ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠭᠠᠯ ᠤᠨ ᠭᠠᠮᠰᠢᠭ ᠤᠨ ᠳᠠᠯᠳᠠ ᠬᠡᠮ ᠢ ᠠᠷᠢᠯᠭᠠᠬᠤ ᠲᠤᠰᠬᠠᠶ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠬᠦ ᠲᠤᠬᠠᠶ ᠵᠠᠯᠠᠨ ᠠᠶᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2024/5/11
ᠡᠯ᠎ᠡ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠬᠤᠲᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠬᠤᠯᠪᠣᠭᠳᠠᠯ ᠪᠥᠬᠦᠶ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ ᠄    ᠮᠠᠨ ᠤ ᠬᠤᠲᠠ ᠶᠢᠨ ᠬᠤᠲᠠ ᠬᠥᠳᠡᠭᠡ ᠶᠢᠨ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠴᠢᠩᠭᠠᠳᠬᠠᠵᠤ᠂ ᠭᠠᠯ ᠤᠨ ᠭᠠᠮᠰᠢᠭ ᠤᠨ ᠳᠠᠯᠳᠠ ᠬᠡᠮ ᠢ ᠦᠨᠡᠨᠬᠦ ᠠᠷᠢᠯᠭᠠᠵᠤ᠂ ᠬᠥᠮᠦᠰ ᠤᠨ ᠣᠷᠣᠰᠢᠨ ᠰᠠᠭᠤᠬᠤ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠵᠤ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠠᠮᠵᠢᠯᠲᠠ ᠲᠠᠢ ᠡᠭᠦᠳᠦᠨ ᠪᠠᠶᠢᠭᠤᠯᠬᠤ ᠶᠢ ᠦᠨᠡᠨᠬᠦ ᠪᠠᠲᠤᠯᠠᠬᠤ ᠶᠢᠨ ᠲᠤᠰᠠᠳᠠ᠃ ᠬᠤᠲᠠ ᠶᠢᠨ ᠵᠠᠰᠠᠭ ᠤᠨ ᠣᠷᠳᠣᠨ ᠠᠴᠠ ᠰᠤᠳᠤᠯᠤᠨ ᠲᠣᠭᠲᠠᠭᠠᠭᠰᠠᠨ ᠢᠶᠠᠷ᠂ ᠨᠢᠭᠡ ᠰᠠᠷ᠎ᠠ ᠶᠢᠨ ᠴᠠᠭ ᠢ ᠠᠰᠢᠭᠯᠠᠨ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠭᠠᠯ ᠤᠨ ᠭᠠᠮᠰᠢᠭ ᠤᠨ ᠳᠠᠯᠳᠠ ᠬᠡᠮ ᠢ ᠠᠷᠢᠯᠭᠠᠬᠤ ᠲᠤᠰᠬᠠᠶ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠦᠨ᠎ᠡ᠃ ᠡᠳᠦᠭᠡ ᠬᠤᠯᠪᠣᠭᠳᠠᠯ ᠪᠥᠬᠦᠢ ᠤᠴᠢᠷ  ᠢ ᠳᠣᠣᠷᠠᠬᠢ ᠮᠡᠲᠦ ᠮᠡᠳᠡᠭᠳᠡᠶ᠎ᠡ᠄    ᠨᠢᠭᠡ᠂ ᠠᠵᠢᠯᠯᠠᠭᠠᠨ ᠤ ᠴᠠᠭ    2024 ᠣᠨ ᠤ 3 ᠰᠠᠷ᠎ᠠ ᠶᠢᠨ 10 ᠤ ᠡᠳᠦᠷ — 4 ᠰᠠᠷ᠎ᠠ ᠶᠢᠨ11 ᠤ ᠡᠳᠦᠷ    ᠬᠤᠶᠠᠷ᠂ ᠠᠵᠢᠯᠯᠠᠭᠠᠨ ᠤ ᠬᠠᠷᠠᠯᠲᠠ    ᠬᠠᠪᠤᠷ ᠤᠨ ᠤᠯᠠᠷᠢᠯ ᠪᠣᠯ ᠭᠠᠯ ᠤᠨ ᠭᠠᠮᠰᠢᠭ ᠤᠨ ᠬᠡᠷᠡᠭ ᠣᠯᠠᠨ ᠭᠠᠷᠳᠠᠭ ᠬᠤᠭᠤᠴᠠᠭ᠎ᠠ ᠮᠥᠨ᠂ ᠮᠥᠨ ᠴᠦ ᠭᠠᠯ ᠤᠨ ᠭᠠᠮᠰᠢᠭ ᠢ ᠰᠡᠷᠭᠡᠶᠢᠯᠡᠨ ᠡᠵᠡᠮᠳᠡᠬᠦ ᠵᠠᠩᠭᠢᠯᠠᠭ᠎ᠠ ᠶᠢᠨ ᠬᠤᠭᠤᠴᠠᠭ᠎ᠠ ᠪᠣᠯᠤᠨ᠎ᠠ᠂ ᠠᠮᠤᠷ ᠲᠦᠪᠰᠢᠨ ᠤ ᠳᠠᠯᠳᠠ ᠭᠡᠮ ᠢ ᠠᠷᠢᠯᠭᠠᠬᠤ ᠶᠢᠨ ᠲᠥᠯᠥᠭᠡ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢᠶᠠᠷ ᠠᠬᠢᠭᠤᠯᠬᠤ ᠶᠢ ᠪᠠᠷᠢᠮᠲᠠᠯᠠᠵᠤ᠂ ᠠᠶᠢᠯ ᠲᠣᠰᠬᠤᠨ ᠤ ︽ᠳᠥᠷᠪᠡᠨ ᠣᠪᠣᠭ᠎ᠠ︾ ︵ᠲᠦᠯᠡᠭᠡ ᠡᠪᠡᠰᠦ ᠡᠰᠢ ᠰᠦᠷᠡᠯ ᠤᠨ ᠣᠪᠣᠭ᠎ᠠ᠂ ᠠᠮᠢᠳᠤᠷᠠᠯ ᠤᠨ ᠬᠤᠭ ᠨᠣᠪᠰᠢ ᠶᠢᠨ ᠣᠪᠣᠭ᠎ᠠ᠂ ᠮᠠᠯ ᠵᠢᠭᠦᠷᠲᠡᠨ ᠤ ᠪᠠᠭᠠᠰᠤ ᠰᠢᠭᠡᠰᠦᠨ ᠤ ᠣᠪᠣᠭ᠎ᠠ᠂ ᠪᠠᠷᠢᠯᠭ᠎ᠠ ᠶᠢᠨ ᠬᠤᠭ ᠨᠣᠪᠰᠢ ᠶᠢᠨ ᠣᠪᠣᠭ᠎ᠠ︶ ᠶᠢ ᠴᠡᠪᠡᠷᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠲᠥᠪᠯᠡᠷᠡᠭᠦᠯᠦᠨ ᠴᠡᠭᠴᠡᠯᠡᠨ ᠵᠠᠰᠠᠵᠤ᠂ ᠬᠠᠷᠢᠶ᠎ᠠ ᠣᠷᠣᠨ ᠳᠤᠨᠢ ᠬᠠᠷᠢᠭᠤᠴᠠᠭᠤᠯᠤᠨ᠂ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠵᠤ᠂ ᠡᠯ᠎ᠡ ᠪᠠᠶᠢᠭᠤᠯᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠥᠷᠭᠡᠨ ᠤᠯᠠᠨ ᠺᠠᠳ᠋ᠷ ᠤᠯᠠᠨ ᠲᠦᠮᠡᠨ ᠢ ᠳᠠᠶᠢᠴᠢᠯᠠᠵᠤ᠂ ᠪᠦᠬᠦ ᠬᠤᠳᠠ ᠶᠢᠨ ᠡᠯ᠎ᠡ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠲᠥᠪᠯᠡᠷᠡᠭᠦᠯᠦᠨ ᠵᠠᠰᠠᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠬᠦᠨᠳᠦ ᠶᠡᠭᠡ ᠭᠠᠯ ᠤᠨ ᠭᠠᠮᠰᠢᠭ ᠤᠨ ᠲᠦᠭᠰᠢᠭᠦᠷᠢ ᠶᠢ ᠪᠦᠬᠦ ᠬᠦᠴᠦᠨ ᠢᠶᠠᠷ ᠢᠶᠠᠨ ᠰᠡᠷᠭᠡᠶᠢᠯᠡᠨ ᠨᠠᠮᠳᠠᠭᠠᠵᠤ᠂ ︽ᠠᠭᠤᠯᠠᠨ ᠲᠦᠢᠮᠡᠷ ᠬᠤᠳᠠ ᠳᠤ ᠣᠷᠣᠬᠤ︾᠂ ︽ᠭᠡᠷ ᠤᠨ ᠲᠦᠢᠮᠡᠷ ᠤᠢ ᠰᠢᠭᠤᠢ ᠳᠤ ᠣᠷᠣᠬᠤ︾ ᠪᠣᠯᠤᠨ ︽ᠲᠦᠢᠮᠡᠷ ᠲᠤ ᠰᠢᠲᠠᠭᠳᠠᠨ ᠵᠠᠯᠭᠠᠯᠳᠤᠭ᠎ᠠ ᠪᠠᠷ ᠪᠠᠭᠤᠬᠤ︾ ᠬᠡᠷᠡᠭ ᠡᠭᠦᠰᠬᠦ ᠶᠢ ᠴᠢᠩᠭ᠎ᠠ ᠰᠡᠷᠭᠡᠶᠢᠯᠡᠵᠦ᠂ ᠪᠦᠬᠦ ᠬᠤᠳᠠ ᠶᠢᠨ ᠬᠤᠳᠠ ᠬᠥᠳᠡᠭᠡ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠦᠷᠭᠦᠯᠵᠢᠯᠡᠨ ᠪᠠᠬᠢᠵᠢᠬᠦ᠂ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠪᠠᠶᠢᠳᠠᠯ ᠲᠣᠭᠲᠠᠭᠤᠨ ᠢᠶᠠᠷ ᠰᠠᠶᠢᠵᠢᠷᠠᠬᠤ ᠶᠢ ᠪᠠᠲᠤᠯᠠᠬᠤ ᠬᠡᠷᠡᠭᠲᠡᠢ᠃    ᠭᠤᠷᠪᠠ᠂ ᠭᠤᠤᠯ ᠡᠭᠦᠷᠭᠡ    ︵ᠨᠢᠭᠡ︶ ᠪᠠᠶᠢᠭᠤᠯᠤᠯᠭ᠎ᠠ᠂ ᠠᠵᠤ ᠠᠬᠤᠶᠢᠯᠠᠯ ᠠᠵᠢᠯ ᠦᠢᠯᠡᠰ ‍ᠤᠨ‌ᠨᠢᠭᠡᠴᠡ ᠶᠢᠨ ᠭᠡᠷ ‍ᠤᠨ‌‍ᠲ᠋ᠣᠲᠣᠨ᠎ᠠ ᠭᠠᠳᠠᠨᠠᠬᠢ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠲᠦᠢᠯᠪᠤᠷᠢᠲᠠᠶ ᠢᠯᠭᠠᠷᠠᠭᠤᠯᠤᠨ ᠴᠡᠭᠴᠡᠯᠡᠵᠦ᠂ ᠠᠵᠢᠯᠯᠠᠬᠤ ᠭᠠᠵᠠᠷ  ᠤᠨ  ᠨᠤᠴᠤᠮᠠᠲᠠᠭᠠᠢ ᠡᠯᠳᠡᠪ ᠶᠠᠭᠤᠮ᠎ᠠ ᠵᠢᠨ‌ᠠᠶᠤᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠶ᠃ ᠬᠦᠷᠢᠶ᠎ᠡ ᠬᠠᠰᠢᠶ᠎ᠠ᠂ ᠠᠰᠠᠷ   ᠤᠨ ᠭᠤᠳᠤᠮᠵᠢ᠂ ᠠᠷᠢᠭᠤᠨ ᠴᠡᠪᠡᠷ ‍ᠤᠨ‌‍ᠲ᠋ᠠᠰᠤᠯᠭ᠎ᠠ᠂ ᠠᠯᠪᠠᠨ ᠭᠡᠷ᠂ ᠬᠤᠷᠠᠯ ‍ᠤᠨ‌‍ᠭᠡᠷ ᠵᠡᠷᠭᠡ ᠲᠠᠯᠠᠪᠤᠷ ᠲᠤ ᠭᠤᠣᠯᠳᠠᠯᠭ᠎ᠠ ᠲᠠᠢ ᠪᠥᠬᠦ ᠲᠠᠯ᠎ᠠ ᠪᠠᠷ ᠴᠡᠪᠡᠷᠯᠡᠯᠲᠡ ᠬᠢᠵᠦ᠂ ᠭᠡᠷ   ᠤᠨ ᠳᠣᠲᠣᠨ᠎ᠠ ᠭᠠᠳᠠᠨᠠᠬᠢ ᠣᠷᠴᠢᠨ ᠲᠣᠭᠤᠷᠢᠨ ᠴᠡᠪᠡᠷ ᠲᠡᠭᠰᠢ ᠪᠠᠶᠢᠬᠤ᠂ ᠡᠯᠳᠡᠪ ᠶᠠᠭᠤᠮ᠎ᠠ ᠡᠷᠦᠶ ᠬᠤᠷᠤᠶ ᠥᠭᠡᠢ ᠣᠪᠣᠭᠠᠯᠠᠬᠤ᠂ ᠡᠳ᠋ ᠪᠣᠳᠠᠰ ᠢ‌ᠡᠷᠦᠶ ᠬᠤᠷᠤᠶ ᠥᠭᠡᠢ ᠦᠷᠦᠬᠦ ᠦᠵᠡᠭᠳᠡᠯ  ᠢ ᠦᠨᠡᠨᠬᠦ ᠪᠠᠲᠤᠯᠠᠵᠤ᠂ ᠡᠯ᠎ᠡ ᠠᠷᠢᠭᠤᠨ ᠴᠡᠪᠡᠷ ᠤᠨ ᠬᠠᠮᠢᠶᠠᠷᠤᠯᠲᠠ ᠶᠢᠨ ᠲᠥᠷᠢᠮ ᠢ ᠪᠥᠷᠢᠨᠰᠢᠬᠦᠯᠥᠨ᠂ ᠭᠠᠯ ‍ᠤᠨ‌ᠠᠶᠤᠯ  ᠤᠨ ᠠᠶᠤᠯ ᠥᠭᠡᠢ ᠶᠢᠨ ᠲᠠᠯᠳᠠ ᠭᠡᠮ ᠭᠠᠷᠬᠤ ᠶᠢ ᠠᠷᠢᠯᠭᠠᠬᠤ ᠬᠡᠷᠡᠭᠲᠡᠶ᠃ ᠣᠯᠠᠨ ᠨᠡᠶᠢᠲᠡ ᠶᠢᠨ ᠣᠷᠣᠨ ᠪᠦᠰᠡ ᠶᠢᠨ ᠡᠳ᠋ ᠪᠣᠳᠠᠰ᠂ ᠭᠠᠵᠠᠷ ᠳᠡᠭᠡᠷᠡᠬᠢ᠂ ᠬᠤᠩᠭᠢᠯ᠂ ᠵᠣᠷᠯᠣᠩ ᠵᠡᠷᠭᠡ ᠶᠢ ᠲᠣᠭᠲᠠᠮᠠᠯ ᠬᠤᠭᠤᠴᠠᠭ᠎ᠠ ᠲᠠᠢ ᠪᠠᠷ ᠠᠷᠢᠭᠤᠨ ᠴᠡᠪᠡᠷ ᠠᠷᠢᠭᠤᠳᠬᠠᠨ᠎ᠠ᠃ ︵ᠬᠠᠷᠢᠭᠤᠴᠠᠯᠭᠠᠲᠤ ᠨᠢᠭᠡᠴᠡ᠄ ᠡᠯ᠎ᠡ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠬᠤᠲᠠ ᠶᠢᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠬᠤᠯᠪᠣᠭᠳᠠᠯ ᠪᠥᠬᠦᠶ ᠠᠵᠤ ᠠᠬᠤᠶᠢᠯᠠᠯ ᠠᠵᠢᠯ  ᠦᠢᠯᠡᠰ ᠤᠨ ᠨᠢᠭᠡᠴᠡ ︶    ︵ᠬᠤᠶᠠᠷ︶ ᠬᠤᠲᠠ ᠶᠢᠨ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠶᠢ ᠴᠢᠩᠭᠠᠳᠬᠠᠵᠤ᠂ ᠬᠤᠲᠠ ᠶᠢᠨ ᠬᠤᠭ ᠨᠣᠪᠰᠢ ᠶᠢᠨ ᠭᠠᠯ ᠤᠨ ᠭᠠᠮᠰᠢᠭ ᠡᠭᠦᠰᠬᠦ ᠶᠢ ᠴᠢᠩᠭ᠎ᠠ ᠰᠡᠷᠭᠡᠶᠢᠯᠡᠨ᠎ᠡ᠃ ᠵᠡᠭᠡᠯᠢ ᠭᠤᠳᠤᠮᠵᠢ ᠪᠠ ᠠᠷᠤ ᠭᠤᠳᠤᠮᠵᠢ᠂ ᠬᠤᠳᠠ ᠬᠥᠳᠡᠭᠡ ᠶᠢᠨ ᠠᠭᠤᠯᠵᠠᠷ ᠬᠡᠰᠡᠭ᠂ ᠪᠠᠷᠢᠯᠭ᠎ᠠ ᠶᠢᠨ ᠭᠠᠵᠠᠷ᠂ ᠲᠡᠮᠤᠷ ᠵᠠᠮ᠂ ᠵᠠᠰᠠᠮᠠᠯ ᠵᠠᠮ ᠤᠨ ᠬᠤᠶᠠᠷ ᠬᠠᠵᠠᠭᠤ ᠶᠢᠨ ᠬᠤᠭ ᠨᠣᠪᠰᠢ ᠶᠢ ᠴᠡᠪᠡᠷᠯᠡᠵᠦ᠂ ᠬᠤᠳᠠ ᠶᠢᠨ ᠲᠣᠭᠤᠷᠢᠭ ᠤᠨ ᠳᠣᠲᠣᠷᠠᠬᠢ ᠭᠤᠣᠯ ᠤᠨ ᠵᠠᠮ᠂ ᠭᠤᠤ ᠰᠤᠪᠠᠭ ᠤᠨ ᠬᠤᠶᠠᠷ ᠬᠥᠪᠡᠭᠡᠨ ᠤ ᠬᠤᠭ ᠨᠣᠪᠰᠢ᠂ ᠴᠠᠭᠠᠨ ᠤ ᠪᠣᠬᠢᠷᠲᠤᠯ ᠢ ᠴᠡᠪᠡᠷᠯᠡᠵᠦ᠂ ᠬᠤᠳᠠ ᠶᠢᠨ ᠲᠣᠭᠤᠷᠢᠭ ᠤᠨ ᠨᠣᠭᠤᠭᠠᠷᠠᠭᠤᠯᠤᠯᠲᠠ ᠶᠢᠨ ᠪᠦᠰᠡ ᠵᠢᠴᠢ ᠳᠡᠭᠦᠵᠢᠩ ᠬᠥᠭᠦᠷᠭᠡ ᠶᠢᠨ ᠴᠡᠴᠡᠷᠯᠢᠭ᠂ ᠦᠵᠡᠮᠵᠢ ᠶᠢᠨ ᠣᠷᠣᠨ ᠦᠵᠡᠮᠵᠢ ᠶᠢᠨ ᠭᠠᠵᠠᠷ ᠤᠨ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠪᠡᠷᠯᠡᠵᠦ᠂  ᠳᠤᠷ᠎ᠠ ᠪᠠᠷ ᠢᠶᠠᠨ ᠬᠠᠶᠠᠬᠤ᠂ ᠳᠤᠷ᠎ᠠ ᠪᠠᠷ ᠢᠶᠠᠨ ᠣᠪᠣᠭᠠᠯᠠᠵᠤ ᠳᠤᠷ᠎ᠠ ᠪᠠᠷ ᠢᠶᠠᠨ ᠲᠠᠯᠪᠢᠬᠤ᠂ ᠳᠤᠷ᠎ᠠ ᠪᠠᠷ ᠢᠶᠠᠨ ᠪᠤᠰᠬᠠᠵᠤ ᠳᠤᠷ᠎ᠠ ᠪᠠᠷ ᠢᠶᠠᠨ ᠪᠠᠶᠢᠭᠤᠯᠬᠤ ᠦᠵᠡᠭᠳᠡᠯ ᠢ ᠴᠡᠭᠴᠡᠯᠡᠨ ᠵᠠᠰᠠᠨ᠎ᠠ᠃ ᠪᠠᠶᠢᠰᠢᠩ ᠭᠡᠷ ᠤᠨ ᠲᠣᠭᠤᠷᠢᠭ ᠤᠨ ᠬᠠᠭᠤᠴᠢᠨ ᠬᠤᠭ ᠨᠣᠪᠰᠢ ᠵᠢᠴᠢ ᠬᠦᠦᠠᠷ ᠫᠤᠤᠵᠢᠩ ᠲᠠᠯᠪᠢᠭᠰᠠᠨ ᠤ ᠳᠠᠷᠠᠭᠠᠬᠢ ᠢᠯᠡ ᠪᠣᠯᠤᠭᠰᠠᠨ ᠬᠤᠭ ᠨᠣᠪᠰᠢ ᠶᠢ ᠲᠥᠪᠯᠡᠷᠡᠭᠦᠯᠦᠨ ᠴᠡᠪᠡᠷᠯᠡᠨ᠎ᠡ᠃ ᠡᠳᠦᠷ ᠲᠤᠲᠤᠮ ᠤᠨ ᠠᠮᠢᠳᠤᠷᠠᠯ ᠤᠨ ᠬᠤᠭ ᠨᠣᠪᠰᠢ ᠶᠢ ᠴᠠᠭ ᠲᠤᠬᠠᠶ ᠳᠤᠨᠢ ᠴᠡᠪᠡᠷᠯᠡᠨ ᠲᠡᠭᠡᠭᠡᠪᠦᠷᠢᠯᠡᠵᠦ᠂ ᠡᠳᠦᠷ ᠲᠤᠲᠤᠮ ᠤᠨ ᠭᠠᠷᠤᠯᠲᠠ ᠶᠢ ᠡᠳᠦᠷ ᠲᠤᠲᠤᠮ ᠤᠨ ᠴᠡᠪᠡᠷᠯᠡᠬᠦ ᠶᠢ ᠪᠡᠶᠡᠯᠡᠭᠦᠯᠬᠦ ᠬᠡᠷᠡᠭᠲᠡᠶ᠃ ᠵᠡᠭᠡᠯᠢ ᠳᠠᠭᠠᠤ ᠶᠢᠨ ᠰᠠᠭᠤᠭᠠᠯᠢ ᠡᠷᠦᠬᠡ᠂ ᠪᠠᠶᠢᠰᠢᠩ ᠬᠡᠷ ᠤᠨ ᠵᠢᠵᠢᠭ ᠲᠣᠭᠤᠷᠢᠭ ᠤᠨ ᠰᠠᠭᠤᠭᠠᠯᠢ ᠡᠷᠦᠬᠡ ᠳᠤ ᠲᠣᠭᠲᠠᠭᠰᠠᠨ ᠠᠮᠢᠳᠤᠷᠠᠯ ᠤᠨ ᠪᠣᠬᠢᠷ ᠤᠰᠤ ᠪᠠ ᠬᠤᠭ ᠨᠣᠪᠰᠢ ᠴᠢᠳᠬᠤᠬᠤ ᠴᠢᠬ ᠭᠠᠷᠭᠠᠵᠤ᠂ ᠰᠠᠭᠤᠭᠠᠯᠢ ᠠᠷᠠᠳ ᠤᠨ ᠳᠤᠷ᠎ᠠ ᠪᠠᠷ ᠢᠶᠠᠨ ᠬᠤᠭ ᠨᠣᠪᠰᠢ ᠬᠠᠶᠠᠬᠤ ᠵᠡᠷᠭᠡ ᠦᠵᠡᠭᠳᠡᠯ ᠢ ᠲᠠᠰᠤ ᠵᠣᠭᠰᠣᠭᠠᠵᠤ᠂ ᠬᠤᠭ ᠨᠣᠪᠰᠢ ᠶᠢᠨ ᠬᠠᠶᠢᠷᠴᠠᠭ ᠲᠤ ᠨᠣᠴᠣᠵᠤ ᠳᠠᠭᠤᠰᠤᠭ᠎ᠠ ᠥᠬᠡᠶ ᠨᠡᠭᠦᠷᠡᠰᠦᠨ ᠭᠠᠯ ᠵᠢᠴᠢ ᠪᠠᠷᠢᠯᠭ᠎ᠠ ᠶᠢᠨ ᠬᠤᠭ ᠨᠣᠪᠰᠢ ᠴᠢᠳᠬᠤᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃ ︵ᠬᠠᠷᠢᠭᠤᠴᠠᠯᠭᠠᠲᠤ ᠨᠢᠭᠡᠴᠡ᠄ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠦᠵᠡᠮᠵᠢ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ᠂ ᠡᠯ᠎ᠡ ᠳᠠᠭᠠᠭᠠᠴᠢᠯᠠᠨ ᠬᠤᠯᠪᠣᠭᠠᠯᠠᠭᠰᠠᠨ ᠨᠢᠭᠡᠴᠡ ᠶᠢᠨ ︿ᠬᠤᠲᠠ ᠲᠣᠭᠤᠷᠢᠭ ᠤᠨ ᠳᠠᠭᠠᠭᠠᠴᠢᠯᠠᠨ ᠬᠤᠯᠪᠣᠭᠠᠯᠠᠭᠰᠠᠨ ᠪᠠᠶᠢᠳᠠᠯ ᠢ ᠪᠣᠳᠠᠲᠠᠶ ᠪᠠᠷ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠵᠠᠭᠤᠨ ᠡᠳᠦᠷ ᠤᠨ ᠰᠢᠪᠲᠤᠯᠤᠯᠲᠠ ᠶᠢᠨ ᠳᠠᠭᠠᠭᠠᠴᠢᠯᠠᠨ ᠬᠤᠯᠪᠣᠭᠠᠯᠠᠭᠰᠠᠨ ᠨᠢᠭᠡᠴᠡ ᠶᠢᠨ ᠬᠠᠷᠢᠭᠤᠴᠠᠯᠭ᠎ᠠ ᠶᠢᠨ ᠬᠡᠰᠡᠭ ᠣᠷᠣᠨ ᠤ ᠬᠤᠪᠢᠶᠠᠷᠢᠯᠠᠯ ᠤᠨ ᠬᠦᠰᠦᠨᠦᠭᠲᠦ ᠪᠠᠷ ᠪᠠᠷᠢᠮᠵᠢᠶ᠎ᠠ ᠪᠣᠯᠭᠠᠨ᠎ᠠ᠂ ᠳᠣᠷᠣᠭᠰᠢ ᠠᠳᠠᠯᠢ﹀︶    ︵ᠭᠤᠷᠪᠠ︶ ᠰᠢᠶᠠᠩ ᠪᠠᠯᠭᠠᠰᠤ ︵ᠲᠣᠰᠬᠤᠨ᠂ ᠰᠠᠭᠤᠭᠠᠯᠢ ᠠᠷᠠᠳ︶ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯ ᠢ ᠴᠢᠩᠭᠠᠳᠬᠠᠵᠤ᠂ ᠲᠠᠷᠢᠶᠠᠯᠠᠩ ᠳᠤ ᠬᠡᠷᠡᠭᠯᠡᠬᠦ ᠬᠠᠶᠠᠭᠳᠠᠮᠠᠯ ᠪᠣᠳᠠᠰ ᠢ ᠣᠪᠣᠭᠠᠯᠠᠵᠤ ᠰᠢᠲᠠᠭᠠᠬᠤ ᠠᠴᠠ ᠪᠣᠯᠵᠣ ᠭᠠᠯ ᠤᠨ ᠭᠠᠮᠰᠢᠭ ᠡᠭᠦᠰᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠶ᠃ ᠡᠳᠦᠷ ᠲᠤᠲᠤᠮ ᠤᠨ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢ ᠴᠢᠩᠭᠠᠳᠬᠠᠵᠤ᠂ ︽ᠳᠥᠷᠪᠡᠨ ᠣᠪᠣᠭ᠎ᠠ︾ ᠶᠢ ᠴᠡᠪᠡᠷᠯᠡᠬᠦ ᠪᠠᠷ ᠭᠤᠤᠯᠳᠠᠯᠭ᠎ᠠ ᠪᠣᠯᠭᠠᠨ ᠂ ᠵᠠᠰᠠᠮᠠᠯ ᠵᠠᠮ ᠤᠨ ᠬᠤᠶᠠᠷ ᠬᠠᠵᠠᠭᠤ᠂ ᠠᠶᠢᠯ ᠲᠣᠰᠬᠤᠨ ᠤ ᠳᠣᠲᠣᠭᠠᠳᠤ᠂ ᠰᠠᠭᠤᠭᠠᠯᠢ ᠠᠷᠠᠳ ᠤᠨ ᠬᠦᠷᠢᠶ᠎ᠡ ᠵᠢᠴᠢ ᠡᠷᠬᠢᠨ ᠲᠣᠭᠤᠷᠢᠨ ᠤ ᠭᠤᠤᠯ ᠤᠨ ᠵᠠᠮ᠂ ᠭᠤᠷᠤᠬ᠎ᠠ ᠶᠢᠨ ᠭᠤᠤ᠂ ᠣᠶᠢᠲᠤ ᠭᠠᠵᠠᠷ ᠢ ᠳᠤᠷ᠎ᠠ ᠪᠠᠷ ᠢᠶᠠᠨ ᠬᠠᠶᠠᠬᠤ᠂ ᠳᠤᠷ᠎ᠠ ᠪᠠᠷ ᠢᠶᠠᠨ ᠣᠪᠣᠭᠠᠯᠠᠵᠤ ᠳᠤᠷ᠎ᠠ ᠪᠠᠷ ᠢᠶᠠᠨ ᠲᠠᠯᠪᠢᠬᠤ᠂ ᠳᠤᠷ᠎ᠠ ᠪᠠᠷ ᠢᠶᠠᠨ ᠪᠤᠰᠬᠠᠵᠤ ᠳᠤᠷ᠎ᠠ ᠪᠠᠷ ᠢᠶᠠᠨ ᠪᠠᠷᠢᠬᠤ᠂ ᠡᠰᠢ ᠰᠦᠷᠡᠯ ᠢ ᠳᠤᠷ᠎ᠠ ᠪᠠᠷ ᠢᠶᠠᠨ ᠰᠢᠲᠠᠭᠠᠬᠤ ᠵᠡᠷᠭᠡ ᠦᠵᠡᠭᠳᠡᠯ ᠢ ᠴᠡᠭᠴᠡᠯᠡᠨ ᠵᠠᠰᠠᠨ᠎ᠠ︔ ᠨᠣᠴᠣᠵᠤ ᠳᠠᠭᠤᠰᠤᠭ᠎ᠠ ᠦᠭᠡᠢ ᠲᠦᠯᠡᠰᠢ᠂ ᠨᠡᠭᠦᠷᠡᠰᠦᠨ ᠤ ᠦᠨᠡᠰᠦ ᠶᠢ ᠳᠤᠷ᠎ᠠ ᠪᠠᠷ ᠢᠶᠠᠨ ᠬᠠᠶᠠᠬᠤ ᠶᠢ ᠴᠢᠩᠭ᠎ᠠ ᠴᠠᠭᠠᠵᠠᠯᠠᠨ᠎ᠠ︔ ᠲᠦᠯᠡᠭᠡ ᠡᠪᠡᠰᠦ᠂ ᠦᠬᠡᠷ ᠬᠤᠨᠢᠨ ᠤ ᠪᠠᠭᠠᠰᠤ ᠰᠢᠭᠡᠰᠦ ᠶᠢ ᠴᠡᠪᠡᠷ ᠲᠡᠭᠰᠢ ᠪᠥᠭᠡᠳ ᠡᠮᠬᠢ ᠳᠢᠭᠯᠢᠮ ᠲᠠᠢ ᠣᠪᠣᠭᠠᠯᠠᠵᠤ᠂ ᠬᠡᠷ ᠪᠠᠶᠢᠰᠢᠩ ᠠᠴᠠ ᠵᠣᠬᠢᠬᠤ ᠬᠡᠮᠵᠢᠶᠡᠨ ᠤ ᠭᠠᠯ ᠰᠡᠷᠭᠡᠶᠢᠯᠡᠬᠦ ᠠᠮᠤᠷ ᠲᠦᠪᠰᠢᠨ ᠤ ᠣᠪᠣᠭᠠᠯᠠᠬᠤ ᠵᠠᠶ ᠲᠠᠢ ᠪᠠᠶᠢᠵᠤ᠂ ᠬᠠᠷᠢᠭᠤᠴᠠᠯᠭᠠᠲᠠᠨ ᠢ ᠪᠠᠶᠢᠭᠤᠯᠤᠨ ᠬᠢᠨᠠᠨ ᠬᠠᠮᠢᠶᠠᠷᠴᠤ᠂ ᠥᠪᠡᠰᠦᠪᠡᠨ ᠰᠢᠲᠠᠬᠤ ᠠᠴᠠ ᠪᠣᠯᠵᠣ ᠭᠠᠯ ᠤᠨ ᠭᠠᠮᠰᠢᠭ ᠤᠨ ᠠᠳᠡᠯ ᠭᠠᠷᠬᠤ ᠠᠴᠠ ᠴᠢᠩᠭ᠎ᠠ ᠰᠡᠷᠭᠡᠶᠢᠯᠡᠬᠦ ᠬᠡᠷᠡᠭᠲᠡᠶ︔ ᠠᠶᠢᠯ ᠲᠣᠰᠬᠤᠨ᠂ ᠲᠠᠷᠢᠶᠠᠴᠢᠨ ᠡᠷᠦᠬᠡ ᠳᠤ ᠭᠦᠨᠵᠡᠭᠡᠶᠢᠷᠡᠵᠦ᠂ ᠠᠶᠢᠯ ᠲᠣᠰᠬᠤᠨ ᠤ ᠤᠬᠠᠭᠤᠯᠭ᠎ᠠ ᠶᠢᠨ ᠪᠤᠯᠤᠩ ᠢ ᠠᠰᠢᠭᠯᠠᠨ᠂ ᠡᠷᠡᠭᠦᠯ ᠬᠠᠮᠠᠭᠠᠯᠠᠯ ᠤᠨ ᠮᠡᠳᠡᠯᠭᠡ᠂ ᠠᠮᠤᠷ ᠲᠦᠪᠰᠢᠨ ᠤ ᠭᠠᠯ ᠰᠡᠷᠭᠡᠶᠢᠯᠡᠬᠦ ᠮᠡᠳᠡᠯᠭᠡ ᠶᠢᠨ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠢᠯᠠᠩᠭᠤᠶ᠎ᠠ ᠴᠠᠬᠢᠯᠭᠠᠨ ᠬᠡᠷᠡᠭᠯᠡᠬᠦ ᠠᠮᠤᠷ ᠲᠦᠪᠰᠢᠨ ᠤ ᠶᠡᠷᠦ ᠶᠢᠨ ᠮᠡᠳᠡᠯᠭᠡ ᠶᠢ ᠴᠢᠩᠭᠠᠳᠬᠠᠵᠤ᠂ ᠬᠡᠷ ᠤᠨ ᠴᠠᠬᠢᠯᠭᠠᠨ ᠬᠡᠷᠡᠭᠰᠡᠯ ᠤᠨ ᠱᠤᠭᠤᠮ ᠤᠨ ᠠᠮᠤᠷ ᠲᠦᠪᠰᠢᠨ ᠢ ᠴᠢᠩᠭ᠎ᠠ ᠪᠠᠶᠢᠴᠠᠭᠠᠬᠤ ᠬᠡᠷᠡᠭᠲᠡᠶ︔ ᠪᠠᠯᠭᠠᠰᠤ ᠲᠣᠭᠤᠷᠢᠭ᠂ ᠠᠶᠢᠯ ᠲᠣᠰᠬᠤᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠵᠠᠰᠠᠯᠲᠠ ᠶᠢᠨ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠵᠤ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠨ ᠬᠠᠮᠠᠭᠠᠯᠠᠬᠤ ᠲᠣᠭᠲᠠᠴᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠬᠤ ᠬᠡᠷᠡᠭᠲᠡᠶ᠃ ︵ᠬᠠᠷᠢᠭᠤᠴᠠᠬᠤ ᠨᠢᠭᠡᠴᠡ᠄ ᠡᠯ᠎ᠡ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠲᠠᠷᠢᠶᠠᠯᠠᠩ ᠳᠤ ᠬᠤᠯᠪᠣᠭᠳᠠᠬᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠡᠯ᠎ᠡ ᠳᠠᠭᠠᠭᠠᠴᠢᠯᠠᠨ ᠬᠤᠯᠪᠣᠭᠠᠯᠠᠬᠤ ᠨᠢᠭᠡᠴᠡ︶      ︵ᠳᠥᠷᠪᠡ︶ ᠰᠠᠭᠤᠭᠠᠯᠢ ᠠᠷᠠᠳ ᠤᠨ ᠵᠢᠵᠢᠭ ᠲᠣᠭᠤᠷᠢᠭ ︵ᠬᠠᠮᠢᠶᠠᠷᠬᠤ ᠬᠥᠮᠦᠨ ᠥᠬᠡᠶ ᠵᠢᠵᠢᠭ ᠲᠣᠭᠤᠷᠢᠭ ᠢᠶᠠᠷ ᠭᠤᠤᠯᠳᠠᠯᠭ᠎ᠠ ᠪᠣᠯᠭᠠᠭᠰᠠᠨ︶ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠲᠦᠢᠯᠪᠤᠷᠢᠲᠠᠶ ᠴᠡᠭᠴᠡᠯᠡᠨ ᠵᠠᠰᠠᠵᠤ᠂ ᠰᠠᠭᠤᠭᠠᠯᠢ ᠠᠷᠠᠳ ᠤᠨ ᠵᠢᠵᠢᠭ ᠲᠣᠭᠤᠷᠢᠭ ᠤᠨ ᠬᠦᠷᠢᠶᠡᠨ ᠳᠣᠲᠣᠷᠠᠬᠢ ᠠᠰᠠᠷ ᠤᠨ ᠬᠤᠩᠭᠢᠯ ᠤᠨ ᠡᠯᠳᠡᠪ ᠪᠣᠳᠠᠰ ᠤᠨ ᠭᠠᠯ ᠤᠨ ᠭᠠᠮᠰᠢᠭ ᠡᠭᠦᠰᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠶ᠃ ᠵᠡᠭᠡᠯᠢ ᠭᠤᠳᠤᠮᠵᠢ᠂ ᠬᠦᠷᠢᠶ᠎ᠡ ᠬᠠᠰᠢᠶ᠎ᠠ᠂ ᠠᠰᠠᠷ ᠤᠨ ᠬᠤᠩᠭᠢᠯ᠂ ᠵᠢᠵᠢᠭ ᠲᠣᠭᠤᠷᠢᠭ ᠤᠨ ᠨᠣᠭᠤᠭᠠᠨ ᠭᠠᠵᠠᠷ ᠵᠡᠷᠭᠡ ᠭᠠᠵᠠᠷ ᠤᠨ ᠪᠤᠵᠠᠷ ᠡᠪᠡᠰᠦ᠂ ᠫᠤᠤᠵᠢᠩ ᠴᠠᠭᠠᠰᠤᠨ ᠦᠷᠦᠪᠳᠡᠰᠦ᠂ ᠬᠤᠭ ᠨᠣᠪᠰᠢ᠂ ᠡᠯᠳᠡᠪ ᠪᠣᠳᠠᠰ ᠵᠢᠴᠢ ᠪᠤᠰᠤᠳ ᠠᠮᠠᠷᠬᠠᠨ ᠰᠢᠲᠠᠬᠤ ᠪᠣᠳᠠᠰ ᠢ ᠴᠡᠪᠡᠷᠯᠡᠨ ᠠᠷᠢᠯᠭᠠᠵᠤ᠂ ᠡᠷᠦᠶ ᠬᠤᠷᠤᠶ ᠥᠬᠡᠶ ᠡᠷᠢᠶᠡᠴᠢᠵᠦ ᠵᠢᠷᠤᠬᠤ ᠶᠢ ᠴᠡᠪᠡᠷᠯᠡᠨ ᠠᠷᠢᠯᠭᠠᠵᠤ᠂ ᠠᠷᠢᠭᠤᠨ ᠴᠡᠪᠡᠷ ᠤᠨ ᠥᠯᠥ ᠣᠨᠣᠭᠳᠠᠬᠤ ᠭᠠᠵᠠᠷ ᠢ ᠤᠰᠠᠳᠬᠠᠨ᠎ᠠ︔ ᠰᠠᠭᠤᠭᠠᠯᠢ ᠠᠷᠠᠳ ᠤᠨ ᠠᠮᠤᠷ ᠲᠦᠪᠰᠢᠨ ᠤ ᠵᠢᠷᠤᠮᠵᠢᠯ ᠢ ᠬᠥᠮᠦᠵᠢᠭᠦᠯᠦᠨ ᠬᠥᠲᠥᠯᠦᠨ ᠵᠢᠯᠣᠭᠤᠳᠴᠤ ᠪᠠᠶᠢᠭᠠᠳ ᠴᠠᠬᠢᠯᠭᠠᠨ ᠬᠥᠳᠡᠯᠭᠡᠭᠦᠷᠲᠦ ᠲᠡᠷᠭᠡ ᠪᠠᠷ ᠴᠠᠬᠢᠯᠭᠠᠨ ᠴᠡᠨᠡᠭᠯᠡᠬᠦ ᠶᠢ ᠬᠡᠷᠡᠭᠵᠢᠭᠦᠯᠵᠦ᠂ ᠵᠢᠵᠢᠭ ᠲᠣᠭᠤᠷᠢᠭ ᠤᠨ ᠣᠯᠠᠨ ᠨᠡᠶᠢᠲᠡ ᠶᠢᠨ ᠣᠷᠣᠨ ᠵᠠᠶ ᠶᠢ ᠣᠷᠳᠣ ᠬᠤᠭᠤᠴᠠᠭ᠎ᠠ ᠪᠠᠷ ᠡᠵᠡᠯᠡᠨ ᠬᠡᠷᠡᠭᠯᠡᠭᠰᠡᠨ᠂ ᠵᠢᠵᠢᠭ ᠲᠣᠭᠤᠷᠢᠭ ᠤᠨ ᠳᠣᠲᠣᠷᠠᠬᠢ ︽ᠦᠬᠦᠰᠢᠷᠡᠮᠡᠯ ᠲᠡᠷᠭᠡ︾ ᠶᠢ ᠨᠥᠯᠥᠭᠡᠯᠡᠭᠰᠡᠨ ᠵᠢᠴᠢ ᠭᠠᠯ ᠤᠨᠲᠠᠷᠠᠭᠠᠬᠤ ᠨᠡᠪᠲᠡᠷᠡᠬᠦ ᠵᠠᠮ᠂ ᠵᠦᠯᠭᠡ ᠭᠠᠵᠠᠷ ᠢ ᠡᠵᠡᠯᠡᠨ ᠬᠡᠷᠡᠭᠯᠡᠭᠰᠡᠨ ᠵᠡᠷᠭᠡ ᠳᠤᠷ᠎ᠠ ᠪᠠᠷ ᠢᠶᠠᠨ ᠣᠪᠣᠭᠠᠯᠠᠵᠤ ᠳᠤᠷ᠎ᠠ ᠪᠠᠷ ᠢᠶᠠᠨ ᠲᠠᠯᠪᠢᠭᠰᠠᠨ ᠡᠯ᠎ᠡ ᠲᠥᠷᠥᠯ ᠤᠨ ᠲᠡᠷᠭᠡ ᠬᠥᠰᠬᠡ ᠵᠢᠴᠢ ᠡᠯᠳᠡᠪ ᠪᠣᠳᠠᠰ ᠢ ᠴᠡᠪᠡᠷᠯᠡᠨ᠎ᠡ᠃ ᠬᠠᠮᠢᠶ᠎ᠠ ᠪᠥᠬᠦᠶ ᠬᠠᠷᠢᠭᠤᠴᠠᠯᠭᠠᠲᠤ ᠰᠠᠯᠠᠭ᠎ᠠ ᠮᠥᠴᠢᠷ ᠤᠳ ᠠᠳᠠᠯ ᠠᠬᠤᠶ ᠶᠢᠨ ᠬᠠᠮᠢᠶᠠᠷᠤᠯᠲᠠ ᠲᠠᠢ ᠵᠢᠵᠢᠭ ᠲᠣᠭᠤᠷᠢᠭ᠂ ᠠᠳᠠᠯ ᠠᠬᠤᠶ ᠶᠢᠨ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠵᠢᠵᠢᠭ ᠲᠣᠭᠤᠷᠢᠭ ᠤᠨ ᠡᠷᠡᠭᠦᠯ ᠬᠠᠮᠠᠭᠠᠯᠠᠯ ᠤᠨ ᠰᠠᠭᠤᠷᠢ ᠪᠡᠯᠡᠳᠬᠡᠮᠵᠢ ᠶᠢ ᠴᠠᠭ ᠲᠤᠬᠠᠶ ᠳᠤᠨᠢ ᠴᠡᠪᠡᠷᠯᠡᠵᠦ᠂ ᠰᠢᠨᠡᠳᠬᠡᠵᠦ᠂ ᠪᠦᠷᠢᠨ ᠳᠣᠭᠢᠷᠠᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠡᠯ᠎ᠡ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠭᠠᠯ ᠤᠨᠲᠠᠷᠠᠭᠠᠬᠤ ᠶᠡᠭᠡ ᠠᠩᠭᠢ᠂ ᠡᠯ᠎ᠡ ᠳᠠᠭᠠᠭᠠᠴᠢᠯᠠᠨ ᠬᠤᠯᠪᠣᠭᠠᠯᠠᠬᠤ ᠨᠢᠭᠡᠴᠡ︶    ︵ᠲᠠᠪᠤ︶ ᠣᠯᠠᠨ ᠨᠡᠶᠢᠲᠡ ᠶᠢᠨ ᠲᠠᠯᠠᠪᠤᠷ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠵᠠᠰᠠᠯᠲᠠ ᠶᠢ ᠴᠢᠩᠭᠠᠳᠬᠠᠵᠤ᠂ ᠣᠯᠠᠨ ᠨᠡᠶᠢᠲᠡ ᠶᠢᠨ ᠴᠤᠭᠯᠠᠷᠠᠬᠤ ᠲᠠᠯᠠᠪᠤᠷ ᠤᠨ ᠬᠠᠮᠢᠶᠠᠷᠤᠯᠲᠠ ᠪᠣᠯᠭᠤᠮᠵᠢ ᠥᠬᠡᠶ ᠠᠴᠠ ᠪᠣᠯᠵᠣ ᠭᠠᠯ ᠤᠨ ᠠᠶᠤᠯ ᠡᠭᠦᠰᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠶ᠃ ᠬᠤᠳᠠᠯᠳᠤᠭᠠᠨ ᠤ ᠲᠠᠯᠠᠪᠤᠷ᠂ ᠬᠡᠲᠦ ᠳᠡᠯᠭᠡᠭᠦᠷ᠂ ᠡᠷᠡᠭᠦᠯ ᠬᠠᠮᠠᠭᠠᠯᠠᠯ ᠤᠨ ᠬᠤᠷᠢᠶ᠎ᠠ᠂ ᠡᠵᠡᠩᠨᠡᠯᠲᠡ ᠶᠢᠨ ᠲᠢᠩᠬᠢᠮ᠂ ᠵᠣᠴᠢᠳ ᠤᠨ ᠪᠠᠭᠤᠳᠠᠯ ᠬᠤᠭᠤᠯᠠᠨ ᠬᠡᠷ᠂ ᠰᠦᠯᠵᠢᠶᠡᠨ ᠤ ᠪᠠᠭᠠᠷ᠂ ᠣᠯᠠᠨ ᠨᠡᠶᠢᠲᠡ ᠶᠢᠨ ᠲᠠᠯᠠᠪᠠᠶ ᠵᠡᠷᠭᠡ ᠣᠯᠠᠨ ᠨᠡᠶᠢᠲᠡ ᠶᠢᠨ ᠲᠠᠯᠠᠪᠤᠷ ᠲᠤ ᠬᠡᠷ ᠳᠣᠲᠣᠷᠠᠬᠢ ᠴᠣᠩᠬᠤ ᠪᠠᠨ ᠴᠡᠪᠡᠷ ᠲᠤᠩᠭᠠᠯᠠᠭ ᠪᠠᠶᠢᠯᠭᠠᠵᠤ᠂ ᠲᠠᠮᠠᠬᠢ ᠴᠠᠭᠠᠵᠠᠯᠠᠬᠤ ᠲᠡᠮᠳᠡᠭ ᠲᠠᠢ᠂ ᠭᠠᠵᠠᠷ ᠤᠨ ᠭᠠᠳᠠᠷᠭᠤ ᠳᠤ ᠨᠤᠯᠮᠤᠰᠤ ᠥᠬᠡᠶ᠂ ᠲᠠᠮᠠᠬᠢᠨ ᠤᠲᠤᠭ᠎ᠠ ᠥᠬᠡᠶ᠂ ᠡᠳ᠋ ᠪᠣᠳᠠᠰ ᠢᠶᠠᠨ ᠲᠡᠷᠢ ᠲᠡᠭᠰᠢ ᠲᠠᠯᠪᠢᠵᠤ᠂ ᠵᠣᠷᠯᠣᠩ ᠴᠡᠪᠡᠷ᠂ ᠬᠤᠭ ᠨᠣᠪᠰᠢ ᠶᠢ ᠲᠥᠷᠥᠯ ᠬᠤᠪᠢᠶᠠᠨ ᠴᠤᠭᠯᠠᠭᠤᠯᠵᠤ᠂ ᠡᠳᠦᠷ ᠤᠨ  ᠦᠢᠯᠡᠳᠪᠦᠷᠢᠯᠡᠯ ᠡᠳᠦᠷ  ᠲᠤ ᠪᠠᠨ‌‍ᠴᠡᠪᠡᠷᠬᠡᠨ ᠪᠠᠶᠢᠬᠤ ᠬᠡᠷᠡᠭᠲᠡᠶ᠃ ᠡᠯ᠎ᠡ ᠡᠵᠡᠩᠨᠡᠯᠲᠡ ᠶᠢᠨ ᠲᠠᠯᠠᠪᠤᠷ ᠭᠠᠵᠠᠷ ᠨᠢ ᠡᠮᠬᠢ ᠵᠢᠷᠤᠮ ᠲᠠᠢ ᠪᠠᠷ ᠮᠥᠷᠯᠡᠵᠦ᠂ ᠵᠣᠬᠢᠬᠤ ᠵᠠᠶ ᠲᠠᠢ ᠪᠠᠶᠢᠯᠭᠠᠵᠤ᠂ ︽1 ᠮᠧᠲᠷ ᠤᠨ ᠱᠤᠭᠤᠮ︾ ᠤᠨ ᠰᠠᠨᠠᠭᠤᠯᠤᠮᠵᠢ ᠳᠣᠭᠢᠷᠠᠭᠤᠯᠤᠨ᠂ ᠭᠠᠯ ᠰᠡᠷᠭᠡᠶᠢᠯᠡᠬᠦ ︵ᠲᠠᠷᠬᠠᠭᠠᠬᠤ︶ ᠨᠡᠪᠲᠡᠷᠡᠬᠦ ᠵᠠᠮ ᠢ ᠠᠮᠤᠷ ᠲᠦᠪᠰᠢᠨ ᠰᠠᠭᠠᠳ ᠥᠬᠡᠶ ᠨᠡᠪᠲᠡᠷᠡᠭᠦᠯᠬᠦ ᠬᠡᠷᠡᠭᠲᠡᠶ᠃ ︵ᠬᠠᠷᠢᠭᠤᠴᠠᠯᠭᠠᠲᠤ ᠨᠢᠭᠡᠴᠡ᠄ ᠡᠯ᠎ᠡ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ︶    ᠳᠦᠷᠪᠡ᠂ ᠠᠵᠢᠯ ᠤᠨ ᠱᠠᠭᠠᠷᠳᠠᠯᠭ᠎ᠠ    ︵ᠨᠢᠭᠡ︶ ᠦᠵᠡᠯ ᠰᠠᠨᠠᠭᠠᠨ ᠤ ᠲᠠᠨᠢᠯᠲᠠ ᠪᠠᠨ ᠳᠡᠭᠡᠭᠰᠢᠯᠡᠭᠦᠯᠦᠨ᠎ᠡ᠃ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ︽ᠬᠠᠷᠢᠶ᠎ᠠ ᠣᠷᠣᠨ ᠳᠤᠨᠢ ᠬᠠᠮᠢᠶᠠᠷᠤᠭᠤᠯᠵᠤ᠂ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠬᠦ︾ ᠵᠠᠷᠴᠢᠮ ᠢ ᠴᠢᠩᠭ᠎ᠠ ᠵᠢᠷᠤᠮᠯᠠᠨ᠂ ᠪᠤᠰᠢᠭᠤ ᠲᠦᠷᠭᠡᠨ ᠬᠥᠳᠡᠯᠦᠯᠴᠡᠵᠦ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠨ᠂ ᠲᠣᠰ ᠲᠣᠰ ᠤᠨ ᠬᠠᠷᠢᠶ᠎ᠠ ᠣᠷᠣᠨ ᠤ ᠪᠠᠨ ᠳᠣᠲᠣᠷᠠᠬᠢ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯ ᠢ ᠬᠦᠴᠦᠯᠡᠨ ᠰᠠᠶᠢᠲᠤᠷ ᠬᠢᠵᠦ᠂ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠤᠨ ᠦᠵᠡᠯ ᠰᠠᠨᠠᠭᠠᠨ ᠤ ᠲᠠᠨᠢᠯᠲᠠ ᠶᠢ ᠪᠣᠳᠠᠲᠠᠶᠢᠵᠢᠭᠤᠯᠵᠤ᠂ ᠠᠵᠢᠯᠲᠠᠨ ᠢ ᠪᠣᠳᠠᠲᠠᠶᠢᠵᠢᠭᠤᠯᠵᠤ᠂ ᠲᠣᠨᠤᠭ ᠲᠥᠬᠦᠭᠡᠷᠦᠮᠵᠢ ᠶᠢ ᠪᠣᠳᠠᠲᠠᠶᠢᠵᠢᠭᠤᠯᠵᠤ᠂ ᠬᠠᠮᠢᠶᠠᠷᠤᠨ ᠡᠵᠡᠮᠳᠡᠬᠦ ᠶᠢ ᠪᠣᠳᠠᠲᠠᠶᠢᠵᠢᠭᠤᠯᠵᠤ᠂ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠵᠤ᠂ ᠡᠯ᠎ᠡ ᠵᠦᠢᠯ ᠤᠨ ᠠᠮᠤᠷ ᠲᠦᠪᠰᠢᠨ ᠤ ᠬᠡᠮ ᠰᠣᠭᠤᠭ ᠢ ᠡᠷᠡᠰ ᠠᠷᠢᠯᠭᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠪᠠ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠠᠮᠤᠷ ᠲᠦᠪᠰᠢᠨ ᠢ ᠰᠠᠶᠢᠲᠤᠷ ᠬᠠᠮᠠᠭᠠᠯᠠᠬᠤ ᠬᠡᠷᠡᠭᠲᠡᠶ᠃    ︵ᠬᠤᠶᠠᠷ︶ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ᠎ᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠰᠢᠨ᠎ᠡ ᠪᠠᠶᠢᠳᠠᠯ ᠰᠢᠨ᠎ᠡ ᠱᠠᠭᠠᠷᠳᠠᠯᠭ᠎ᠠ ᠳᠤ ᠵᠣᠬᠢᠴᠠᠭᠤᠯᠤᠨ᠂ ᠰᠡᠳᠬᠢᠴᠡ ᠪᠠᠨ ᠤᠯᠠᠮ ᠨᠢᠭᠡ ᠠᠯᠬᠤᠮ ᠲᠣᠳᠣᠷᠬᠠᠶ ᠪᠣᠯᠭᠠᠵᠤ᠂ ᠠᠷᠭ᠎ᠠ ᠬᠡᠮᠵᠢᠶ᠎ᠡ ᠪᠠᠨ ᠰᠢᠨ᠎ᠡ ᠪᠠᠷ ᠡᠭᠦᠳᠴᠦ ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠵᠣᠬᠢᠶᠠᠨ ᠪᠠᠶᠢᠭᠤᠯᠤᠨ ᠳᠠᠶᠢᠴᠢᠯᠠᠬᠤ ᠪᠠ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠵᠤ᠂ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠪᠠ ᠠᠵᠢᠯᠯᠠᠭᠠᠨ ᠤ ᠲᠣᠭᠲᠠᠴᠠ ᠶᠢ ᠪᠦᠷᠢᠨᠰᠢᠬᠦᠯᠦᠨ᠂ ᠪᠣᠳᠠᠲᠠᠶ ᠠᠴᠠ ᠡᠭᠦᠰᠦᠨ ᠠᠰᠠᠭᠤᠳᠠᠯ ᠢ ᠪᠣᠳᠣᠯᠬᠢᠯᠠᠵᠤ᠂ ᠰᠢᠢᠳᠪᠦᠷᠢᠲᠦ ᠪᠣᠳᠣᠯᠭ᠎ᠠ ᠲᠣᠭᠲᠠᠭᠠᠵᠤ᠂ ᠤᠴᠢᠷ ᠶᠠᠪᠤᠳᠠᠯ ᠪᠦᠲᠦᠭᠡᠵᠦ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠭᠠᠯ ᠤᠨ ᠭᠠᠮᠰᠢᠭ ᠤᠨ ᠳᠠᠯᠳᠠ ᠬᠡᠮ ᠢ ᠦᠨᠡᠨᠬᠦ ᠠᠷᠢᠯᠭᠠᠵᠤ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ᠃    ︵ᠭᠤᠷᠪᠠ︶ ᠮᠥᠷᠳᠡᠵᠦ ᠰᠢᠮᠳᠠᠭᠤᠯᠤᠨ ᠭᠦᠢᠴᠡᠳᠭᠡᠬᠦ ᠶᠢ ᠴᠢᠩᠭᠠᠷᠠᠭᠤᠯᠤᠨ᠎ᠠ᠃ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ ᠤᠨ ᠰᠢᠮᠳᠠᠭᠤᠯᠤᠨ ᠪᠠᠶᠢᠴᠠᠭᠠᠬᠤ ᠲᠠᠰᠤᠭ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠯᠪᠠᠨ ᠬᠡᠷ ᠨᠢ ᠢᠯᠡ ᠪᠠᠷ ᠪᠠᠶᠢᠴᠠᠭᠠᠬᠤ ᠪᠠ ᠨᠢᠭᠤᠴᠠ ᠪᠠᠷ ᠰᠤᠷᠪᠤᠯᠵᠢᠯᠠᠬᠤ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠪᠠᠶᠢᠳᠠᠯ ᠢ ᠰᠢᠮᠳᠠᠭᠤᠯᠤᠨ ᠵᠢᠯᠣᠭᠤᠳᠴᠤ ᠪᠠᠶᠢᠴᠠᠭᠠᠵᠤ᠂ ᠠᠵᠢᠯᠯᠠᠭ᠎ᠠ ᠶᠢᠨ ᠳᠤᠮᠳᠠᠬᠢ ᠰᠠᠶᠢᠨ ᠲᠤᠷᠰᠢᠯᠭ᠎ᠠ᠂ ᠰᠠᠶᠢᠨ ᠠᠷᠭ᠎ᠠ ᠬᠢᠳᠡᠯ ᠢ ᠴᠠᠭ ᠲᠤᠬᠠᠶ ᠳᠤᠨᠢ ᠤᠬᠠᠭᠤᠯᠤᠨ ᠳᠡᠯᠭᠡᠷᠡᠭᠦᠯᠬᠦ ᠶᠢᠨ ᠬᠠᠮᠲᠤ᠂ ︽ᠪᠤᠵᠠᠷ᠂ ᠡᠷᠦᠶ ᠬᠤᠷᠤᠶ ᠥᠬᠡᠶ᠂ ᠠᠨᠠᠶ︾ ᠦᠵᠡᠭᠳᠡᠯ ᠢ ᠢᠯᠡᠴᠢᠯᠡᠬᠦ ᠬᠡᠷᠡᠭᠲᠡᠶ᠃ ᠠᠵᠢᠯ ᠨᠢ ᠬᠦᠴᠦᠨ ᠦᠭᠡᠢ ᠠᠴᠠ ᠪᠤᠯᠵᠤ ᠭᠠᠯ ‍ᠤᠨ‌ᠠᠶᠤᠯ  ᠤᠨ ᠡ᠊ᠨᠳᠡᠯ ᠭᠠᠷᠤᠭᠰᠠᠨ ᠪᠣᠯ ᠬᠤᠳᠠ ᠶᠢᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠬᠢ ᠶᠢᠨ ᠬᠢᠨ ᠪᠠᠶᠢᠴᠠᠭᠠᠨ ᠰᠢᠢᠳᠪᠦᠷᠢᠯᠡᠭᠰᠡᠨ ᠪᠠᠶᠢᠳᠠᠯ  ᠢ ᠨᠡᠪᠲᠡᠷᠡᠭᠦᠯᠵᠦ᠂ ᠬᠠᠮᠢᠶ᠎ᠠ ᠪᠥᠬᠦᠢ ᠬᠥᠮᠦᠰ ‍ᠤᠨ‌ᠬᠠᠷᠢᠭᠤᠴᠠᠯᠭ᠎ᠠ ᠶᠢ ᠬᠠᠤᠯᠢ ᠲᠣᠭᠲᠠᠭᠠᠯ ᠶᠣᠰᠣᠭᠠᠷ ᠨᠡᠬᠡᠮᠵᠢᠯᠡᠬᠦ ᠬᠡᠷᠡᠭᠲᠡᠶ᠃        ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ 
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ