ᠬᠤᠲᠠ ᠶᠢᠨ ᠶᠠᠪᠤᠳᠠᠯ ᠤᠨ ᠢᠨᠵᠧᠨᠧᠷᠢᠩ ᠤᠨ ᠦᠢᠯᠡᠴᠢᠯᠡᠭᠡᠨ ᠤ ᠲᠥᠪ 2024 ᠣᠨ ᠤ ᠲᠢᠶᠠᠨ ᠹᠦ᠋ ᠵᠢᠶᠠ  ᠶᠤᠸᠠᠨ ᠴᠠᠭᠠᠰᠤᠨ ᠡᠭᠡᠳᠡᠩ ᠤᠨ ᠣᠷᠣᠨ ᠰᠠᠭᠤᠴᠠ ᠶᠢᠨ ᠵᠡᠭᠡᠯᠢ ᠭᠤᠳᠤᠮᠵᠢ ᠶᠢᠨ ᠥᠭᠡᠷᠡᠴᠢᠯᠡᠯᠲᠡ ᠶᠢᠨ ᠢᠨᠵᠧᠨᠧᠷᠢᠩ ᠤᠨ ᠦᠨ᠎ᠡ ᠯᠠᠪᠯᠠᠵᠤ ᠵᠠᠷᠯᠠᠨ ᠨᠡᠶᠢᠲᠡᠯᠡᠪᠡ
ᠨᠡᠶᠢᠲᠡᠯᠡᠭᠰᠡᠨ ᠴᠠᠭ᠄
2024/5/13
    ᠬᠤᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠥᠯᠥᠭᠡ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠲᠠᠭᠠᠯᠠᠮᠵᠢᠲᠠᠶ᠂ ᠣᠷᠣᠰᠢᠨ ᠰᠠᠭᠤᠬᠤ ᠳᠤ ᠲᠣᠬᠢᠷᠠᠮᠵᠢᠲᠠᠶ ᠬᠤᠲᠠ ᠶᠢ ᠪᠥᠲᠥᠭᠡᠨ ᠪᠠᠶᠢᠭᠤᠯᠬᠤ ᠵᠠᠷᠴᠢᠮ ᠶᠣᠰᠣᠭᠠᠷ᠂ ᠬᠤᠲᠠ ᠶᠢᠨ ᠶᠠᠪᠤᠳᠠᠯ ᠤᠨ ᠢᠨᠵᠧᠨᠧᠷᠢᠩ ᠤᠨ ᠦᠢᠯᠡᠴᠢᠯᠡᠭᠡᠨ ᠤ ᠲᠥᠪ ᠠᠴᠠ 2024 ᠣᠨ ᠤ ᠲᠢᠶᠠᠨ ᠹᠦ᠋ ᠵᠢᠶᠠ  ᠶᠤᠸᠠᠨ‌‍ᠤ ᠴᠠᠭᠠᠰᠤᠨ ᠡᠭᠡᠳᠡᠩ ᠤᠨ ᠣᠷᠣᠨ ᠰᠠᠭᠤᠴᠠ ᠶᠢᠨ ᠵᠡᠭᠡᠯᠢ ᠭᠤᠳᠤᠮᠵᠢ ᠶᠢᠨ ᠥᠭᠡᠷᠡᠴᠢᠯᠡᠯᠲᠡ ᠶᠢᠨ ᠢᠨᠵᠧᠨᠧᠷᠢᠩ ᠢ ᠬᠡᠷᠡᠭᠵᠢᠭᠦᠯᠬᠦ ᠪᠠᠷ ᠲᠥᠯᠥᠪᠯᠡᠵᠦ ᠪᠣᠶ᠂ ᠢᠨᠵᠧᠨᠧᠷᠢᠩ ᠤᠨ ᠲᠥᠷᠥᠯ ᠵᠦᠢᠯ ᠤᠨ ᠨᠠᠷᠢᠨ  ᠵᠦᠢᠯᠡᠰ ᠨᠢ ᠳᠣᠤᠷᠠᠬᠢ ᠮᠡᠲᠦ᠄    ᠨᠢᠭᠡ᠂ ᠢᠨᠵᠧᠨᠧᠷᠢᠩ ᠤᠨ ᠭᠤᠤᠯ ᠠᠭᠤᠯᠭ᠎ᠠ    1.ᠵᠠᠳᠠᠯᠤᠨ ᠵᠥᠭᠡᠭᠡᠪᠦᠷᠢᠯᠡᠬᠦ ᠱᠦᠢᠨᠢ ᠶᠢᠨ ᠵᠤᠵᠠᠭᠠᠨ ᠤ ᠬᠡᠮᠵᠢᠶ᠎ᠡ 21.2cm᠂ ᠲᠠᠯᠠᠪᠠᠢ ᠶᠢᠨ ᠬᠡᠮᠵᠢᠶ᠎ᠡ ᠨᠢ 1637m² ᠲᠥᠭᠦᠷᠢᠭ᠂ ᠡᠵᠡᠯᠡᠬᠦᠨ ᠤ ᠬᠡᠮᠵᠢᠶ᠎ᠡ ᠨᠢ 348m³ ᠃    2.ᠮᠠᠯᠲᠠᠵᠤ ᠵᠥᠭᠡᠭᠡᠪᠦᠷᠢᠯᠡᠬᠦ ᠦᠨᠳᠦᠰᠦᠨ ᠱᠠᠲᠤᠨ ᠤ ᠰᠢᠷᠣᠶ ᠶᠢᠨ ᠵᠣᠷ 32.8cm ᠵᠤᠵᠠᠭᠠᠨ᠂ ᠲᠠᠯᠠᠪᠠᠢ ᠨᠢ 2025 m² ᠲᠥᠭᠦᠷᠢᠭ᠂ ᠡᠵᠡᠯᠡᠬᠦᠨ ᠨᠢ 664.5m³᠃     3.ᠡᠭᠡᠭᠦᠯᠦᠨ ᠪᠥᠭᠯᠡᠵᠦ ᠢᠩᠳᠡᠬᠦ ᠬᠤᠯᠢᠮᠠᠭ ᠡᠯᠡᠰᠦᠨ ᠤ ᠵᠤᠵᠠᠭᠠᠨ ᠨᠢ 30cm᠂ ᠲᠠᠯᠠᠪᠠᠢ ᠨᠢ 2025 m² ᠲᠥᠭᠦᠷᠢᠭ᠂ ᠡᠵᠡᠯᠡᠬᠦᠨ ᠨᠢ 607.5m³ ᠃    4. ᠲᠤᠬᠠᠶ ᠶᠢᠨ ᠲᠠᠯᠠᠪᠠᠶ ᠳᠤ ᠱᠦᠢᠨᠢ ᠲᠡᠮᠦᠷ ︵  ᠬᠤᠳᠠᠯᠳᠤᠭᠠᠨ ᠤ ᠲᠡᠮᠦᠷ︶ C30 ᠵᠤᠵᠠᠭᠠᠨ 20cm᠂ ᠲᠠᠯᠠᠪᠠᠶ ᠨᠢ 2025 m² ᠲᠥᠭᠦᠷᠢᠭ ᠢ ᠴᠢᠳᠬᠤᠪᠠ᠃    5.ᠱᠦᠢᠨᠢ ᠶᠢᠨ ᠴᠠᠷᠳᠠᠮᠠᠯ ᠵᠠᠮ ᠤᠨ ᠭᠠᠳᠠᠷᠭᠤ ᠶᠢ ᠰᠤᠪᠢᠯᠠᠵᠤ᠂ ᠰᠦᠯᠢᠶᠣᠣ ᠪᠦᠷᠬᠦᠭᠦᠯ ᠢ ᠬᠠᠮᠠᠭᠠᠯᠠᠬᠤ 2025 m²  ᠲᠥᠭᠦᠷᠢᠭ ᠤᠨ ᠤᠢ ᠮᠣᠳᠣ ᠶᠢ ᠬᠠᠮᠠᠭᠠᠯᠠᠨ᠎ᠠ᠃    6. ᠬᠢᠷᠥᠭᠡ ᠶᠢᠨ ᠵᠠᠭᠠᠳᠠᠰᠤ 506.25m    7.ᠵᠠᠭᠠᠭ ᠤᠨ ᠴᠢᠯᠠᠭᠤ ᠶᠢᠨ ᠤᠷᠳᠤ ᠨᠢ 800m ᠪᠣᠯᠤᠨ᠎ᠠ᠃    ᠬᠤᠶᠠᠷ᠂ ᠬᠢᠵᠠᠭᠠᠷᠯᠠᠬᠤ ᠦᠨ᠎ᠡ    ᠲᠤᠰ ᠢᠨᠵᠧᠨᠧᠷᠢᠩ ᠤᠨ ᠬᠢᠵᠠᠭᠠᠷᠯᠠᠭᠰᠠᠨ ᠦᠨ᠎ᠡ ᠨᠢ 42.37 ᠲᠦᠮᠡᠨ ᠲᠥᠭᠦᠷᠢᠭ᠂ ᠲᠤᠰ ᠮᠡᠳᠡᠭᠦᠯᠦᠭᠰᠡᠨ ᠦᠨ᠎ᠡ ᠠᠴᠠ ᠥᠨᠳᠥᠷ ᠦᠨ᠎ᠡ ᠨᠢ ᠬᠦᠴᠦᠨ ᠦᠭᠡᠶ ᠮᠡᠳᠡᠭᠦᠯᠦᠭᠰᠡᠨ ᠦᠨ᠎ᠡ ᠪᠣᠯᠤᠨ᠎ᠠ᠃    ᠭᠤᠷᠪᠠ᠂ ᠠᠩᠬᠠᠷᠬᠤ ᠵᠦᠢᠯ᠄    1. ᠬᠠᠮᠢᠶ᠎ᠠ ᠪᠦᠬᠦᠢ ᠮᠠᠲ᠋ᠧᠷᠢᠶᠠᠯ᠄ ᠡᠵᠡᠩᠨᠡᠯᠲᠡ ᠶᠢᠨ ᠦᠨᠡᠮᠯᠡᠯ᠂ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠬᠢᠷᠢ ᠬᠡᠮ ᠤᠨ ᠦᠨᠡᠮᠯᠡᠯ᠂ ᠠᠶᠤᠯ ᠦᠭᠡᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ᠂ ᠬᠠᠤᠯᠢ ᠶᠢᠨ ᠡᠷᠬᠡᠲᠡᠨ ᠤ ᠪᠡᠶ᠎ᠡ ᠶᠢᠨ ᠦᠨᠡᠮᠯᠡᠯ ᠤᠨ ᠬᠠᠭᠤᠯᠪᠤᠷᠢ᠂ ᠪᠠᠷᠢᠯᠭ᠎ᠠ ᠶᠢᠨ ᠠᠵᠢᠯ ᠤᠨ ᠠᠮᠵᠢᠯᠲᠠ ᠵᠡᠷᠭᠡ ᠬᠠᠮᠢᠶ᠎ᠠ ᠪᠦᠬᠦᠢ ᠮᠠᠲ᠋ᠧᠷᠢᠶᠠᠯ᠃    2. ᠰᠦᠢᠳᠭᠡᠯ ᠠᠪᠬᠤ ᠪᠠᠷᠢᠮᠵᠢᠶ᠎ᠠ᠄ ᠤᠯᠤᠰ ᠤᠨ ᠬᠠᠮᠢᠶ᠎ᠠ ᠪᠥᠬᠦᠶ ᠰᠦᠢᠳᠭᠡᠯ ᠬᠤᠷᠢᠶᠠᠬᠤ ᠪᠢᠴᠢᠭ ᠮᠠᠲ᠋ᠧᠷᠢᠶᠠᠯ ᠤᠨ ᠲᠣᠭᠲᠠᠭᠠᠯ ᠳᠤ ᠨᠡᠶᠢᠴᠡᠬᠦ ᠮᠥᠷᠲᠡᠭᠡᠨ ᠰᠦᠢᠳᠭᠡᠯ ᠬᠤᠷᠢᠶᠠᠬᠤ ᠪᠠᠷᠢᠮᠵᠢᠶ᠎ᠠ ᠠᠴᠠ ᠥᠨᠳᠥᠷ ᠥᠬᠡᠶ ᠰᠠᠭᠤᠷᠢᠨ ᠳᠡᠭᠡᠷ᠎ᠡ ᠵᠦᠶ ᠵᠣᠬᠢᠰᠲᠠᠶ ᠪᠠᠷ ᠦᠨ᠎ᠡ ᠮᠡᠳᠡᠭᠦᠯᠦᠨ᠎ᠡ᠃    3. ᠦᠢᠯᠡᠴᠢᠯᠡᠭᠡᠨ ᠤ ᠨᠢᠭᠡᠴᠡ ᠶᠢ ᠲᠣᠭᠲᠠᠭᠠᠬᠤ ᠵᠠᠷᠴᠢᠮ ᠪᠠ ᠠᠷᠭ᠎ᠠ ᠮᠠᠶ᠋ᠢᠭ᠄ ᠢᠯᠡ᠂ ᠡᠷᠬᠡ ᠲᠡᠭᠰᠢ᠂ ᠲᠥᠪ ᠭᠤᠤᠯᠴᠢ ᠪᠠᠶᠢᠬᠤ ᠵᠠᠷᠴᠢᠮ ᠢ ᠪᠠᠷᠢᠮᠲᠠᠯᠠᠵᠤ᠂ ᠮᠠᠨ ᠤ ᠨᠢᠭᠡᠴᠡ ᠲᠣᠰ ᠲᠥᠷᠥᠯ ᠵᠦᠢᠯ ᠳᠤ ᠦᠨ᠎ᠡ ᠯᠠᠪᠯᠠᠬᠤ ᠠᠷᠭ᠎ᠠ ᠮᠠᠶ᠋ᠢᠭ ᠢᠶᠠᠷ᠂ ᠶᠡᠷᠦᠩᠬᠡᠶᠢᠯᠡᠭᠰᠡᠨ ᠪᠣᠳᠠᠲᠤ ᠬᠦᠴᠦᠨ᠂ ᠬᠠᠮᠢᠶ᠎ᠠ ᠪᠥᠬᠦᠶ ᠠᠵᠢᠯ ᠤᠨ ᠠᠮᠵᠢᠯᠲᠠ ᠪᠦᠲᠦᠮᠵᠢ ᠪᠠ ᠮᠡᠳᠡᠭᠦᠯᠦᠭᠰᠡᠨ ᠦᠨ᠎ᠡ ᠶᠢᠨ ᠥᠨᠳᠥᠷ ᠳᠣᠤᠷ᠎ᠠ ᠵᠡᠷᠭᠡ ᠲᠠᠯ᠎ᠠ ᠪᠠᠷ ᠶᠡᠷᠦᠩᠬᠡᠶᠢᠯᠡᠨ ᠰᠤᠳᠤᠯᠤᠨ ᠮᠠᠭᠠᠳᠯᠠᠵᠤ᠂ ᠦᠢᠯᠡᠴᠢᠯᠡᠭᠡᠨ ᠤ ᠨᠢᠭᠡᠴᠡ ᠶᠢ ᠲᠣᠭᠲᠠᠭᠠᠨ᠎ᠠ᠃    4. ᠦᠨ᠎ᠡ ᠮᠡᠳᠡᠭᠦᠯᠬᠦ ᠬᠡᠯᠪᠡᠷᠢ᠄ 2024 ᠣᠨ ᠤ 5 ᠰᠠᠷ᠎ᠠ ᠶᠢᠨ 16 ᠤ ᠡᠳᠦᠷ ᠤᠨ 17᠄ 00 ᠠᠴᠠ ᠡᠮᠦᠨ᠎ᠡ ᠬᠤᠯᠪᠣᠭᠳᠠᠯ ᠪᠥᠬᠦᠶ ᠦᠨ᠎ᠡ ᠮᠡᠳᠡᠭᠦᠯᠬᠦ ᠮᠠᠲ᠋ᠧᠷᠢᠶᠠᠯ ᠢᠶᠠᠨ ᠲᠠᠮᠠᠭ᠎ᠠ ᠳᠠᠷᠤᠵᠤ ᠨᠢᠭᠲᠠ ᠪᠢᠲᠡᠭᠦᠮᠵᠢᠯᠡᠵᠦ ︵ᠨᠢᠭᠡ ᠬᠡᠯᠪᠡᠷᠢ ᠶᠢᠨ ᠭᠤᠷᠪᠠᠨ ᠬᠤᠪᠢ︶ ᠵᠠᠯᠠᠨ ᠠᠶᠢᠯ ᠬᠤᠲᠠ ᠶᠢᠨ ᠬᠤᠲᠠ ᠶᠢᠨ ᠶᠠᠪᠤᠳᠠᠯ ᠤᠨ ᠢᠨᠵᠧᠨᠧᠷᠢᠩ ᠤᠨ ᠦᠢᠯᠡᠴᠢᠯᠡᠭᠡᠨ ᠤ ᠲᠥᠪ ᠲᠤ ᠰᠢᠭᠤᠳ ᠬᠦᠷᠭᠡᠬᠦ ᠪᠤᠶᠤ ᠰᠢᠤᠳᠠᠨ ᠢᠶᠠᠷ ᠢᠯᠡᠭᠡᠨ᠎ᠡ᠂ ᠭᠥᠯᠢᠶᠡᠨ ᠠᠪᠤᠭᠴᠢ᠄ ᠵᠤ ᠴᠦᠨ ᠬᠤᠶ᠂ ᠤᠲᠠᠰᠤ᠄ 0470 — 3302225᠂ 15548000428᠃ ᠨᠠᠷᠢᠨ ᠲᠣᠳᠣᠷᠬᠠᠶ ᠬᠠᠶ᠋ᠢᠭ᠄ ᠾᠧ ᠰᠢ ᠵᠡᠭᠡᠯᠢ  ᠶᠢᠨ ᠵᠠᠰᠠᠭ ᠤᠨ ᠶᠠᠪᠤᠳᠠᠯ ᠤᠨ ᠬᠤᠶᠠᠳᠤᠭᠠᠷ ᠵᠡᠭᠡᠯᠢ ᠶᠢᠨ 13 ᠳ᠋ᠤᠭᠠᠷ ᠠᠰᠠᠷ ᠤᠨ ᠬᠤᠲᠠ ᠶᠢᠨ ᠶᠠᠪᠤᠳᠠᠯ ᠤᠨ ᠢᠨᠵᠧᠨᠧᠷᠢᠩ ᠤᠨ ᠦᠢᠯᠡᠴᠢᠯᠡᠭᠡᠨ ᠤ ᠲᠥᠪ᠂ ᠰᠢᠤᠳᠠᠨ ᠳ᠋ᠤᠭᠠᠷ᠄ 162650᠃ ᠬᠤᠭᠤᠴᠠᠭ᠎ᠠ ᠬᠡᠲᠦᠷᠡᠪᠡᠯ ᠲᠤᠰ ᠤᠳᠠᠭ᠎ᠠ ᠶᠢᠨ ᠮᠡᠳᠡᠭᠦᠯᠦᠭᠰᠡᠨ ᠦᠨ᠎ᠡ ᠶᠢ ᠠᠶᠠᠨᠳᠠᠭᠠᠨ ᠬᠠᠶᠠᠭᠰᠠᠨ ᠢᠶᠠᠷ ᠦᠵᠡᠨ᠎ᠡ᠃    5. ᠲᠤᠰ ᠮᠡᠳᠡᠭᠦᠯᠦᠭᠰᠡᠨ ᠦᠨ᠎ᠡ ᠪᠣᠯ ᠬᠠᠮᠤᠭ ᠡᠴᠦᠰ ᠤᠨ ᠮᠡᠳᠡᠭᠦᠯᠦᠭᠰᠡᠨ ᠦᠨ᠎ᠡ ᠪᠣᠯᠤᠨ᠎ᠠ᠃    6. ᠦᠨ᠎ᠡ ᠮᠡᠳᠡᠭᠦᠯᠬᠦ ᠮᠠᠲ᠋ᠧᠷᠢᠶᠠᠯ ᠤᠨ ᠬᠦᠰᠦᠨᠦᠭᠲᠦ ᠳᠤ ᠲᠤᠰ ᠨᠢᠭᠡᠴᠢ ᠶᠢᠨ ᠬᠦᠴᠦᠨ ᠪᠦᠬᠦᠢ ᠲᠠᠮᠠᠭ᠎ᠠ ᠶᠢ ᠳᠠᠷᠤᠬᠤ ᠬᠡᠷᠡᠭᠲᠡᠶ᠃     ᠵᠠᠯᠠᠨ ᠠᠶᠢᠯ ᠬᠤᠲᠠ ᠶᠢᠨ ᠬᠤᠲᠠ ᠶᠢᠨ ᠶᠠᠪᠤᠳᠠᠯ ᠤᠨ ᠢᠨᠵᠧᠨᠧᠷᠢᠩ ᠤᠨ ᠦᠢᠯᠡᠴᠢᠯᠡᠬᠦ ᠲᠥᠪ    2024 ᠣᠨ ᠤ 5 ᠰᠠᠷ᠎ᠠ ᠶᠢᠨ 10 ᠤ ᠡᠳᠦᠷ
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ