵᠠᠯᠠᠨ ᠠᠶᠢᠯ ᠤᠨ ᠠᠵᠤ ᠦᠢᠯᠡᠰ ᠤᠨ ᠬᠦᠷᠢᠶᠡᠯᠡᠩ︶᠃ ᠡᠷᠬᠡ ᠮᠡᠳᠡᠯ ᠤᠨ ᠶᠣᠰᠣᠭᠠᠷ ᠬᠦᠷᠢᠶᠡᠯᠡᠩ ᠲᠣᠭᠤᠷᠢᠭ  ᠤᠨ ᠳᠣᠲᠣᠷᠠᠬᠢ ᠠᠶᠤᠯ ᠥᠭᠡᠢ ᠦᠢᠯᠡᠳᠪᠦᠷᠢᠯᠡᠯ ᠤᠨ ᠠᠵᠢᠯ  ᠢ ᠬᠠᠷᠢᠭᠤᠴᠠᠨ᠎ᠠ᠃ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠠᠳᠡᠯ ᠭᠠᠷᠤᠭᠰᠠᠨ ᠨᠢᠭᠡᠴᠡ ᠶᠢᠨ ᠰᠡᠷᠭᠡᠶᠢᠯᠡᠬᠦ ᠪᠠ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠯᠲᠠ ᠬᠢᠬᠦ ᠬᠡᠷᠡᠭᠲᠡᠶ᠃    ︵ᠬᠤᠷᠢᠨ ᠨᠢᠭᠡ︶ ᠵᠠᠯᠠᠨ ᠠᠶᠢᠯ ᠤᠨ ᠠᠯᠳᠠᠷᠲᠤ ᠦᠵᠡᠮᠵᠢ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ᠃ ᠠᠮᠤᠷ ᠲᠦᠪᠰᠢᠨ ᠤ ᠪᠠᠲᠤᠯᠠᠭ᠎ᠠ ᠶᠢᠨ ᠲᠦᠷᠢᠮ ᠢ ᠪᠠᠶᠢᠭᠤᠯᠤᠨ ᠲᠡᠭᠦᠯᠳᠡᠷᠵᠢᠭᠦᠯᠬᠦ ᠶᠢ ᠬᠠᠷᠢᠭᠤᠴᠠᠵᠤ᠂ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠵᠤᠭᠠᠴᠠᠯ ᠤᠨ ᠠᠮᠤᠷ ᠲᠦᠪᠰᠢᠨ ᠢ ᠪᠠᠲᠤᠯᠠᠨ᠎ᠠ᠃ ᠠᠯᠳᠠᠷᠲᠤ ᠦᠵᠡᠮᠵᠢ ᠶᠢᠨ ᠣᠷᠣᠨ ᠤ ᠳᠣᠲᠣᠷᠠᠬᠢ ᠡᠵᠡᠩᠨᠡᠯᠲᠡ ᠶᠢᠨ ᠨᠢᠭᠡᠴᠡ ᠶᠢ ᠰᠢᠮᠳᠠᠭᠤᠯᠵᠤ ᠪᠠᠶᠢᠭᠠᠳ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ ᠶᠠᠪᠤᠭᠤᠯᠬᠤ ᠬᠢᠨᠠᠯᠲᠠ ᠪᠠᠶᠢᠴᠠᠭᠠᠯᠲᠠ ᠶᠢ ᠬᠦᠯᠢᠶᠡᠯᠭᠡᠬᠦ ᠶᠢ ᠬᠠᠷᠢᠭᠤᠴᠠᠨ᠎ᠠ︔ ᠵᠥᠪᠰᠢᠶᠡᠷᠡᠬᠦ ᠪᠠᠭᠲᠠᠭᠠᠮᠵᠢ ᠠᠴᠠ ᠬᠡᠲᠦᠷᠡᠭᠦᠯᠦᠨ ᠵᠢᠭᠤᠯᠴᠢᠯᠠᠭᠴᠢᠳ ᠢ ᠬᠦᠯᠢᠶᠡᠨ ᠠᠪᠬᠤ ᠪᠠ ᠠᠮᠤᠷ ᠲᠦᠪᠰᠢᠨ ᠤ ᠪᠠᠲᠤᠯᠠᠭ᠎ᠠ ᠦᠭᠡᠢ ᠣᠷᠣᠨ ᠪᠦᠰᠡ ᠳᠤ ᠵᠤᠭᠠᠴᠠᠨ ᠲᠣᠭᠤᠷᠢᠬᠤ ᠠᠵᠢᠯᠯᠠᠭ᠎ᠠ ᠥᠷᠨᠢᠭᠦᠯᠬᠦ ᠶᠢ ᠴᠠᠭᠠᠵᠠᠯᠠᠨ᠎ᠠ᠃    ︵ᠬᠤᠷᠢᠨ ᠬᠤᠶᠠᠷ︶ ᠬᠤᠳᠠ ᠶᠢᠨ ᠠᠵᠢᠯᠴᠢᠨ ᠤ ᠶᠡᠷᠦᠩᠬᠡᠶ ᠡᠪᠯᠡᠯ᠃ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠠᠶᠤᠯᠭᠦᠶ ᠦᠢᠯᠡᠳᠪᠦᠷᠢᠯᠡᠯ᠂ ᠬᠥᠳᠡᠯᠮᠦᠷᠢ ᠶᠢᠨ ᠪᠠᠲᠤᠯᠠᠭ᠎ᠠ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠠᠤᠯᠢ ᠶᠣᠰᠣᠭᠠᠷ ᠬᠢᠨᠠᠯᠲᠠ ᠲᠠᠯᠪᠢᠵᠤ᠂ ᠬᠥᠳᠡᠯᠮᠦᠷᠢᠴᠢᠳ ᠤᠨ ᠬᠦᠰᠡᠯ ᠱᠠᠭᠠᠷᠳᠠᠯᠭ᠎ᠠ ᠶᠢ ᠲᠤᠰᠬᠠᠨ᠂ ᠦᠨᠳᠦᠰᠦᠨ ᠱᠠᠲᠤᠨ ᠤ ᠠᠵᠢᠯᠴᠢᠨ ᠤ ᠡᠪᠯᠡᠯ ᠢ ᠵᠢᠭᠠᠨ ᠵᠢᠯᠣᠭᠤᠳᠴᠤ ᠪᠠᠶᠢᠭᠠᠳ ᠠᠵᠢᠯᠳᠠᠨ ᠠᠵᠢᠯᠴᠢᠨ ᠢ ᠵᠣᠬᠢᠶᠠᠨ ᠪᠠᠶᠢᠭᠤᠯᠤᠨ ᠲᠤᠰ ᠨᠢᠭᠡᠴᠢ ᠶᠢᠨ ᠢᠶᠠᠨ ᠠᠶᠤᠯᠭᠦᠶ ᠦᠢᠯᠡᠳᠪᠦᠷᠢᠯᠡᠯ ᠤᠨ ᠠᠵᠢᠯ ᠤᠨ ᠠᠷᠠᠳᠴᠢᠯᠠᠭᠰᠠᠨ ᠬᠠᠮᠢᠶᠠᠷᠤᠯᠲᠠ ᠪᠠ ᠠᠷᠠᠳᠴᠢᠯᠠᠭᠰᠠᠨ ᠬᠢᠨᠠᠯᠲᠠ ᠳᠤ ᠣᠷᠣᠯᠴᠠᠭᠤᠯᠵᠤ᠂ ᠠᠶᠤᠯᠭᠦᠶ ᠦᠢᠯᠡᠳᠪᠦᠷᠢᠯᠡᠯ ᠤᠨ ᠲᠠᠯ᠎ᠠ ᠪᠠᠷ ᠬᠢ ᠠᠵᠢᠯᠳᠠᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ ᠤᠯᠠᠨ ᠲᠦᠮᠡᠨᠴᠢ ᠴᠢᠨᠠᠷᠲᠠᠶ ᠬᠥᠳᠡᠯᠮᠦᠷᠢ ᠶᠢᠨ ᠠᠶᠤᠯᠭᠦᠶ ᠪᠠᠶᠢᠳᠠᠯ ᠪᠠ ᠡᠷᠡᠭᠦᠯ ᠬᠠᠮᠠᠭᠠᠯᠠᠯ ᠵᠡᠷᠭᠡ ᠠᠵᠢᠯᠯᠠᠭ᠎ᠠ ᠪᠠ ᠤᠷᠤᠯᠳᠤᠭᠠᠨ ᠢ ᠵᠣᠬᠢᠶᠠᠨ ᠪᠠᠶᠢᠭᠤᠯᠤᠨ ᠥᠷᠨᠢᠭᠦᠯᠵᠦ᠂ ᠠᠵᠢᠯᠳᠠᠨ ᠠᠵᠢᠯᠴᠢᠨ ᠤ ᠠᠶᠤᠯᠭᠦᠶ ᠦᠢᠯᠡᠳᠪᠦᠷᠢᠯᠡᠯ ᠤᠨ ᠤᠬᠠᠮᠰᠠᠷ ᠪᠠ ᠤᠷ᠎ᠠ ᠴᠢᠳᠠᠪᠤᠷᠢ ᠶᠢ ᠨᠡᠮᠡᠭᠳᠡᠭᠦᠯᠦᠨ᠎ᠡ᠃ ᠥᠷᠭᠡᠨ ᠤᠯᠠᠨ ᠠᠵᠢᠯᠳᠠᠨ ᠠᠵᠢᠯᠴᠢᠨ ᠢ ᠵᠣᠬᠢᠶᠠᠨ ᠪᠠᠶᠢᠭᠤᠯᠤᠨ ᠲᠠᠶᠢᠴᠢᠯᠠᠵᠤ ᠤᠯᠠᠨ ᠲᠦᠮᠡᠨᠴᠢ ᠴᠢᠨᠠᠷᠲᠠᠶ ᠠᠶᠤᠯᠭᠦᠶ ᠦᠢᠯᠡᠳᠪᠦᠷᠢᠯᠡᠯ ᠳᠤ ᠬᠢᠨᠠᠯᠲᠠ ᠲᠠᠯᠪᠢᠬᠤ ᠪᠠ ᠲᠠᠯᠳᠠ ᠭᠡᠮ ᠢ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠵᠦ᠂ ᠠᠵᠢᠯᠳᠠᠨ ᠠᠵᠢᠯᠴᠢᠨ ᠤ ᠠᠵᠢᠯ ᠤᠨ ᠪᠠᠶᠢᠷᠢ ᠶᠢᠨ ᠠᠶᠤᠯᠭᠦᠶ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠳᠤ ᠣᠷᠣᠯᠴᠠᠭᠤᠯᠵᠤ᠂ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠵᠠᠰᠠᠬᠤ ᠶᠢ ᠲᠦᠯᠬᠢᠨ ᠠᠬᠢᠭᠤᠯᠤᠨ᠎ᠠ᠃ ᠬᠥᠳᠡᠯᠮᠦᠷᠢ ᠶᠢᠨ ᠵᠢᠱᠢᠶᠡᠴᠢ ᠶᠢᠨ ᠠᠶᠤᠯ ᠥᠭᠡᠢ ᠦᠢᠯᠡᠳᠪᠦᠷᠢᠯᠡᠯ ᠤᠨ ᠲᠠᠯ᠎ᠠ ᠪᠠᠷ ᠬᠢ ᠨᠡᠶᠢᠲᠡᠯᠢᠭ ᠥᠢᠯᠡ ᠠᠵᠢᠯᠯᠠᠭ᠎ᠠ ᠶᠢ ᠥᠷᠭᠡᠨ ᠢᠶᠠᠷ ᠤᠬᠠᠭᠤᠯᠵᠤ᠂  ᠠᠵᠢᠯᠴᠢᠨ ᠤ ᠡᠪᠯᠡᠯ ᠤᠨ ᠰᠢᠰᠲ᠋ᠧᠮ ᠤᠨ ᠤᠯᠠᠨ‌‍ᠲ᠋ᠦ᠋ᠮᠡᠨᠴᠢ ᠴᠢᠨᠠᠷᠲᠠᠶ ᠠᠶᠤᠯ ᠥᠭᠡᠢ ᠦᠢᠯᠡᠳᠪᠦᠷᠢᠯᠡᠯ ‍ᠦᠨ‌ᠤᠶᠤᠨ ᠤ ᠪᠣᠯᠪᠠᠰᠤᠨ ᠢ‌ᠡᠭᠦᠳᠦᠨ ᠪᠠᠶᠢᠭᠤᠯᠬᠤ ᠠᠵᠢᠯᠯᠠᠭ᠎ᠠ ᠶᠢ ᠵᠢᠯᠣᠭᠤᠳᠤᠨ ᠥᠷᠨᠢᠭᠦᠯᠬᠦ ᠬᠡᠷᠡᠭᠲᠡᠶ᠃ ᠠᠶᠤᠯ ᠥᠭᠡᠢ ᠦᠢᠯᠡᠳᠪᠦᠷᠢᠯᠡᠯ ᠤᠨ ᠠᠵᠢᠯ  ᠤᠨ ᠳᠤᠮᠳᠠᠬᠢ ᠠᠵᠢᠯᠳᠠᠨ ᠠᠵᠢᠯᠴᠢᠨ  ᠤ ᠬᠠᠤᠯᠢ ᠶᠣᠰᠣᠨ  ᠤ  ᠡᠷᠬᠡ ᠠᠰᠢᠭ ᠲᠤ ᠬᠤᠯᠪᠣᠭᠳᠠᠬᠤ ᠴᠢᠬᠤᠯᠠ ᠶᠡᠭᠡ ᠠᠰᠠᠭᠤᠳᠠᠯ  ᠢ ᠪᠠᠶᠢᠴᠠᠭᠠᠨ ᠰᠤᠳᠤᠯᠵᠤ᠂ ᠠᠵᠢᠯᠳᠠᠨ ᠠᠵᠢᠯᠴᠢᠨ  ᠤ ᠲᠤᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠬᠤ ᠠᠶᠤᠯ ᠥᠭᠡᠢ ᠦᠢᠯᠡᠳᠪᠦᠷᠢᠯᠡᠯ ᠤᠨ ᠬᠠᠤᠯᠢ ᠲᠣᠭᠲᠠᠭᠠᠯ᠂ ᠲᠥᠷᠢᠮ ᠲᠣᠭᠲᠠᠭᠠᠯ ᠪᠣᠯᠤᠨ ᠲᠥᠷᠥ ᠶᠢᠨ ᠪᠤᠳᠤᠯᠭ᠎ᠠ ᠶᠢᠨ ᠲᠥᠰᠦᠯ ᠢ ᠰᠤᠳᠤᠯᠬᠤ ᠪᠠ ᠲᠤᠭᠤᠷᠪᠢᠨ ᠲᠣᠭᠲᠠᠭᠠᠬᠤ ᠠᠵᠢᠯ  ᠲᠤ ᠣᠷᠣᠯᠴᠠᠨ᠎ᠠ᠃ ᠦᠢᠯᠡᠳᠪᠦᠷᠢᠯᠡᠯ ᠤᠨ ᠠᠶᠤᠯᠭᠦᠶ ᠶᠢᠨ ᠡ᠊ᠨᠳᠡᠯ ᠢ ᠪᠠᠶᠢᠴᠠᠭᠠᠨ ᠰᠢᠢᠳᠪᠦᠷᠢᠯᠡᠬᠦ ᠠᠵᠢᠯ ᠳᠤ ᠬᠠᠤᠯᠢ ᠶᠣᠰᠣᠭᠠᠷ ᠣᠷᠣᠯᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠰᠢᠢᠳᠪᠦᠷᠢᠯᠡᠬᠦ ᠰᠠᠨᠠᠯ ᠢᠶᠠᠨ ᠳᠤᠷᠠᠳᠬᠤ ᠬᠡᠷᠡᠭᠲᠡᠶ᠃ ᠠᠵᠢᠯᠳᠠᠨ ᠠᠵᠢᠯᠴᠢᠨ ᠢ ᠲᠥᠯᠥᠭᠡᠯᠡᠨ ᠡ᠊ᠨᠳᠡᠯ ᠭᠠᠷᠤᠭᠰᠠᠨ ᠨᠢᠭᠡᠴᠢ ᠳᠤ ᠬᠢᠨᠠᠯᠲᠠ ᠲᠠᠯᠪᠢᠵᠤ ᠰᠡᠷᠭᠡᠶᠢᠯᠡᠬᠦ ᠪᠠ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃    ︵ᠬᠤᠷᠢᠨ ᠭᠤᠷᠪᠠ︶ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠃ ᠬᠤᠳᠠ ᠶᠢᠨ ᠬᠠᠮᠢᠶᠠᠷᠤᠯᠲᠠ ᠶᠢᠨ ᠬᠦᠷᠢᠶᠡᠨ ᠤ ᠠᠶᠤᠯ ᠥᠭᠡᠢ ᠦᠢᠯᠡᠳᠪᠦᠷᠢᠯᠡᠯ  ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠴᠡᠴᠡᠷᠯᠢᠭ ᠤᠨ ᠨᠣᠭᠤᠭᠠᠷᠠᠭᠤᠯᠤᠯᠲᠠ᠂ ᠬᠤᠲᠠ ᠶᠢᠨ ᠦᠵᠡᠮᠵᠢ ᠶᠢᠨ ᠣᠷᠴᠢᠨ ᠲᠣᠭᠤᠷᠢᠨ ᠢ ᠵᠠᠰᠠᠬᠤ᠂ ᠠᠮᠢᠳᠤᠷᠠᠯ ᠤᠨ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠬᠦ ᠵᠡᠷᠭᠡ ᠠᠮᠤᠷ ᠲᠦᠪᠰᠢᠨ ᠠᠵᠢᠯᠯᠠᠭᠠᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃    ︵ᠬᠤᠷᠢᠨ ᠲᠥᠷᠪᠡ︶ ᠬᠤᠳᠠ ᠶᠢᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠬᠢ᠃ ᠭᠠᠯ ‍ᠤᠨ‌ᠠᠶᠤᠯ ᠢ ᠰᠡᠷᠭᠡᠶᠢᠯᠡᠬᠦ᠂ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠶᠢᠨ ᠬᠢᠨᠠᠯᠲᠠ ᠲᠠᠯᠪᠢᠵᠤ ᠪᠠᠶᠢᠴᠠᠭᠠᠬᠤ ᠵᠢᠴᠢ ᠭᠠᠯ ‍ᠤᠨ‌ᠠᠶᠤᠯ ᠤᠨ ᠡ᠊ᠨᠳᠡᠯ  ᠢ ᠪᠠᠶᠢᠴᠠᠭᠠᠨ ᠰᠢᠢᠳᠪᠦᠷᠢᠯᠡᠬᠦ ᠬᠠᠮᠢᠶ᠎ᠠ ᠪᠥᠬᠦᠢ ᠠᠵᠢᠯ ᠢ ᠬᠠᠷᠢᠭᠤᠴᠠᠵᠤ᠂ ᠭᠠᠯ ‍ᠤᠨ‌ᠠᠶᠤᠯ  ᠤᠨ ᠬᠠᠷᠢᠭᠤᠴᠠᠯᠭ᠎ᠠ ᠶᠢᠨ ᠡ᠊ᠨᠳᠡᠯ ᠢ‌ᠨᠡᠬᠡᠮᠵᠢᠯᠡᠬᠦ ᠶᠢ ᠵᠣᠬᠢᠶᠠᠨ ᠪᠠᠶᠢᠭᠤᠯᠵᠤ᠂ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠶᠢᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠶᠢ ᠬᠠᠤᠯᠢ ᠶᠣᠰᠣᠭᠠᠷ ᠬᠡᠷᠡᠭᠵᠢᠭᠦᠯᠬᠦ ᠬᠡᠷᠡᠭᠲᠡᠶ᠃ ᠬᠤᠲᠠ ᠬᠥᠳᠡᠭᠡ ᠶᠢᠨ ᠶᠡᠷᠦᠩᠬᠡᠶᠢᠯᠡᠭᠰᠡᠨ ᠴᠢᠨᠠᠷᠲᠠᠶ ᠭᠠᠯ ᠤᠨᠲᠠᠷᠠᠭᠠᠵᠤ ᠠᠪᠤᠷᠠᠨ ᠲᠤᠰᠠᠯᠠᠬᠤ ᠠᠵᠢᠯ ᠢ ᠬᠠᠷᠢᠭᠤᠴᠠᠨ᠎ᠠ᠃ ᠴᠢᠬᠤᠯᠠ ᠬᠤᠷᠠᠯ᠂ ᠲᠣᠮᠣ ᠬᠡᠯᠪᠡᠷᠢ ᠶᠢᠨ ᠠᠵᠢᠯᠯᠠᠭ᠎ᠠ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠢ ᠬᠠᠷᠢᠭᠤᠴᠠᠨ᠎ᠠ᠃ ᠭᠠᠯ ᠤᠨᠲᠠᠷᠠᠭᠠᠵᠤ ᠠᠪᠤᠷᠠᠨ ᠲᠤᠰᠠᠯᠠᠬᠤ ᠡᠩᠨᠡᠭᠡᠨ ᠤ ᠶᠡᠷᠦᠩᠬᠡᠶᠢᠯᠡᠭᠰᠡᠨ ᠴᠢᠨᠠᠷᠲᠠᠶ ᠭᠠᠯ ᠤᠨᠲᠠᠷᠠᠭᠠᠵᠤ ᠠᠪᠤᠷᠠᠨ ᠲᠤᠰᠠᠯᠠᠬᠤ ᠪᠡᠯᠡᠳᠬᠡᠯ ᠲᠥᠰᠦᠯ ᠢ ᠨᠠᠶᠢᠷᠠᠭᠤᠯᠤᠨ ᠵᠣᠬᠢᠶᠠᠬᠤ᠂ ᠪᠠᠶᠢᠯᠳᠤᠬᠤ ᠠᠷᠭ᠎ᠠ ᠶᠢᠨ ᠰᠤᠳᠤᠯᠤᠯ ᠬᠢᠬᠦ ᠪᠠ ᠡᠭᠦᠷᠭᠡ ᠭᠦᠢᠴᠡᠳᠬᠡᠵᠦ ᠪᠠᠶᠢᠯᠳᠤᠭᠠᠨ ᠲᠤ ᠪᠡᠯᠡᠳᠬᠡᠬᠦ᠂ ᠪᠣᠯᠪᠠᠰᠤᠷᠠᠯ ᠰᠣᠷᠢᠯᠲᠠ ᠬᠢᠬᠦ ᠵᠡᠷᠭᠡ ᠠᠵᠢᠯ ᠢ ᠬᠠᠷᠢᠭᠤᠴᠠᠨ᠎ᠠ᠃ ᠭᠠᠯ ᠤᠨᠲᠠᠷᠠᠭᠠᠵᠤ ᠠᠪᠤᠷᠠᠨ ᠲᠤᠰᠠᠯᠠᠬᠤ ᠮᠡᠳᠡᠭᠡ ᠵᠠᠩᠭᠢᠵᠢᠭᠤᠯᠬᠤ ᠪᠠ ᠪᠠᠴᠢᠮ ᠪᠠᠶᠢᠳᠠᠯ  ᠢ ᠠᠷᠭᠠᠴᠠᠬᠤ ᠴᠢᠮᠡᠭᠡ ᠬᠤᠯᠪᠣᠭᠠᠨ  ᠤ ᠪᠠᠶᠢᠭᠤᠯᠤᠯᠲᠠ  ᠶᠢ ᠬᠠᠷᠢᠭᠤᠴᠠᠵᠤ᠂ ᠬᠠᠮᠢᠶ᠎ᠠ ᠪᠦᠬᠦᠢ ᠠᠪᠤᠷᠠᠨ ᠲᠤᠰᠠᠯᠠᠬᠤ ᠠᠵᠢᠯᠯᠠᠭ᠎ᠠ ᠵᠢᠨ‌‍ᠪᠠᠴᠢᠮ ᠪᠠᠶᠢᠳᠠᠯ  ᠢ ᠠᠷᠭᠠᠴᠠᠬᠤ ᠴᠢᠮᠡᠭᠡ ᠬᠤᠯᠪᠣᠭᠠᠨ  ᠤ ᠪᠠᠲᠤᠯᠠᠭ᠎ᠠ ᠵᠢᠨ‌ᠠᠵᠢᠯ  ᠢ ᠡᠭᠦᠷᠭᠡᠯᠡᠨ᠎ᠡ᠃ ᠭᠠᠯ ᠤᠨᠲᠠᠷᠠᠭᠠᠬᠤ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠪᠣᠯᠤᠨ ᠨᠡᠶᠢᠭᠡᠮ  ᠤᠨ ᠭᠠᠯ ᠤᠨᠲᠠᠷᠠᠭᠠᠬᠤ ᠬᠦᠴᠦᠨ ᠤ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠵᠢᠯᠣᠭᠤᠳᠬᠤ ᠶᠢ ᠬᠠᠷᠢᠭᠤᠴᠠᠨ᠎ᠠ᠃ ᠭᠠᠯ ᠤᠨᠲᠠᠷᠠᠭᠠᠬᠤ ᠪᠠᠴᠢᠮ ᠪᠠᠶᠢᠳᠠᠯ ᠢ‌ᠠᠷᠭᠠᠴᠠᠵᠤ ᠠᠪᠤᠷᠠᠨ ᠲᠤᠰᠠᠯᠠᠬᠤ ᠲᠤᠰᠬᠠᠶ ᠡᠩᠨᠡᠭᠡᠨ ᠤ ᠲᠥᠯᠥᠪᠵᠢᠭᠦᠯᠭᠡ᠂ ᠪᠥᠳᠥᠭᠡᠨ ᠪᠠᠶᠢᠭᠤᠯᠤᠯᠲᠠ ᠬᠢᠭᠡᠳ ᠲᠣᠬᠢᠷᠠᠭᠤᠯᠤᠨ ᠵᠢᠯᠣᠭᠤᠳᠬᠤ ᠶᠢ ᠬᠠᠷᠢᠭᠤᠴᠠᠵᠤ ᠂ ᠨᠡᠶᠢᠭᠡᠮ ‍ᠤᠨ‌ᠡᠯ᠎ᠡ ᠲᠥᠷᠥᠯ ‍ᠤᠨ‌ᠠᠪᠤᠷᠠᠨ ᠲᠤᠰᠠᠯᠠᠬᠤ ᠬᠦᠴᠦᠨ  ᠢ ᠵᠣᠬᠢᠴᠠᠭᠤᠯᠤᠨ ᠲᠠᠶᠢᠴᠢᠯᠠᠵᠤ ᠠᠪᠤᠷᠠᠨ ᠲᠤᠰᠠᠯᠠᠬᠤ ᠡᠭᠦᠷᠭᠡ ᠳᠤ ᠣᠷᠣᠯᠴᠠᠭᠤᠯᠬᠤ ᠳᠤ ᠣᠷᠣᠯᠴᠠᠨ᠎ᠠ᠃ ᠰᠢᠶᠠᠩ ᠪᠠᠯᠭᠠᠰᠤ ᠶᠢᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠪᠠᠶᠢᠭᠤᠯᠤᠮᠵᠢ ᠶᠢᠨ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠵᠢᠯᠣᠭᠤᠳᠤᠨ ᠬᠢᠨᠠᠯᠲᠠ ᠲᠠᠯᠪᠢᠬᠤ ᠶᠢ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠠᠯᠺᠣᠣᠯ ᠰᠠᠭᠤᠷᠢ ᠲᠦᠯᠡᠰᠢ ᠶᠢᠨ ᠠᠶᠤᠯ ᠥᠬᠡᠶ ᠦᠢᠯᠡᠳᠪᠦᠷᠢᠯᠡᠯ  ᠤᠨ ᠠᠵᠢᠯ ᠢ ᠲᠦᠷᠦᠭᠦᠯᠡᠨ ᠬᠠᠷᠢᠭᠤᠴᠠᠨ᠎ᠠ᠃    ︵ᠬᠤᠷᠢᠨ ᠲᠠᠪᠤ︶ ᠬᠤᠳᠠ ᠶᠢᠨ ᠴᠠᠭ ᠠᠭᠤᠷ ᠤᠨ ᠲᠣᠪᠴᠢᠶ᠎ᠠ᠃ ᠴᠠᠭ ᠠᠭᠤᠷ ‍ᠦᠨ‌ᠠᠵᠢᠯ ᠲᠥᠷᠥᠯ  ᠤᠨ ᠠᠶᠤᠯ ᠥᠭᠡᠢ ᠶᠢᠨ ᠬᠠᠮᠢᠶᠠᠷᠤᠯᠲᠠ ᠶᠢᠨ ᠠᠵᠢᠯ  ᠢ ᠬᠠᠷᠢᠭᠤᠴᠠᠨ᠎ᠠ᠃ ᠠᠶᠤᠩᠭ᠎ᠠ ᠴᠠᠬᠢᠯᠭᠠᠨ ᠤ ᠭᠠᠮᠰᠢᠭ  ᠤᠨ ᠠᠶᠤᠯ ᠥᠭᠡᠢ ᠶᠢᠨ ᠰᠡᠷᠭᠡᠶᠢᠯᠡᠯᠲᠡ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠠᠶᠤᠯ ᠥᠭᠡᠢ ᠦᠢᠯᠡᠳᠪᠦᠷᠢᠯᠡᠯ  ᠤᠨ ᠬᠤᠯᠪᠣᠭᠳᠠᠯ ᠪᠥᠬᠦᠢ ᠲᠥᠷᠥ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠠᠶᠤᠯ ᠥᠭᠡᠢ ᠦᠢᠯᠡᠳᠪᠦᠷᠢᠯᠡᠯ ᠤᠨ ᠰᠡᠷᠭᠡᠶᠢᠯᠡᠨ ᠡᠵᠡᠮᠳᠡᠬᠦ ᠪᠠ ᠡ᠊ᠨᠳᠡᠯ  ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠳᠤ ᠴᠠᠭ ᠠᠭᠤᠷ  ᠤᠨ ᠦᠢᠯᠡᠴᠢᠯᠡᠭᠡᠨ ᠤ ᠪᠠᠲᠤᠯᠠᠭ᠎ᠠ ᠬᠠᠩᠭᠠᠬᠤ ᠶᠢ ᠬᠠᠷᠢᠭᠤᠴᠠᠨ᠎ᠠ᠃ ᠵᠢᠯᠣᠭᠤᠴᠢ ᠥᠬᠡᠶ ᠴᠢᠯᠥᠭᠡᠲᠦ ᠬᠡᠶᠢᠲᠦ ᠪᠥᠮᠪᠦᠭᠡ ᠪᠠ ᠤᠶᠠᠭᠰᠠᠨ ᠬᠡᠶᠢᠲᠦ ᠪᠥᠮᠪᠦᠭᠡ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠵᠦ ᠠᠵᠢᠯᠯᠠᠬᠤ ᠬᠤᠭᠤᠴᠠᠭᠠᠨ ᠳᠠᠬᠢ ᠠᠮᠤᠷ ᠲᠦᠪᠰᠢᠨ ᠤ ᠪᠠᠶᠢᠴᠠᠭᠠᠯᠲᠠ ᠪᠠ ᠠᠳᠡᠯ ᠢ ᠰᠡᠷᠭᠡᠶᠢᠯᠡᠬᠦ ᠶᠢ ᠬᠠᠷᠢᠭᠤᠴᠠᠨ᠎ᠠ᠃    ︵ᠬᠤᠷᠢᠨ ᠵᠢᠷᠭᠤᠭ᠎ᠠ︶ ᠬᠤᠲᠠ ᠶᠢᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ᠃ ᠰᠢᠤᠳᠠᠨ᠂ ᠲᠦᠷᠭᠡᠨ ᠬᠦᠷᠭᠡᠬᠦ ᠠᠵᠢᠯ ᠲᠥᠷᠥᠯ ‍ᠤᠨ‌ᠠᠶᠤᠯ ᠥᠭᠡᠢ ᠦᠢᠯᠡᠳᠪᠦᠷᠢᠯᠡᠯ ᠲᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠵᠤ᠂ ᠰᠢᠦᠳᠠᠨ᠂ ᠲᠦᠷᠭᠡᠨ ᠬᠦᠷᠭᠡᠬᠦ ᠠᠵᠢᠯ ᠲᠥᠷᠥᠯ ‍ᠤᠨ‌ᠠᠵᠢᠯᠯᠠᠭᠠᠨ ᠤ ᠠᠶᠤᠯ ᠥᠭᠡᠢ ᠶᠢ ᠬᠢᠨᠠᠨ ᠬᠡᠮᠵᠢᠬᠦ᠂ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠬᠢᠨ᠎ᠡ᠃ ᠠᠶᠤᠯᠲᠠᠶ ᠬᠢᠮᠢ ᠶᠢᠨ ᠵᠦᠢᠯ᠂ ᠨᠣᠴᠣᠮᠠᠲᠠᠭᠠᠶ ᠳᠡᠯᠪᠡᠷᠡᠮᠡᠲᠡᠭᠡᠶ ᠪᠣᠳᠠᠰ ᠢ ᠬᠦᠷᠭᠡᠬᠦ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠶᠢ ᠬᠠᠷᠢᠭᠤᠴᠠᠨ᠎ᠠ᠃    ︵ᠬᠤᠷᠢᠨ ᠳᠣᠯᠤᠭ᠎ᠠ︶ ᠬᠤᠲᠠ ᠶᠢᠨ ᠠᠷᠠᠳ ᠤᠨ ᠠᠶᠠᠯᠠᠯ ‍ᠤᠨ‌ᠦᠢᠯᠡᠰ ᠤᠨ ᠬᠥᠭᠵᠢᠯᠲᠡ ᠶᠢᠨ ᠲᠥᠪ᠃ ᠵᠠᠯᠠᠨ ᠠᠶᠢᠯ ᠤᠨ ᠴᠢᠩᠭᠢᠰ ᠬᠠᠭᠠᠨ ᠤ ᠨᠢᠰᠬᠡᠯ ᠤᠨ ᠪᠠᠭᠤᠳᠠᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠵᠢᠯᠣᠭᠤᠳᠤᠨ ᠵᠣᠬᠢᠴᠠᠭᠤᠯᠬᠤ ᠶᠢ ᠬᠠᠷᠢᠭᠤᠴᠠᠨ᠎ᠠ᠃ ᠬᠤᠯᠪᠣᠭᠳᠠᠯ ᠪᠥᠬᠦᠶ ᠰᠠᠯᠠᠭ᠎ᠠ ᠮᠥᠴᠢᠷ ᠪᠣᠯᠤᠨ ᠰᠢᠶᠠᠩ ᠪᠠᠯᠭᠠᠰᠤ ᠵᠡᠭᠡᠯᠢ ᠭᠤᠳᠤᠮᠵᠢ ᠶᠢ ᠵᠣᠬᠢᠴᠠᠭᠤᠯᠤᠨ ᠨᠢᠰᠬᠡᠯ ᠤᠨ ᠪᠠᠭᠤᠳᠠᠯ ᠤᠨ ᠴᠡᠪᠡᠷ ᠠᠭᠠᠷ ᠤᠨ ᠬᠠᠮᠠᠭᠠᠯᠠᠯᠲᠠ ᠶᠢᠨ ᠠᠵᠢᠯ ᠢ ᠥᠷᠨᠢᠭᠦᠯᠦᠨ᠎ᠡ᠃ ᠬᠤᠯᠪᠣᠭᠳᠠᠯ ᠪᠥᠬᠦᠢ ᠰᠠᠯᠠᠭ᠎ᠠ ᠮᠥᠴᠢᠷ ᠲᠠᠢ ᠬᠠᠮᠵᠢᠯᠴᠠᠨ ᠨᠢᠰᠬᠡᠯ  ᠤᠨ ᠪᠠᠭᠤᠳᠠᠯ  ᠤᠨ ᠭᠡᠨᠡᠳᠲᠡ ᠵᠢᠨ‌‍ᠬᠡᠷᠡᠭ ‍ᠤᠨ‌‍ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠵᠢ‌ᠥᠷᠨᠢᠭᠦᠯᠬᠦ ᠬᠡᠷᠡᠭᠲᠡᠶ᠃    ︵ᠬᠤᠷᠢᠨ ᠨᠠᠢᠮᠠ︶ ᠳᠤᠮᠳᠠᠳᠤ ᠤᠯᠤᠰ ᠤᠨ ᠲᠡᠮᠦᠷ ᠵᠠᠮ ᠤᠨ ᠬᠠᠷᠪᠢᠨ ᠤ ᠲᠣᠪᠴᠢᠶ᠎ᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠴᠢᠴᠢᠬᠠᠷ ᠤᠨ ᠮᠠᠰᠢᠨ ᠲᠡᠷᠭᠡᠨ ᠤ ᠶᠠᠪᠤᠳᠠᠯ ᠤᠨ ᠬᠡᠰᠡᠭ ᠤᠨ ᠵᠠᠯᠠᠨ ᠠᠶᠢᠯ ᠥᠷᠲᠡᠭᠡ᠃ ᠵᠠᠯᠠᠨ ᠠᠶᠢᠯ ᠥᠷᠲᠡᠭᠡ ᠶᠢᠨ ᠬᠠᠷᠢᠶ᠎ᠠ ᠣᠷᠣᠨ ᠳᠠᠬᠢ ᠲᠡᠮᠦᠷ ᠵᠠᠮ ᠤᠨ ᠠᠮᠤᠷ ᠲᠦᠪᠰᠢᠨ ᠤ ᠬᠠᠮᠢᠶᠠᠷᠤᠯᠲᠠ ᠶᠢ ᠬᠠᠷᠢᠭᠤᠴᠠᠨ᠎ᠠ᠃ ᠬᠠᠷᠢᠶᠠᠲᠤ ᠣᠷᠣᠨ ᠤ ᠳᠣᠲᠣᠷᠠᠬᠢ ᠲᠡᠮᠦᠷ ᠵᠠᠮ ᠤᠨ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠶᠤᠯ ᠥᠬᠡᠶ ᠦᠢᠯᠡᠳᠪᠦᠷᠢᠯᠡᠯ ᠳᠤ ᠬᠢᠨᠠᠯᠲᠠ ᠲᠠᠯᠪᠢᠵᠤ ᠬᠠᠷᠢᠶᠠᠲᠤ ᠣᠷᠣᠨ ᠤ ᠳᠣᠲᠣᠷᠠᠬᠢ ᠲᠡᠮᠦᠷ ᠵᠠᠮ ᠤᠨ ᠲᠡᠭᠡᠭᠡᠪᠦᠷᠢ ᠶᠢᠨ ᠲᠥᠬᠦᠭᠡᠷᠦᠮᠵᠢ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠶᠠᠲᠤ ᠣᠷᠣᠨ ᠤ ᠳᠣᠲᠣᠷᠠᠬᠢ ᠠᠶᠤᠯᠲᠠᠶ ᠬᠢᠮᠢ ᠶᠢᠨ ᠪᠣᠳᠠᠰ ᠤᠨ ᠲᠡᠮᠦᠷ ᠵᠠᠮ ᠤᠨ ᠲᠡᠭᠡᠭᠡᠪᠦᠷᠢ᠂ ᠲᠡᠮᠦᠷ ᠵᠠᠮ ᠤᠨ ᠠᠭᠤᠯᠵᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃       ︵ᠬᠤᠷᠢ ᠶᠢᠰᠦ︶ ᠰᠤᠮᠤ ᠪᠠᠯᠭᠠᠰᠤᠨ ᠤ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠃ ᠠᠶᠤᠯᠭᠦᠶ ᠦᠢᠯᠡᠳᠪᠦᠷᠢᠯᠡᠯ ᠤᠨ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠭᠦᠢᠴᠡᠳᠬᠡᠵᠦ᠂ ᠬᠠᠷᠢᠶ᠎ᠠ ᠣᠷᠣᠨ ᠤ ᠳᠣᠲᠣᠷᠠᠬᠢ ᠠᠶᠤᠯᠭᠦᠶ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠠᠶᠤᠯ ᠥᠭᠡᠢ ᠦᠢᠯᠡᠳᠪᠦᠷᠢᠯᠡᠯ ‍ᠤᠨ‌ᠬᠤᠯᠪᠣᠭᠳᠠᠯ ᠪᠥᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠳᠡᠭᠡᠳᠦ ᠱᠠᠲᠤᠨ ᠤ ᠨᠠᠮ ‍ᠤᠨ‌ᠬᠤᠷᠢᠶ᠎ᠠ ᠵᠠᠰᠠᠭ ‍ᠤᠨ‌ᠣᠷᠳᠣᠨ ᠵᠢᠴᠢ ᠠᠳᠠᠯᠢ ᠱᠠᠲᠤᠨ ᠤ ᠨᠠᠮ ‍ᠤᠨ‌ᠬᠤᠷᠢᠶᠠᠨ  ᠤ ᠬᠤᠯᠪᠣᠭᠳᠠᠯ ᠪᠥᠬᠦᠢ ᠲᠥᠷᠥ ᠶᠢᠨ ᠪᠤᠳᠤᠯᠭ᠎ᠠ᠂ ᠲᠣᠭᠲᠠᠭᠠᠯ᠂ ᠪᠠᠶᠢᠷᠢᠯᠠᠭᠤᠯᠤᠯᠲᠠ ᠶᠢ ᠤᠬᠠᠭᠤᠯᠤᠨ ᠲᠤᠤᠱᠯᠠᠭᠤᠯᠤᠨ ᠬᠡᠷᠡᠭᠵᠢᠭᠦᠯᠵᠦ᠂ ᠠᠶᠤᠯ ᠥᠭᠡᠢ ᠦᠢᠯᠡᠳᠪᠦᠷᠢᠯᠡᠯ ᠢ ᠲᠤᠬᠠᠶ ᠶᠢᠨ ᠭᠠᠵᠠᠷ ‍ᠤᠨ‌ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠳᠤ ᠣᠷᠣᠭᠤᠯᠬᠤ ᠬᠡᠷᠡᠭᠲᠡᠶ᠃ ᠠᠶᠤᠯ ᠥᠭᠡᠢ ᠦᠢᠯᠡᠳᠪᠦᠷᠢᠯᠡᠯ ‍ᠤᠨ‌‍ᠬᠢᠨᠠᠯᠲᠠ ᠬᠠᠮᠢᠶᠠᠷᠤᠯᠲᠠ ᠶᠢ ᠬᠠᠷᠢᠭᠤᠴᠠᠬᠤ ᠬᠤᠯᠪᠣᠭᠳᠠᠯ ᠪᠥᠬᠦᠢ ᠠᠵᠢᠯ ᠤᠨ ᠪᠠᠶᠢᠭᠤᠯᠤᠮᠵᠢ‌‍ᠬᠢᠭᠡᠳ‌‍ᠲ᠋ᠡᠭᠦᠨ ᠤ ᠡᠭᠦᠷᠭᠡ ᠬᠠᠷᠢᠭᠤᠴᠠᠯᠭ᠎ᠠ  ᠶᠢ ᠲᠣᠳᠣᠷᠬᠠᠶᠢᠯᠠᠵᠤ᠂ ᠠᠶᠤᠯ ᠥᠭᠡᠢ ᠶᠢᠨ ᠬᠢᠨᠠᠯᠲᠠ ᠬᠠᠮᠢᠶᠠᠷᠤᠯᠲᠠ ᠶᠢᠨ ᠬᠦᠴᠦᠨ   ᠤ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠶ᠃ ᠲᠤᠰᠢᠶᠠᠯ ᠬᠠᠷᠢᠭᠤᠴᠠᠯᠭ᠎ᠠ ᠶᠢᠨ ᠢᠶᠠᠨ ᠶᠣᠰᠣᠭᠠᠷ ᠲᠤᠰ ᠵᠠᠰᠠᠭ ᠵᠠᠬᠢᠷᠭᠠᠨ ᠤ ᠣᠷᠣᠨ ᠪᠤᠶᠤ ᠬᠠᠮᠢᠶᠠᠷᠤᠯᠲᠠ ᠶᠢᠨ ᠣᠷᠣᠨ ᠤ ᠳᠣᠲᠣᠷᠠᠬᠢ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠢ ᠬᠢᠨᠠᠵᠤ ᠪᠠᠶᠢᠴᠠᠭᠠᠨ᠎ᠠ᠃ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠮᠵᠢᠬᠤ ᠪᠤᠶᠤ ᠡᠷᠬᠡ ᠣᠯᠭᠤᠭᠰᠠᠨ ᠶᠣᠰᠣᠭᠠᠷ ᠠᠶᠤᠯᠭᠦᠶ ᠦᠢᠯᠡᠳᠪᠦᠷᠢᠯᠡᠯ ᠢ ᠬᠢᠨᠠᠵᠤ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠶᠢ ᠬᠠᠤᠯᠢ ᠶᠣᠰᠣᠭᠠᠷ ᠲᠣᠰ ᠬᠠᠷᠢᠶ᠎ᠠ ᠣᠷᠣᠨ ᠤ ᠪᠠᠨ ᠳᠣᠲᠣᠷᠠᠬᠢ ᠬᠠᠤᠯᠢ ᠪᠤᠰᠤ ᠪᠠ ᠬᠠᠤᠯᠢ ᠠᠴᠠ ᠵᠥᠷᠢᠴᠡᠭᠰᠡᠨ ᠦᠢᠯᠡᠳᠪᠦᠷᠢᠯᠡᠯ ᠡᠵᠡᠩᠨᠡᠯᠲᠡ ᠪᠥᠲᠥᠭᠡᠨ ᠪᠠᠶᠢᠭᠤᠯᠤᠯᠲᠠ ᠵᠢᠨ‌ᠦᠢᠯᠡ ᠠᠵᠢᠯᠯᠠᠭ᠎ᠠ ᠶᠢ ᠵᠢᠭᠰᠠᠭᠠᠨ ᠪᠠᠶᠢᠴᠠᠭᠠᠬᠤ ᠪᠠ ᠮᠡᠳᠡᠭᠦᠯᠬᠦ ᠶᠢ ᠬᠠᠷᠢᠭᠤᠴᠠᠵᠤ᠂ ᠡᠷᠬᠡ ᠮᠡᠳᠡᠯ ᠤᠨ ᠳᠣᠲᠣᠷ᠎ᠠ ᠪᠤᠶᠤ ᠬᠠᠤᠯᠢ ᠬᠡᠷᠡᠭᠵᠢᠭᠦᠯᠬᠦ ᠡᠷᠬᠡ ᠮᠡᠳᠡᠯ ᠲᠠᠢ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠵᠢᠯᠴᠠᠨ ᠬᠠᠷᠢᠶ᠎ᠠ ᠣᠷᠣᠨ ᠤ ᠪᠠᠨ ᠳᠣᠲᠣᠷᠠᠬᠢ ᠬᠠᠤᠯᠢ ᠪᠤᠰᠤ ᠦᠢᠯᠡᠳᠪᠦᠷᠢᠯᠡᠯ ᠡᠵᠡᠩᠨᠡᠯᠲᠡ ᠪᠥᠲᠥᠭᠡᠨ ᠪᠠᠶᠢᠭᠤᠯᠤᠯᠲᠠ ᠵᠢᠨ‌ᠦᠢᠯᠡ ᠠᠵᠢᠯᠯᠠᠭ᠎ᠠ ᠶᠢ ᠴᠡᠭᠴᠡᠯᠡᠨ ᠵᠠᠰᠠᠨ᠎ᠠ᠃    ᠳᠦᠷᠪᠡ᠂  ᠠᠵᠢᠯ ‍ᠤᠨ‌‍ᠱᠠᠭᠠᠷᠳᠠᠯᠭ᠎ᠠ    ︵ᠨᠢᠭᠡ︶ ᠲᠣᠰ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠨᠢ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ︵ᠨᠢᠭᠡᠴᠡ︶ ᠵᠢᠴᠢ ᠬᠤᠲᠠ ᠳᠤ ᠰᠠᠭᠤᠭ᠎ᠠ ᠬᠤᠯᠪᠣᠭᠳᠠᠯ ᠪᠥᠬᠦᠶ ᠨᠢᠭᠡᠴᠡ ᠪᠤᠶᠤ ᠲᠣᠮᠢᠯᠠᠭᠰᠠᠨ ᠪᠠᠶᠢᠭᠤᠯᠤᠮᠵᠢ ᠶᠢᠨ ᠬᠤᠯᠪᠣᠭᠳᠠᠯ ᠪᠥᠬᠦᠶ ᠠᠵᠢᠯ ᠲᠥᠷᠥᠯ ᠤᠨ ᠬᠦᠷᠢᠶᠡᠨ ᠳᠠᠬᠢ ᠠᠶᠤᠯ ᠥᠬᠡᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠶᠡᠷᠦᠩᠬᠡᠶ ᠳᠤᠨᠢ ᠲᠣᠳᠣᠷᠬᠠᠶᠢᠯᠠᠵᠤ᠂ ᠱᠠᠲᠤ ᠬᠤᠪᠢᠶᠠᠨ ᠬᠠᠷᠢᠭᠤᠴᠠᠬᠤ ᠡᠭᠦᠷᠭᠡ ᠬᠠᠷᠢᠭᠤᠴᠠᠯᠭ᠎ᠠ ᠶᠢᠨ ᠡᠷᠬᠡ ᠶᠢᠨ ᠬᠢᠵᠠᠭᠠᠷ ᠲᠤ ᠬᠤᠯᠪᠣᠭᠳᠠᠪᠠᠯ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ︵ᠨᠢᠭᠡᠴᠡ︶ ᠠᠴᠠ ᠪᠣᠳᠠᠲᠠᠶ ᠪᠠᠷ ᠲᠣᠭᠲᠠᠭᠠᠨ᠎ᠠ᠃    ︵ᠬᠤᠶᠠᠷ︶ ᠲᠤᠰ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠨᠢ ᠲᠣᠳᠣᠷᠬᠠᠶ ᠥᠭᠡᠢ ᠠᠶᠤᠯ ᠥᠭᠡᠢ ᠦᠢᠯᠡᠳᠪᠦᠷᠢᠯᠡᠯ ‍ᠦᠨ‌ᠠᠵᠢᠯ ‍ᠤᠨ‌ᠡᠭᠦᠷᠭᠡ ᠬᠠᠷᠢᠭᠤᠴᠠᠯᠭ᠎ᠠ ᠶᠢ ᠬᠤᠯᠪᠣᠭᠳᠠᠯ ᠪᠥᠬᠦᠢ ᠬᠠᠤᠯᠢ ᠴᠠᠭᠠᠵᠠ ᠬᠠᠤᠯᠢ ᠲᠣᠭᠲᠠᠭᠠᠯ᠂ ᠲᠥᠷᠢᠮ ᠲᠣᠭᠲᠠᠭᠠᠯ᠂ ᠪᠢᠴᠢᠭ ᠮᠠᠲ᠋ᠧᠷᠢᠶᠠᠯ ᠪᠣᠯᠤᠨ ᠰᠠᠯᠠᠭ᠎ᠠ ᠮᠥᠴᠢᠷ᠂ ᠨᠢᠭᠡᠴᠡ ᠶᠢᠨ ︽ᠭᠤᠷᠪᠠ ᠶᠢ ᠲᠣᠭᠲᠠᠭᠠᠭᠰᠠᠨ︾ ᠲᠥᠰᠦᠯ ‍ᠦᠨ‌‍ᠶᠣᠰᠣᠭᠠᠷ ᠬᠡᠷᠡᠭᠵᠢᠭᠦᠯᠦᠨ᠎ᠡ᠃    ︵ᠭᠤᠷᠪᠠ︶ ᠲᠣᠰ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠬᠡᠷᠡᠭᠵᠢᠭᠦᠯᠬᠦ ᠬᠤᠭᠤᠴᠠᠭᠠᠨ ᠳᠤ᠂ ᠬᠡᠷᠪᠡ ᠬᠠᠤᠯᠢ ᠴᠠᠭᠠᠵᠠ ᠬᠠᠤᠯᠢ ᠲᠣᠭᠲᠠᠭᠠᠯ ᠪᠠ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠲᠣᠭᠲᠠᠭᠠᠯ ᠳᠤ ᠲᠣᠬᠢᠷᠠᠭᠤᠯᠤᠯᠲᠠ ᠬᠢᠭᠰᠡᠨ ᠪᠠᠶᠢᠪᠠᠯ᠂ ᠲᠡᠷᠡ ᠲᠣᠭᠲᠠᠭᠠᠯ ᠢ ᠵᠢᠷᠤᠮᠯᠠᠨ᠎ᠠ︔ ᠲᠣᠰ ᠡᠭᠦᠷᠭᠡ ᠬᠠᠷᠢᠭᠤᠴᠠᠯᠭ᠎ᠠ ᠳᠤ ᠲᠣᠭᠲᠠᠭᠠᠭᠰᠠᠨ ᠰᠠᠯᠠᠭ᠎ᠠ ᠮᠥᠴᠢᠷ ︵ᠨᠢᠭᠡᠴᠡ︶ ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠳᠤ ᠬᠤᠪᠢᠷᠠᠯᠲᠠ ᠭᠠᠷᠤᠭᠰᠠᠨ ᠦᠶ᠎ᠡ ᠳᠤ᠂ ︽ᠡᠷᠬᠡ ᠬᠠᠷᠢᠭᠤᠴᠠᠯᠭ᠎ᠠ ᠶᠢ ᠠᠳᠠᠯᠢ ᠲᠡᠭᠰᠢ ᠪᠠᠶᠢᠯᠭᠠᠬᠤ᠂ ᠬᠠᠷᠢᠭᠤᠴᠠᠯᠭ᠎ᠠ ᠶᠢ ᠲᠤᠰᠢᠶᠠᠯ ᠢ ᠳᠠᠭᠠᠵᠤ ᠶᠠᠪᠤᠭᠤᠯᠬᠤ︾ ᠵᠠᠷᠴᠢᠮ ᠶᠣᠰᠣᠭᠠᠷ᠂ ᠡᠭᠦᠷᠭᠡ ᠴᠢᠳᠠᠪᠤᠷᠢ ᠶᠢ ᠳᠠᠭᠠᠭᠠᠨ ᠵᠣᠯᠭᠠᠭᠤᠯᠬᠤ ᠰᠠᠯᠠᠭ᠎ᠠ ᠮᠥᠴᠢᠷ ︵ᠨᠢᠭᠡᠴᠡ︶ ᠠᠴᠠ ᠵᠣᠬᠢᠬᠤ ᠠᠶᠤᠯ ᠥᠬᠡᠶ ᠦᠢᠯᠡᠳᠪᠦᠷᠢᠯᠡᠯ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠳᠠᠭᠠᠭᠠᠨ ᠵᠣᠯᠭᠠᠭᠤᠯᠬᠤ ᠶᠢ ᠬᠠᠷᠢᠭᠤᠴᠠᠨ᠎ᠠ᠃    ︵ᠳᠥᠷᠪᠡ︶ ᠲᠣᠰ ᠲᠣᠭᠲᠠᠭᠠᠯ ᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠵᠦ᠂  ᠤᠤᠯ ᠤᠨ ︽ᠵᠠᠯᠠᠨ ᠠᠶᠢᠯ ᠬᠤᠲᠠ ᠶᠢᠨ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ᠂ ᠬᠤᠲᠠ ᠶᠢᠨ ᠵᠠᠰᠠᠭ ᠤᠨ ᠣᠷᠳᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠬᠠᠮᠢᠶ᠎ᠠ ᠪᠥᠬᠦᠶ ᠨᠢᠭᠡᠴᠡ ᠶᠢᠨ ᠠᠶᠤᠯ ᠥᠬᠡᠶ ᠦᠢᠯᠡᠳᠪᠦᠷᠢᠯᠡᠯ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠲᠣᠭᠲᠠᠭᠠᠯ︾ ︵ᠵᠠᠰᠠᠭ ᠠᠯᠪᠠᠨ ᠥᠰᠥᠭ ︹ 2016 ︺ 165 ᠳ᠋ᠤᠭᠠᠷ ᠲᠣᠭᠠᠲᠤ︶ ᠢ ᠬᠠᠮᠲᠤ ᠳᠤᠨᠢ ᠬᠦᠴᠦᠨ ᠥᠬᠡᠶ ᠪᠣᠯᠭᠠᠨ᠎ᠠ᠃  
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ