ᠵᠠᠯᠠᠨ ᠠᠶᠢᠯ ᠬᠤᠲᠠ ᠶᠢᠨ ᠠᠵᠢᠯ ᠮᠡᠷᠭᠡᠵᠢᠯ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠥᠭᠡᠷᠡᠴᠢᠯᠡᠨ ᠪᠠᠶᠢᠭᠤᠯᠬᠤ ᠲᠥᠷᠥᠯ ᠵᠦᠢᠯ ᠤᠨ ᠬᠢᠨᠠᠨ ᠬᠠᠮᠢᠶᠠᠷᠬᠤ ᠦᠨ᠎ᠡ ᠯᠠᠪᠯᠠᠬᠤ ᠶᠢ ᠵᠠᠷᠯᠠᠨ ᠨᠡᠶᠢᠲᠡᠯᠡᠪᠡ
ᠨᠡᠶᠢᠲᠡᠯᠡᠭᠰᠡᠨ ᠴᠠᠭ᠄
2024/5/13
    ᠣᠳᠣᠬᠢᠴᠢᠯᠠᠭᠰᠠᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ  ᠲᠦᠷᠭᠡᠳᠬᠡᠨ ᠬᠥᠭᠵᠢᠭᠦᠯᠵᠦ᠂ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠨᠥᠬᠦᠴᠡᠯ  ᠢ ᠤᠯᠠᠮ ᠨᠢᠭᠡ ᠠᠯᠬᠤᠮ ᠰᠠᠶᠢᠵᠢᠷᠠᠭᠤᠯᠬᠤ ᠶᠢᠨ ᠲᠤᠰᠠᠳᠠ᠂ ᠤᠤᠯ ᠤᠨ ᠪᠠᠭᠰᠢ ᠶᠢᠨ ᠰᠤᠷᠭᠠᠭᠤᠯᠢ ᠶᠢ ᠵᠠᠯᠠᠨ ᠠᠶᠢᠯ ᠬᠤᠳᠠ ᠶᠢᠨ ᠠᠵᠢᠯ ᠮᠡᠷᠭᠡᠵᠢᠯ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠪᠣᠯᠭᠠᠨ ᠥᠭᠡᠷᠡᠴᠢᠯᠡᠨ ᠪᠠᠶᠢᠭᠤᠯᠬᠤ ᠶᠢᠨ ᠲᠤᠰᠠᠳᠠ᠂ ᠪᠠᠷᠢᠯᠭ᠎ᠠ ᠶᠢᠨ ᠳᠠᠭᠠᠭᠠᠴᠢᠯᠠᠯᠲᠠ ᠵᠠᠷᠯᠠᠬᠤ ᠠᠵᠢᠯ ᠨᠢᠭᠡᠨᠲᠡ ᠳᠠᠭᠤᠰᠴᠤ᠂ ᠬᠢᠨᠠᠨ ᠬᠠᠮᠢᠶᠠᠷᠬᠤ ᠺᠣᠮᠫᠠᠨᠢ᠂ ᠪᠠᠷᠢᠯᠭ᠎ᠠ ᠶᠢᠨ ᠲᠥᠷᠥᠯ ᠵᠦᠢᠯ ᠨᠢ ᠳᠣᠣᠷᠠᠬᠢ ᠮᠡᠲᠦ᠄    ᠨᠢᠭᠡ᠂ ᠢᠨᠵᠧᠨᠧᠷᠢᠩ ᠤᠨ ᠭᠤᠤᠯ ᠠᠭᠤᠯᠭ᠎ᠠ    1.ᠥᠭᠡᠷᠡᠴᠢᠯᠡᠨ ᠪᠠᠶᠢᠭᠤᠯᠤᠭᠰᠠᠨ ᠲᠠᠯᠠᠪᠠᠢ ᠨᠢ 24046.98m²᠂ ᠡᠭᠦᠨ ᠳᠤ ᠵᠢᠭᠠᠨ ᠰᠤᠷᠭᠠᠬᠤ ᠳᠤ ᠬᠡᠷᠡᠭᠯᠡᠬᠦ ᠭᠡᠷ ᠪᠠᠶᠢᠰᠢᠩ᠂ ᠠᠮᠢᠳᠤᠷᠠᠯ ᠳᠤ ᠬᠡᠷᠡᠭᠯᠡᠬᠦ ᠭᠡᠷ ᠪᠠᠶᠢᠰᠢᠩ᠂ ᠪᠡᠶ᠎ᠡ ᠶᠢᠨ ᠲᠠᠮᠢᠷ ᠤᠨ ᠲᠠᠯᠠᠪᠠᠢ ᠵᠢᠴᠢ ᠲᠠᠭᠠᠯᠳᠠ ᠪᠠᠷᠢᠯᠭ᠎ᠠ ᠪᠠᠭᠲᠠᠨ᠎ᠠ᠃ ᠭᠡᠷ ᠪᠠᠶᠢᠰᠢᠩ ᠤᠨ ᠪᠦᠷᠬᠦᠭᠡᠰᠦ᠂ ᠳᠣᠲᠣᠷ᠎ᠠ ᠭᠠᠳᠠᠨᠠᠬᠢ ᠬᠡᠷᠡᠮ ᠂ ᠡᠭᠦᠳᠡ ᠴᠣᠩᠬᠤ᠂ ᠤᠰᠤ ᠴᠠᠬᠢᠯᠭᠠᠨ ᠳᠤᠯᠠᠭᠠᠯᠠᠭ᠎ᠠ ᠰᠤᠯᠠ ᠴᠠᠬᠢᠯᠭᠠᠨ ᠵᠡᠷᠭᠡ ᠲᠦᠷᠦᠯ ᠵᠦᠢᠯ ᠢ ᠪᠣᠳᠠᠲᠠᠢ ᠪᠠᠷ ᠬᠡᠷᠡᠭᠵᠢᠭᠦᠯᠦᠨ᠎ᠡ᠃ ᠠᠵᠢᠯ ᠤᠨ ᠬᠤᠭᠤᠴᠠᠭ᠎ᠠ 153 ᠡᠳᠦᠷ᠃ ᠳᠠᠭᠠᠭᠠᠴᠢᠯᠠᠯᠲᠠ ᠣᠯᠤᠭᠰᠠᠨ ᠦᠨ᠎ᠡ ᠨᠢ 30821223.99 ᠲᠥᠭᠦᠷᠢᠭ ᠪᠣᠯᠤᠨ᠎ᠠ᠃    ᠬᠤᠶᠠᠷ᠂ ᠬᠢᠵᠠᠭᠠᠷᠯᠠᠬᠤ ᠦᠨ᠎ᠡ    ᠬᠢᠵᠠᠭᠠᠷᠯᠠᠭᠰᠠᠨ ᠦᠨ᠎ᠡ ᠨᠢ 53.25 ᠲᠦᠮᠡᠨ ᠲᠥᠭᠦᠷᠢᠭ᠂ ᠲᠤᠰ ᠮᠡᠳᠡᠭᠦᠯᠦᠭᠰᠡᠨ ᠦᠨ᠎ᠡ ᠠᠴᠠ ᠥᠨᠳᠥᠷ ᠦᠨ᠎ᠡ ᠨᠢ ᠬᠦᠴᠦᠨ ᠦᠭᠡᠶ ᠮᠡᠳᠡᠭᠦᠯᠦᠭᠰᠡᠨ ᠦᠨ᠎ᠡ ᠪᠣᠯᠤᠨ᠎ᠠ᠃    ᠭᠤᠷᠪᠠ᠂ ᠠᠩᠬᠠᠷᠬᠤ ᠵᠦᠢᠯ᠄    1.ᠬᠠᠮᠢᠶ᠎ᠠ ᠪᠦᠬᠦᠢ ᠮᠠᠲ᠋ᠧᠷᠢᠶᠠᠯ᠄ ᠡᠵᠡᠩᠨᠡᠯᠲᠡ ᠶᠢᠨ ᠦᠨᠡᠮᠯᠡᠯ᠂ ᠠᠵᠤ ᠠᠬᠤᠶᠢᠯᠠᠯ ᠤᠨ ᠬᠢᠷᠢ ᠴᠢᠳᠠᠯ ᠤᠨ ᠦᠨᠡᠮᠯᠡᠯ᠂ ᠠᠶᠤᠯ ᠦᠭᠡᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ᠂ ᠬᠠᠤᠯᠢ ᠶᠢᠨ ᠡᠷᠬᠡᠲᠡᠨ ᠤ ᠪᠡᠶ᠎ᠡ ᠶᠢᠨ ᠦᠨᠡᠮᠯᠡᠯ ᠤᠨ ᠬᠠᠭᠤᠯᠪᠤᠷᠢ᠂ ᠪᠠᠷᠢᠯᠭ᠎ᠠ ᠶᠢᠨ ᠠᠵᠢᠯ ᠤᠨ ᠪᠦᠲᠦᠮᠵᠢ ᠵᠡᠷᠭᠡ ᠬᠠᠮᠢᠶ᠎ᠠ ᠪᠦᠬᠦᠢ ᠮᠠᠲ᠋ᠧᠷᠢᠶᠠᠯ᠃    2. ᠦᠨ᠎ᠡ ᠮᠡᠳᠡᠭᠦᠯᠬᠦ ᠬᠡᠯᠪᠡᠷᠢ᠄ 2024 ᠣᠨ ᠤ 5 ᠳ᠋ᠤᠭᠠᠷ ᠰᠠᠷ᠎ᠠ ᠶᠢᠨ 16 ᠤ ᠡᠳᠦᠷ ᠤᠨ 17᠄ 00 ᠴᠠᠭ ᠠᠴᠠ ᠡᠮᠦᠨ᠎ᠡ ᠬᠠᠮᠢᠶ᠎ᠠ ᠪᠥᠬᠦᠶ ᠦᠨ᠎ᠡ ᠮᠡᠳᠡᠭᠦᠯᠦᠭᠰᠡᠨ ᠮᠠᠲ᠋ᠧᠷᠢᠶᠠᠯ ᠢᠶᠠᠨ ᠲᠠᠮᠠᠭ᠎ᠠ ᠳᠠᠷᠤᠵᠤ ᠨᠢᠭᠲᠠ ᠪᠢᠲᠡᠭᠦᠮᠵᠢᠯᠡᠵᠦ ︵ᠨᠢᠭᠡ ᠬᠡᠯᠪᠡᠷᠢ ᠶᠢᠨ ᠭᠤᠷᠪᠠᠨ ᠬᠤᠪᠢ︶ ᠰᠢᠭᠤᠳ ᠬᠦᠷᠭᠡᠬᠦ ᠪᠤᠶᠤ ᠰᠢᠤᠳᠠᠨ ᠢᠶᠠᠷ ᠢᠯᠡᠭᠡᠨ᠎ᠡ᠄ ᠵᠠᠯᠠᠨ ᠠᠶᠢᠯ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠃ ᠬᠦᠯᠢᠶᠡᠨ ᠠᠪᠤᠭᠴᠢ᠄ ᠹᠤᠩ ᠶᠦᠩ ᠪᠢᠨ᠂ ᠤᠲᠠᠰᠤ 15604705777᠃ ᠨᠠᠷᠢᠨ ᠬᠠᠶ᠋ᠢᠭ᠄ ᠵᠠᠯᠠᠨ ᠠᠶᠢᠯ ᠬᠤᠲᠠ ᠶᠢᠨ ᠥᠷᠲᠡᠭᠡᠨ ᠤ ᠡᠮᠦᠨ᠎ᠡ ᠵᠡᠭᠡᠯᠢ ᠶᠢᠨ 9 ᠳ᠋ᠦᠭᠡᠷ ᠨᠣᠮᠧᠷ᠃ ᠰᠢᠦᠳᠠᠨ ᠳ᠋ᠤᠭᠠᠷ᠄ 162650᠃ ᠬᠤᠭᠤᠴᠠᠭ᠎ᠠ ᠬᠡᠲᠦᠷᠡᠪᠡᠯ ᠲᠤᠰ ᠤᠳᠠᠭ᠎ᠠ ᠶᠢᠨ ᠮᠡᠳᠡᠭᠦᠯᠦᠭᠰᠡᠨ ᠦᠨ᠎ᠡ ᠶᠢ ᠠᠶᠠᠨᠳᠠᠭᠠᠨ ᠬᠠᠶᠠᠭᠰᠠᠨ ᠵᠶ᠋ᠠᠷ‌ᠦᠵᠡᠨ᠎ᠡ᠃    3. ᠲᠤᠰ ᠮᠡᠳᠡᠭᠦᠯᠦᠭᠰᠡᠨ ᠦᠨ᠎ᠡ ᠪᠣᠯ ᠬᠠᠮᠤᠭ ᠡᠴᠦᠰ ᠤᠨ ᠮᠡᠳᠡᠭᠦᠯᠦᠭᠰᠡᠨ ᠦᠨ᠎ᠡ ᠪᠣᠯᠤᠨ᠎ᠠ᠃    4. ᠦᠨ᠎ᠡ ᠮᠡᠳᠡᠭᠦᠯᠬᠦ ᠮᠠᠲ᠋ᠧᠷᠢᠶᠠᠯ ᠤᠨ ᠬᠦᠰᠦᠨᠦᠭᠲᠦ ᠳᠤ ᠲᠤᠰ ᠨᠢᠭᠡᠴᠢ ᠶᠢᠨ ᠬᠦᠴᠦᠨ ᠪᠦᠬᠦᠢ ᠲᠠᠮᠠᠭ᠎ᠠ ᠶᠢ ᠳᠠᠷᠤᠬᠤ ᠬᠡᠷᠡᠭᠲᠡᠶ᠃         ᠵᠠᠯᠠᠨ ᠠᠶᠢᠯ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ    2024 ᠣᠨ ᠤ 5 ᠰᠠᠷ᠎ᠠ ᠶᠢᠨ 10 ᠤ ᠡᠳᠦᠷ
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ