ᠨᠢᠭᠡᠳᠦᠭᠡᠷ ᠤᠯᠠᠷᠢᠯ ᠳᠤ ᠪᠥᠬᠦ ᠣᠷᠣᠨ ᠳᠤ ᠳᠡᠯᠭᠡᠷᠡᠭᠦᠯᠦᠭᠰᠡᠨ ᠰᠢᠨ᠎ᠡ ᠡᠨᠧᠷᠭᠢ ᠶᠢᠨ ᠮᠠᠰᠢᠨ ᠲᠡᠷᠭᠡ 1.7 ᠲᠦᠮᠡ ᠶᠢ ᠳᠠᠪᠠᠪᠠ
ᠨᠡᠶᠢᠲᠡᠯᠡᠭᠰᠡᠨ ᠴᠠᠭ᠄
2024/5/20
    ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠠᠴᠠ ᠣᠶᠢᠯᠠᠭᠠᠭᠰᠠᠨ ᠨᠢ᠂ ᠡᠨᠡ ᠵᠢᠯ ᠤᠨ ᠨᠢᠭᠡᠳᠦᠭᠡᠷ ᠤᠯᠠᠷᠢᠯ ᠳᠤ᠂ ᠪᠥᠬᠦ ᠣᠷᠣᠨ ᠳᠤ 17281 ᠰᠢᠨ᠎ᠡ ᠡᠨᠧᠷᠭᠢ ᠶᠢᠨ ᠮᠠᠰᠢᠨ ᠲᠡᠷᠭᠡ ᠶᠢ ᠳᠡᠯᠭᠡᠷᠡᠭᠦᠯᠵᠦ᠂ ᠠᠳᠠᠯᠢ ᠬᠤᠭᠤᠴᠠᠭᠠᠨ ᠤ ᠬᠢ ᠠᠴᠠ 124.5% ᠪᠠᠷ ᠨᠡᠮᠡᠭᠳᠡᠪᠡ᠃    ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠢ ᠬᠥᠭᠵᠢᠭᠦᠯᠬᠦ ᠪᠣᠯ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ᠂ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠬᠤ ᠪᠠᠶᠢᠯᠳᠤᠬᠤ ᠪᠣᠳᠣᠯᠭ᠎ᠠ ᠶᠢᠨ ᠠᠷᠭ᠎ᠠ ᠬᠡᠮᠵᠢᠶ᠎ᠡ ᠮᠥᠨ᠃ ᠣᠶᠢᠷ᠎ᠠ ᠶᠢᠨ ᠵᠢᠯ ᠤᠳ ᠲᠤ᠂ ᠮᠠᠨ ᠤ ᠣᠷᠣᠨ ᠤᠷᠢᠳ ᠬᠤᠵᠢᠳ ︽ᠰᠢᠨ᠎ᠡ ᠡᠨᠧᠷᠭᠢ ᠶᠢᠨ ᠮᠠᠰᠢᠨ ᠲᠡᠷᠭᠡ ᠶᠢ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠬᠡᠬᠦ ᠲᠤᠬᠠᠢ ᠬᠡᠷᠡᠭᠵᠢᠭᠦᠯᠬᠦ ᠰᠠᠨᠠᠯ︾ ᠵᠡᠷᠭᠡ ᠲᠥᠷᠥ ᠶᠢᠨ ᠪᠣᠳᠣᠯᠭ᠎ᠠ ᠶᠢᠨ ᠴᠢᠨᠠᠷᠲᠠᠢ ᠣᠯᠠᠨ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠵᠤ᠂ ᠭᠤᠣᠯᠳᠠᠯᠭ᠎ᠠ ᠲᠠᠢ ᠬᠦᠷᠢᠶᠡᠨ ᠳᠠᠬᠢ ᠳᠡᠯᠭᠡᠷᠡᠭᠦᠯᠬᠦ ᠪᠠᠨ ᠡᠷᠴᠢᠮᠵᠢᠭᠦᠯᠬᠦ᠂ ᠴᠠᠬᠢᠯᠭᠠᠨ ᠴᠡᠨᠡᠭᠯᠡᠵᠦ ᠰᠣᠯᠢᠬᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠵᠡᠷᠭᠡ ᠲᠠᠯ᠎ᠠ ᠨᠤᠭᠤᠳ ᠢᠶᠠᠷ ᠪᠠᠶᠢᠷᠢᠯᠠᠭᠤᠯᠵᠤ᠂ ᠰᠢᠨ᠎ᠡ ᠡᠨᠧᠷᠭᠢ ᠶᠢᠨ ᠮᠠᠰᠢᠨ ᠲᠡᠷᠭᠡ ᠶᠢ ᠳᠡᠯᠭᠡᠷᠡᠭᠦᠯᠦᠨ ᠬᠡᠷᠡᠭᠯᠡᠬᠦ ᠪᠠᠨ ᠦᠷᠭᠦᠯᠵᠢᠯᠡᠨ ᠡᠷᠴᠢᠮᠵᠢᠭᠦᠯᠪᠡ᠃    ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠠᠬᠢᠭᠤᠯᠤᠯ ᠳᠣᠣᠷ᠎ᠠ᠂ ᠪᠥᠬᠦ ᠣᠷᠣᠨ ᠤ ᠰᠢᠨ᠎ᠡ ᠡᠨᠧᠷᠭᠢ ᠶᠢᠨ ᠮᠠᠰᠢᠨ ᠲᠡᠷᠭᠡ ᠶᠢ ᠳᠡᠯᠭᠡᠷᠡᠭᠦᠯᠦᠨ ᠬᠡᠷᠡᠭᠯᠡᠭᠰᠡᠨ ᠦᠷ᠎ᠡ ᠪᠦᠲᠦᠮᠵᠢ ᠢᠯᠡᠳᠲᠡ ᠪᠣᠯᠪᠠ᠃ ᠡᠨᠡ ᠵᠢᠯ ᠤᠨ 3 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠣᠷᠣᠨ ᠳᠤ ᠨᠡᠶᠢᠲᠡ 115673 ᠰᠢᠨ᠎ᠡ ᠡᠨᠧᠷᠭᠢ ᠶᠢᠨ ᠮᠠᠰᠢᠨ ᠲᠡᠷᠭᠡ ᠶᠢ ᠤᠯᠤᠰ ᠤᠨ ᠬᠢᠨᠠᠨ ᠬᠠᠮᠢᠶᠠᠷᠬᠤ ᠲᠠᠪᠴᠠᠩ ᠳᠤ ᠵᠠᠯᠭᠠᠪᠠ᠂ ᠡᠭᠦᠨ ᠳᠤ᠂ ᠴᠤᠯᠤ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡ 59302᠂ ᠬᠤᠯᠢᠮᠠᠭ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡ 56371 ᠪᠣᠶ︔ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠶᠠᠯᠠᠭᠰᠠᠨ ᠵᠠᠮ ᠤᠨ ᠣᠷᠳᠣ ᠨᠢ ᠨᠡᠶᠢᠲᠡ 36.52 ᠳ᠋ᠦᠩᠰᠢᠭᠤᠷ ᠺᠢᠯᠣᠮᠧᠳ᠋ᠷ ᠲᠤ ᠬᠦᠷᠴᠦ᠂ ᠴᠠᠬᠢᠯᠭᠠᠨ ᠬᠡᠷᠡᠭᠯᠡᠭᠰᠡᠨ ᠬᠡᠮᠵᠢᠶ᠎ᠡ 14.18 ᠳ᠋ᠦᠩᠰᠢᠭᠤᠷ ᠺᠢᠯᠣᠸᠠᠲ ᠴᠠᠭ ᠲᠤ ᠬᠦᠷᠴᠦ᠂ 4.11 ᠳ᠋ᠦᠩᠰᠢᠭᠤᠷ ᠯᠢᠳ᠋ᠷ ᠲᠦᠯᠡᠰᠢ ᠶᠢ ᠣᠷᠣᠯᠠᠵᠤ᠂ 178.8 ᠲᠦᠮᠡᠨ ᠲᠣᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢ ᠪᠠᠭᠠᠰᠬᠠᠪᠠ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ