ᠡᠮᠴᠢ᠄ ᠬᠡᠭᠡᠷ᠎ᠡ ᠶᠢᠨ ᠨᠣᠭᠤᠭ᠎ᠠ ᠢᠳᠡᠬᠦ ᠨᠢ ᠠᠶᠤᠯ ᠲᠠᠢ᠂ ᠲᠠᠨᠢᠬᠤ ᠦᠭᠡᠢ ᠨᠤᠭᠤᠭ᠎ᠠ ᠶᠢ ᠪᠤᠤ ᠲᠡᠭᠦᠭᠡᠷᠡᠢ
ᠨᠡᠶᠢᠲᠡᠯᠡᠭᠰᠡᠨ ᠴᠠᠭ᠄
2024/5/14
    ᠡᠮᠴᠢ ᠬᠡᠯᠡᠬᠦ ᠳᠡᠭᠡᠨ᠂ ᠬᠡᠭᠡᠷ᠎ᠡ ᠶᠢᠨ ᠨᠣᠭᠤᠭ᠎ᠠ ᠨᠢ ᠠᠮᠲᠠ ᠪᠠᠷ ᠭᠠᠰᠢᠭᠤᠨ ᠪᠤᠯᠬᠤᠷ ᠠᠷᠠᠳ ᠤᠨ ᠳᠤᠮᠳᠠ ᠶᠡᠷᠦ ᠨᠢ ᠬᠠᠯᠠᠭᠤᠨ ᠢ ᠠᠷᠢᠯᠭᠠᠵᠤ ᠬᠤᠤᠷ ᠢ ᠲᠠᠶᠢᠯᠬᠤ᠂ ᠴᠢᠰᠤᠨ ᠳᠠᠷᠤᠯᠲᠠ ᠶᠢ ᠪᠠᠭᠤᠷᠠᠭᠤᠯᠬᠤ᠂ ᠬᠠᠯᠠᠭᠤᠨ ᠢ ᠲᠠᠷᠤᠬᠤ ᠦᠢᠯᠡᠳᠦᠯ ᠲᠠᠢ ᠭᠡᠵᠦ ᠬᠡᠯᠡᠳᠡᠭ᠃ ᠭᠡᠪᠡᠴᠦ ᠪᠡᠶ᠎ᠡ ᠮᠠᠬᠠᠪᠣᠳ ᠠᠳᠠᠯᠢ ᠪᠤᠰᠤ ᠠᠴᠠ ᠪᠣᠯᠵᠤ ᠬᠡᠭᠡᠷ᠎ᠡ ᠶᠢᠨ ᠨᠣᠭᠤᠭ᠎ᠠ ᠢᠳᠡᠪᠡᠯ ᠡᠪᠡᠳᠴᠢᠨ ᠡᠭᠦᠰᠭᠡᠵᠦ ᠮᠡᠳᠡᠨ᠎ᠡ᠂ ᠠᠷᠠᠳ ᠢᠷᠭᠡᠳ ᠬᠡᠭᠡᠷ᠎ᠡ ᠶᠢᠨ ᠨᠣᠭᠤᠭ᠎ᠠ ᠲᠡᠭᠦᠬᠦ ᠳᠡᠭᠡᠨ ᠪᠣᠯᠭᠤᠮᠵᠢᠲᠠᠶ ᠪᠠᠶᠢᠬᠤ ᠬᠡᠷᠡᠭᠲᠡᠶ᠂ ᠲᠠᠨᠢᠬᠤ ᠦᠭᠡᠢ ᠨᠤᠭᠤᠭ᠎ᠠ ᠶᠢ ᠪᠤᠤ ᠲᠡᠭᠦᠭᠡᠷᠡᠢ᠃ ︽ᠲᠠᠨᠢᠯ ᠪᠤᠰᠤ ᠬᠡᠭᠡᠷ᠎ᠡ ᠶᠢᠨ ᠨᠣᠭᠤᠭ᠎ᠠ ᠶᠢ ᠢᠳᠡᠪᠡᠯ ᠠᠮᠠᠷᠬᠠᠨ ᠬᠤᠤᠷᠳᠠᠭᠳᠠᠨ᠎ᠠ᠂ ᠤᠴᠢᠷ ᠨᠢ ᠬᠡᠭᠡᠷ᠎ᠡ ᠶᠢᠨ ᠨᠣᠭᠤᠭ᠎ᠠ ᠳᠣᠲᠣᠷ᠎ᠠ ᠶᠡᠷᠦ ᠳᠡᠭᠡᠨ ᠬᠤᠤᠷᠲᠤ ᠠᠮᠢᠳᠤ ᠪᠣᠳᠠᠰ ᠤᠨ ᠱᠦᠯᠲᠦ ᠠᠭᠤᠯᠵᠦ ᠪᠠᠶᠢᠳᠠᠭ︾᠃    ᠦᠨᠦᠷᠲᠦ ᠨᠢᠴᠦᠭᠦᠨ ᠬᠤᠪᠣᠯᠣ ᠶᠢ ᠰᠠᠶᠢᠲᠤᠷ ᠰᠢᠢᠳᠪᠦᠷᠢᠯᠡᠬᠦ ᠦᠭᠡᠢ ᠪᠣᠯ ᠪᠠᠰᠠ ᠬᠤᠣᠷᠳᠠᠭᠳᠠᠳᠠᠭ᠃ ︽ᠲᠡᠭᠦᠨ ᠳᠤ ᠳᠤᠲᠠᠭᠤ ᠠᠽᠣᠲ ᠬᠦᠴᠢᠯ ᠤᠨ ᠳᠠᠪᠤᠰᠤ ᠠᠭᠤᠯᠤᠭᠳᠠᠵᠤ ᠪᠠᠶᠢᠳᠠᠭ ᠪᠤᠯᠬᠤᠷ ᠬᠡᠷᠪᠡ ᠤᠰᠤᠨ ᠳᠤ ᠪᠤᠴᠠᠯᠭᠠᠬᠤ ᠥᠬᠡᠶ ᠪᠠᠷ ᠬᠡᠲᠦᠷᠡᠲᠡᠯ᠎ᠡ ᠢᠳᠡᠪᠡᠯ ᠳᠤᠲᠠᠭᠤ ᠠᠽᠣᠲ ᠬᠦᠴᠢᠯ ᠤᠨ ᠳᠠᠪᠤᠰᠤᠨ ᠳᠤ ᠠᠮᠠᠷᠬᠠᠨ ᠬᠤᠤᠷᠳᠠᠭᠳᠠᠨ᠎ᠠ︾᠃    ᠣᠶᠢᠮ᠎ᠠ ᠨᠣᠭᠤᠭ᠎ᠠ ᠶᠢᠨ ᠳᠣᠲᠣᠷ᠎ᠠ ︽ᠠᠩᠬᠠᠨ ᠤ ᠤᠶᠢᠮ᠎ᠠ ᠶᠢᠨ ᠭᠯᠢᠺᠣᠰᠢᠳ᠋︾ ᠤᠨ ᠪᠣᠳᠠᠰ ᠠᠭᠤᠯᠤᠭᠳᠠᠵᠤ ᠪᠠᠶᠢᠳᠠᠭ᠂ ᠡᠨᠡ ᠨᠢ ᠥᠮᠡᠨ ᠡᠭᠦᠰᠭᠡᠬᠦ ᠪᠣᠳᠠᠰ ᠪᠣᠯᠬᠤ ᠲᠤᠯᠠ ᠠᠷᠪᠢᠨ ᠢᠳᠡᠪᠡᠯ ᠥᠮᠡᠨ ᠡᠭᠦᠰᠭᠡᠬᠦ ᠠᠶᠤᠯ ᠲᠠᠢ᠃ ᠡᠶᠢᠮᠦ ᠠᠴᠠ ᠬᠡᠭᠡᠷ᠎ᠡ ᠶᠢᠨ ᠨᠣᠭᠤᠭ᠎ᠠ ᠶᠢ ᠵᠣᠬᠢᠰᠲᠠᠶ ᠢᠳᠡᠬᠦ ᠬᠡᠷᠡᠭᠲᠡᠶ᠂ ᠠᠷᠪᠢᠨ ᠢᠳᠡᠵᠦ ᠪᠣᠯᠬᠤ ᠦᠭᠡᠢ᠂ ᠴᠢᠳᠠᠬᠤ ᠶᠢᠨ ᠲᠤᠳᠤᠷ᠎ᠠ ᠢᠳᠡᠬᠦ ᠦᠭᠡᠢ ᠪᠤᠯ ᠰᠠᠶᠢᠨ᠃    ᠬᠡᠷᠪᠡ ᠬᠡᠭᠡᠷ᠎ᠡ ᠶᠢᠨ ᠨᠣᠭᠤᠭ᠎ᠠ ᠢᠳᠡᠭᠡᠳ ᠳᠤᠷ᠎ᠠ ᠪᠤᠯᠭᠢᠵᠤ ᠡᠪ ᠦᠭᠡᠶᠢᠷᠡᠬᠦ ᠪᠠᠶᠢᠳᠠᠯ ᠭᠠᠷᠪᠠᠯ ᠡᠷᠲᠡᠬᠡᠨ ᠡᠮᠨᠡᠭᠦᠯᠵᠦ᠂ ᠬᠦᠨᠳᠦ ᠨᠣᠴᠢᠲᠠᠶ ᠮᠠᠭᠤ ᠤᠷᠰᠢᠭ ᠭᠠᠷᠬᠤ ᠠᠴᠠ ᠵᠠᠶᠢᠯᠠᠰᠬᠢᠬᠦ ᠬᠡᠷᠡᠭᠲᠡᠶ ᠬᠡᠪᠡ᠃
ᠢᠷᠡᠯᠲᠡ᠄ ᠠᠷᠠᠳ ᠤᠨ ᠮᠣᠩᠭᠤᠯ ᠰᠦᠯᠵᠢᠶ᠎ᠡ