ᠸᠢᠴᠠᠲ ᠤᠨ ᠮᠠᠲ᠋ᠧᠷᠢᠶᠠᠯ ᠢ 3 ᠴᠠᠭ ᠤᠨ ᠳᠣᠲᠣᠷ᠎ᠠ ᠪᠤᠴᠠᠭᠠᠨ ᠠᠪᠴᠤ ᠪᠣᠯᠤᠨ᠎ᠠ
ᠨᠡᠶᠢᠲᠡᠯᠡᠭᠰᠡᠨ ᠴᠠᠭ᠄
2024/5/10
    4 ᠰᠠᠷ᠎ᠠ ᠶᠢᠨ 26 ᠤ ᠡᠳᠦᠷ᠂ ᠸᠢᠴᠠᠲ ᠤᠨ ᠠᠯᠪᠠᠨ ᠤ ᠲᠠᠯ᠎ᠠ ᠶᠢᠨ ᠨᠡᠶᠢᠲᠡᠯᠡᠭᠰᠡᠨ ᠸᠢᠳᠢᠤ᠋ ᠳᠤ ᠡᠭᠦᠨ ᠤ ᠲᠤᠬᠠᠢ ᠬᠠᠷᠢᠭᠤ ᠦᠭᠪᠡ᠄    1. ᠡᠩ ᠤᠨ ᠮᠡᠳᠡᠭᠡ ᠶᠢ 2 ᠮᠢᠨᠦ᠋ᠲ ᠤᠨ ᠳᠣᠲᠣᠷ᠎ᠠ ᠪᠤᠴᠠᠭᠠᠨ ᠠᠪᠴᠤ ᠪᠣᠯᠤᠨ᠎ᠠ᠂ ᠵᠢᠱᠢᠶᠡᠯᠡᠪᠡᠯ ᠦᠰᠦᠭ ᠪᠢᠴᠢᠭ᠂ ᠠᠪᠢᠶ᠎ᠠ᠂ ᠨᠢᠭᠤᠷ ᠴᠢᠷᠠᠢ ᠶᠢᠨ ᠵᠢᠷᠤᠭ ᠲᠦᠷᠰᠦ᠂ ᠵᠢᠷᠤᠭ ᠵᠡᠷᠭᠡ ᠶᠢ ᠪᠤᠴᠠᠭᠠᠨ ᠠᠪᠴᠤ ᠪᠣᠯᠤᠨ᠎ᠠ︔    2. ᠪᠢᠴᠢᠭ ᠮᠠᠲ᠋ᠧᠷᠢᠶᠠᠯ ᠢ 3 ᠴᠠᠭ ᠤᠨ ᠳᠣᠲᠣᠷ᠎ᠠ ᠪᠤᠴᠠᠭᠠᠨ ᠠᠪᠴᠤ ᠪᠣᠯᠤᠨ᠎ᠠ᠂ ᠵᠢᠱᠢᠶᠡᠯᠡᠪᠡᠯ word᠂ excel ᠵᠡᠷᠭᠡ ᠶᠢ ᠪᠤᠴᠠᠭᠠᠨ ᠠᠪᠴᠤ ᠪᠣᠯᠤᠨ᠎ᠠ᠃    5 ᠵᠦᠢᠯ ᠤᠨ ᠠᠷᠭ᠎ᠠ ᠪᠠᠷ ᠬᠤᠭᠤᠴᠠᠭ᠎ᠠ ᠨᠢ ᠥᠩᠭᠡᠷᠡᠭᠰᠡᠨ / ᠨᠢᠭᠡᠨᠲᠡ ᠴᠡᠪᠡᠷᠯᠡᠨ ᠠᠷᠢᠯᠭᠠᠬᠰᠠᠨ ᠪᠢᠴᠢᠭ ᠮᠠᠲ᠋ᠧᠷᠢᠶᠠᠯ ᠢ ᠰᠡᠷᠭᠦᠭᠡᠵᠦ ᠪᠤᠯᠤᠨ᠎ᠠ    ᠠᠷᠭ᠎ᠠ ᠨᠢᠭᠡ᠄ ︽ᠵᠣᠭᠤᠭᠳᠠᠭᠰᠠᠨ ᠲᠡᠮᠳᠡᠭᠯᠡᠯ ᠤᠨ ᠬᠠᠮᠢᠶᠠᠷᠤᠯᠲᠠ︾ ᠶᠢᠨ ᠴᠢᠳᠠᠮᠵᠢ ᠪᠠᠷ ᠲᠠᠮᠵᠢᠭᠤᠯᠤᠨ ᠡᠷᠢᠵᠦ ᠣᠯᠵᠦ ᠪᠤᠯᠤᠨ᠎ᠠ᠃    ᠠᠷᠭ᠎ᠠ ᠬᠤᠶᠠᠷ᠄ ︽ᠵᠣᠭᠤᠭᠳᠠᠭᠰᠠᠨ ᠲᠡᠮᠳᠡᠭᠯᠡᠯ ᠤᠨ ᠬᠠᠭᠤᠯᠤᠨ ᠬᠠᠳᠠᠭᠠᠯᠠᠯᠳᠠ︾ ᠶᠢᠨ ᠴᠢᠳᠠᠮᠵᠢ ᠪᠠᠷ ᠲᠠᠮᠵᠢᠭᠤᠯᠤᠨ ᠡᠷᠢᠵᠦ ᠣᠯᠵᠦ ᠪᠤᠯᠤᠨ᠎ᠠ᠃    ᠠᠷᠭ᠎ᠠ ᠭᠤᠷᠪᠠ᠄ ︽ᠰᠠᠭᠠᠳ ᠢ ᠵᠠᠰᠠᠨ ᠰᠡᠷᠭᠦᠭᠡᠬᠦ︾ ᠴᠢᠳᠠᠮᠵᠢ ᠪᠠᠷ ᠳᠠᠮᠵᠢᠭᠤᠯᠤᠨ ᠡᠷᠢᠵᠦ ᠣᠯᠵᠦ ᠪᠤᠯᠤᠨ᠎ᠠ᠃    ᠠᠷᠭ᠎ᠠ ᠳᠥᠷᠪᠡ᠄ ᠬᠤᠭᠤᠴᠠᠭ᠎ᠠ ᠥᠩᠭᠡᠷᠡᠭᠰᠡᠨ ᠪᠢᠴᠢᠭ ᠮᠠᠲ᠋ᠧᠷᠢᠶᠠᠯ ᠢ ᠺᠣᠮᠫᠢᠦ᠋ᠲ᠋ᠧᠷ ᠤᠨ ᠦᠵᠦᠭᠦᠷ ᠳᠠᠮᠵᠢᠭᠤᠯᠤᠨ ᠲᠠᠷᠬᠠᠭᠠᠬᠤ ᠪᠠᠷ ᠳᠠᠮᠵᠢᠭᠤᠯᠤᠨ ᠡᠷᠢᠵᠦ ᠣᠯᠵᠦ ᠪᠤᠯᠤᠨ᠎ᠠ᠃    ᠠᠷᠭ᠎ᠠ ᠲᠠᠪᠤ᠄ ᠠᠨ ᠵᠦᠸᠧ ᠭᠠᠷ ᠤᠲᠠᠰᠤᠨ ᠤ ᠪᠢᠴᠢᠭ ᠮᠠᠲ᠋ᠧᠷᠢᠶᠠᠯ ᠮᠠᠲ᠋ᠧᠷᠢᠶᠠᠯ ᠤᠨ ᠬᠠᠮᠢᠶᠠᠷᠤᠯᠲᠠ ᠪᠠᠷ ᠲᠠᠮᠵᠢᠭᠤᠯᠤᠨ ᠡᠷᠢᠵᠦ ᠣᠯᠵᠦ ᠪᠤᠯᠤᠨ᠎ᠠ᠃
ᠢᠷᠡᠯᠲᠡ᠄ ᠠᠷᠠᠳ ᠤᠨ ᠮᠣᠩᠭᠤᠯ ᠰᠦᠯᠵᠢᠶ᠎ᠡ