ᠣᠶᠢᠷ᠎ᠠ ᠶᠢᠨ ᠡᠳᠦᠷ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠡᠯ᠎ᠡ ᠨᠢᠭᠡᠴᠢ ᠶᠢᠨ ᠬᠢᠨ ᠨᠠᠮ ᠤᠨ ᠰᠠᠬᠢᠯᠭ᠎ᠠ ᠪᠠᠲᠤ ᠶᠢᠨ | ᠰᠤᠷᠤᠯᠴᠠᠯᠭ᠎ᠠ ᠬᠥᠮᠦᠵᠢᠯ ᠥᠷᠨᠢᠭᠦᠯᠬᠦ ᠶᠢ ᠴᠢᠬᠤᠯᠠ ᠤᠯᠤᠰ ᠲᠦᠷᠦ ᠶᠢᠨ ᠡᠭᠦᠷᠭᠡ ᠪᠤᠯᠭᠠᠵᠤ᠂ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ | ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠤᠨ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠨᠳᠥᠷ ᠪᠠᠷᠢᠮᠵᠢᠶ᠎ᠠ ᠪᠠᠷ ᠴᠢᠨᠠᠷ | ᠰᠠᠶᠢᠲᠠᠢ ᠥᠷᠨᠢᠭᠦᠯᠪᠡ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠬᠢᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ | ᠯᠠᠪᠳᠠᠭᠤᠨ ᠪᠠᠲᠤᠲᠠᠢ ᠥᠷᠨᠢᠭᠦᠯᠵᠦ᠂ ᠪᠣᠳᠠᠲᠠᠢ ᠠᠵᠢᠯ ᠢ ᠵᠠᠳᠠᠯᠤᠨ ᠨᠠᠷᠢᠯᠢᠭᠵᠢᠭᠤᠯᠵᠤ᠂ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠬᠡᠷᠡᠭᠵᠢᠭᠦᠯᠬᠦ | ᠲᠥᠰᠥᠯ ᠲᠣᠭᠲᠠᠭᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠲᠣᠭᠲᠠᠭᠤᠨ ᠢᠶᠠᠷ ᠠᠬᠢᠭᠤᠯᠬᠤ ᠶᠢ ᠦᠨᠡᠨ ᠬᠦ ᠪᠠᠲᠤᠯᠠᠪᠠ᠃ ᠨᠠᠮ ᠤᠨ | ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠨᠠᠮ ᠤᠨ ᠰᠠᠬᠢᠯᠭ᠎ᠠ ᠪᠠᠲᠤ ᠶᠢᠨ | ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ ᠨᠣᠮ ᠤᠩᠰᠢᠬᠤ ᠠᠩᠭᠢ ᠶᠢ ᠡᠷᠭᠢᠯᠡᠵᠦ᠂ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ᠂ | ᠨᠠᠮ ᠤᠨ ᠡᠭᠦᠷ ᠤᠨ ︽ᠭᠤᠷᠪᠠᠨ ᠬᠤᠷᠠᠯ ᠨᠢᠭᠡ ᠬᠢᠴᠢᠶᠡᠯ︾ ᠵᠡᠷᠭᠡ ᠭᠡᠯᠪᠡᠷᠢ ᠪᠠᠷ ᠰᠤᠷᠤᠯᠴᠠᠯᠭ᠎ᠠ ᠶᠢ ᠵᠣᠬᠢᠶᠠᠨ ᠪᠠᠶᠢᠭᠤᠯᠵᠤ ᠰᠤᠳᠤᠯᠤᠨ ᠶᠠᠷᠢᠯᠴᠠᠪᠠ᠃ ᠬᠤᠪᠢ | ᠬᠥᠮᠥᠨ ᠥᠪᠡᠰᠦᠪᠡᠨ ᠰᠤᠷᠤᠯᠴᠠᠬᠤ᠂ ᠪᠤᠳᠤᠯ ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠬᠤ᠂ ᠲᠤᠰᠬᠠᠢ ᠮᠡᠷᠭᠡᠵᠢᠯᠲᠡᠨ ᠢᠶᠠᠷ ᠬᠠᠪᠰᠤᠷᠤᠨ ᠵᠢᠯᠣᠭᠤᠳᠤᠭᠤᠯᠬᠤ | ᠵᠡᠷᠭᠡ ᠠᠷᠭ᠎ᠠ ᠭᠡᠯᠪᠠᠷᠢ ᠪᠠᠷ ᠳᠠᠮᠵᠢᠭᠤᠯᠤᠨ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ ᠵᠢᠯᠤᠭᠤᠳᠴᠤ ︽ᠳᠤᠮᠳᠠᠳᠤ ᠤᠯᠤᠰ ᠤᠨ ᠡᠪ ᠬᠠᠮᠲᠤ ᠨᠠᠮ ᠤᠨ | ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ︾ ︵ᠳᠣᠷᠣᠭᠰᠢ ︽ᠳᠦᠷᠢᠮ︾ ᠭᠡᠵᠦ ᠲᠣᠪᠴᠢᠯᠠᠨ᠎ᠠ︶ ᠢ ᠲᠡᠷᠡ ᠬᠡᠪ ᠢᠶᠠᠷ ᠨᠢ ᠪᠦᠯᠦᠭ ᠵᠤᠷᠪᠤᠰ ᠳᠠᠷᠠᠭᠠᠯᠠᠨ | ᠰᠤᠷᠤᠯᠴᠠᠭᠤᠯᠵᠤ᠂ ᠲᠡᠮᠦᠷ ᠮᠡᠲᠦ ᠰᠠᠬᠢᠯᠭ᠎ᠠ ᠪᠠᠲᠤ ᠶᠢ ᠡᠳᠦᠷ ᠲᠤᠲᠤᠮ ᠤᠨ ᠳᠠᠳᠬᠠᠯ ᠪᠠ ᠤᠬᠠᠮᠰᠠᠷᠲᠤ ᠵᠢᠷᠤᠮᠯᠠᠯ ᠪᠤᠯᠭᠠᠵᠤ᠂ ᠨᠠᠮ ᠤᠨ ᠰᠠᠬᠢᠯᠭ᠎ᠠ ᠪᠠᠲᠤ ᠶᠢ | ᠰᠤᠷᠤᠯᠴᠠᠬᠤ ᠶᠠᠪᠤᠴᠠ ᠶᠢ ᠦᠨᠡᠨ ᠬᠦ ᠰᠠᠬᠢᠯᠭ᠎ᠠ ᠪᠠᠲᠤ ᠶᠢᠨ ᠤᠬᠠᠮᠰᠠᠷ ᠢ ᠴᠢᠩᠭᠠᠳᠬᠠᠬᠤ᠂ ᠨᠠᠮᠴᠢ ᠴᠢᠨᠠᠷ ᠤᠨ ᠪᠣᠯᠪᠠᠰᠤᠷᠠᠯ ᠢ ᠳᠡᠭᠡᠭᠰᠢᠯᠡᠭᠦᠯᠭᠦ ᠶᠠᠪᠤᠴᠠ ᠪᠣᠯᠭᠠᠪᠠ᠃ | ᠡᠭᠦᠨ ᠤ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠥᠷᠨᠢᠭᠦᠯᠬᠦ ᠶᠢ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠭᠤᠰᠢᠯᠠᠭᠤᠯᠬᠤ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠭᠤᠣᠯᠳᠠᠯᠭ᠎ᠠ ᠲᠠᠢ ᠠᠵᠢᠯ ᠢ ᠴᠢᠨᠠᠷ ᠰᠠᠶᠢᠲᠠᠢ ᠠᠬᠢᠭᠤᠯᠬᠤ ᠲᠠᠢ ᠨᠢᠭᠲᠠ | ᠤᠶᠠᠯᠳᠤᠭᠤᠯᠵᠤ᠂ ᠡᠳᠦᠷ ᠲᠤᠳᠤᠮ ᠤᠨ ᠠᠵᠢᠯ ᠳᠠᠭᠠᠨ ᠠᠭᠤᠰᠤᠯᠴᠠᠭᠤᠯᠵᠤ᠂ ᠪᠠᠶᠢᠩᠭᠤ ᠠᠳᠬᠤᠵᠤ᠂ ᠬᠤᠶᠠᠷ ᠢ ᠦᠯᠦ ᠰᠠᠭᠠᠲᠠᠭᠠᠬᠤ᠂ ᠬᠤᠶᠠᠷ ᠢ ᠠᠬᠢᠭᠤᠯᠬᠤ ᠶᠢ | ᠪᠡᠶᠡᠯᠡᠭᠦᠯᠵᠦ ᠪᠠᠶᠢᠨ᠎ᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠬᠢᠨ ᠥᠨᠳᠥᠷ ᠪᠠᠷᠢᠮᠵᠢᠶ᠎ᠠ ᠴᠢᠩᠭ᠎ᠠ ᠱᠠᠭᠠᠷᠳᠠᠯᠭ᠎ᠠ ᠪᠠᠷ ᠨᠠᠮ ᠤᠨ | ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠠᠬᠢᠭᠤᠯᠵᠤ᠂ ᠲᠥᠰᠥᠯ ᠲᠣᠭᠲᠠᠭᠠᠬᠤ᠂ ᠳᠠᠶᠢᠴᠢᠯᠠᠨ ᠪᠠᠶᠢᠷᠢᠯᠠᠭᠤᠯᠬᠤ ᠪᠠ ᠲᠤᠰᠬᠠᠢ ᠰᠡᠳᠦᠪᠲᠦ ᠨᠣᠮ | ᠤᠩᠰᠢᠬᠤ ᠠᠩᠭᠢ ᠵᠡᠷᠭᠡ ᠭᠤᠭᠴᠤᠭ᠎ᠠ ᠶᠢ ᠬᠦᠴᠦᠯᠡᠨ ᠰᠠᠶᠢᠲᠤᠷ ᠠᠳᠬᠤᠵᠤ᠂ 6 ᠵᠦᠢᠯ ᠤᠨ ᠭᠤᠣᠯᠳᠠᠯᠭ᠎ᠠ ᠲᠠᠢ ᠠᠵᠢᠯ ᠢ ᠲᠣᠳᠣᠷᠬᠠᠶᠢᠯᠠᠵᠤ᠂ ᠨᠠᠮ ᠤᠨ ᠰᠠᠬᠢᠯᠭ᠎ᠠ | ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠨᠠᠶᠢᠳᠠᠪᠤᠷᠢᠵᠢᠭᠤᠯᠤᠯᠲᠠ ᠶᠢ ᠦᠨᠡᠨ ᠬᠦ ᠪᠠᠲᠤᠯᠠᠪᠠ᠃ ᠨᠠᠮ ᠤᠨ ᠭᠡᠰᠢᠭᠦᠨ ᠥᠪᠡᠰᠦᠪᠡᠨ ᠰᠤᠷᠤᠯᠴᠠᠬᠤ᠂ ᠲᠤᠰᠬᠠᠢ | ᠰᠡᠳᠦᠪ ᠢᠶᠠᠷ ᠬᠠᠪᠰᠤᠷᠤᠨ ᠵᠢᠯᠤᠭᠤᠳᠴᠤ ᠳᠠᠭᠠᠭᠤᠯᠤᠨ ᠰᠤᠷᠤᠯᠴᠠᠬᠤ᠂ ᠤᠳᠤᠷᠢᠳᠬᠤ ᠺᠠᠳ᠋ᠷ ᠳᠠᠭᠠᠭᠤᠯᠤᠨ ᠰᠤᠷᠤᠯᠴᠠᠬᠤ᠂ ᠪᠤᠳᠤᠯ ᠰᠠᠨᠠᠯ ᠢᠶᠠᠨ ᠰᠣᠯᠢᠯᠴᠠᠵᠤ | ᠰᠤᠳᠤᠯᠤᠨ ᠶᠠᠷᠢᠯᠴᠠᠬᠤ ᠵᠡᠷᠭᠡ ᠠᠷᠭ᠎ᠠ ᠭᠡᠯᠪᠡᠷᠢ ᠪᠠᠷ ᠳᠠᠮᠵᠢᠭᠤᠯᠤᠨ ᠪᠦᠭᠦ ᠨᠠᠮ ᠤᠨ ᠭᠡᠰᠢᠭᠦᠨ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ | ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠬᠠᠢ ᠴᠢᠬᠤᠯᠠ ᠶᠠᠷᠢᠶ᠎ᠠ ᠪᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ | ᠂ ︽ᠳᠦᠷᠢᠮ︾ ᠢ ᠪᠦᠯᠦᠭ ᠵᠤᠷᠪᠤᠰ ᠳᠠᠷᠠᠭᠠᠯᠠᠨ ᠨᠠᠷᠢᠨ ᠬᠢᠨᠠᠮᠠᠭᠠᠢ ᠰᠤᠷᠤᠯᠴᠠᠪᠠ᠃ ᠤᠯᠠᠨ ᠢᠶᠠᠷ ᠢᠶᠠᠨ ᠰᠡᠳᠬᠢᠯ ᠲᠠᠯᠪᠢᠨ ᠰᠠᠬᠢᠯᠭ᠎ᠠ ᠪᠠᠲᠤ ᠶᠢ ᠰᠤᠷᠤᠯᠴᠠᠬᠤ | ᠳᠤᠮᠳᠠ ᠪᠠᠨ ᠨᠠᠮᠴᠢ ᠴᠢᠨᠠᠷ ᠢᠶᠠᠨ ᠳᠠᠪᠲᠠᠨ ᠪᠤᠯᠪᠠᠰᠤᠷᠠᠭᠤᠯᠵᠤ᠂ ᠰᠠᠬᠢᠯᠭ᠎ᠠ ᠪᠠᠲᠤ ᠶᠢ ᠵᠥᠪ ᠣᠶᠢᠯᠠᠭᠠᠬᠤ ᠳᠤᠮᠳᠠ ᠪᠠᠨ ᠦᠭᠡ ᠶᠠᠷᠢᠶ᠎ᠠ ᠦᠢᠯᠡ ᠠᠵᠢᠯᠯᠠᠭ᠎ᠠ ᠪᠠᠨ | ᠵᠠᠯᠠᠷᠠᠭᠤᠯᠵᠤ᠂ ᠰᠠᠬᠢᠯᠭ᠎ᠠ ᠪᠠᠲᠤ ᠶᠢ ᠲᠣᠳᠣᠷᠬᠠᠢ ᠲᠣᠭᠲᠠᠭᠠᠬᠤ ᠳᠤᠮᠳᠠ ᠪᠠᠨ ᠥᠪᠡᠷ ᠢ ᠪᠠᠨ ᠰᠡᠷᠡᠮᠵᠢᠯᠡᠭᠦᠯᠵᠦ ᠥᠪᠡᠷ ᠢ ᠪᠠᠨ ᠲᠤᠩᠭᠠᠵᠤ᠂ ᠰᠠᠬᠢᠯᠭ᠎ᠠ ᠪᠠᠲᠤ ᠶᠢ | ᠴᠢᠩᠭ᠎ᠠ ᠰᠠᠬᠢᠬᠤ ᠳᠤᠮᠳᠠ ᠪᠠᠨ ᠡᠷᠡᠮᠡᠬᠡᠶᠢᠯᠡᠨ ᠠᠵᠢᠯᠯᠠᠵᠤ᠂ ᠨᠠᠮ ᠤᠨ ᠰᠠᠬᠢᠯᠭ᠎ᠠ ᠪᠠᠲᠤ ᠶᠢ ᠴᠢᠩᠭ᠎ᠠ ᠰᠠᠬᠢᠬᠤ ᠶᠢ ᠦᠨᠡᠨ ᠬᠦ ᠨᠢᠭᠡᠳᠦᠮᠡᠯ ᠹᠷᠣᠨᠲ ᠤᠨ ᠠᠵᠢᠯ ᠤᠨ | ᠡᠭᠦᠷᠭᠡ ᠶᠢ ᠨᠠᠶᠢᠳᠠᠪᠤᠷᠢᠵᠢᠭᠤᠯᠬᠤ ᠶᠢ ᠴᠢᠨᠠᠷ ᠰᠠᠶᠢᠲᠠᠢ ᠰᠠᠶᠢᠲᠤᠷ ᠠᠳᠬᠤᠬᠤ ᠪᠦᠭᠦ ᠶᠠᠪᠤᠴᠠ᠂ ᠡᠯ᠎ᠡ ᠲᠠᠯ᠎ᠠ ᠳᠤ ᠢᠯᠡᠷᠡᠭᠦᠯᠵᠦ᠂ ᠨᠠᠮ ᠤᠨ ᠰᠠᠬᠢᠯᠭ᠎ᠠ ᠪᠠᠲᠤ ᠶᠢᠨ | ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠮᠵᠢ ᠶᠢ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ | ᠰᠠᠶᠢᠲᠤᠷ ᠬᠢᠬᠦ ᠳᠤ ᠦᠢᠯᠡᠴᠢᠯᠡᠨ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ ᠬᠠᠷᠠᠯᠲᠠ ᠶᠢ ᠪᠡᠶᠡᠯᠡᠭᠦᠯᠬᠦ ᠪᠣᠳᠠᠲᠠᠢ ᠠᠵᠢᠯᠯᠠᠭ᠎ᠠ ᠪᠣᠯᠭᠠᠨ | ᠬᠤᠪᠢᠷᠠᠭᠤᠯᠪᠠ᠃ | ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠬᠢᠨ ᠲᠥᠪᠯᠡᠷᠡᠭᠦᠯᠦᠨ ᠰᠤᠷᠤᠯᠴᠠᠬᠤ | ᠂ ᠬᠤᠪᠢ ᠬᠥᠮᠥᠨ ᠥᠪᠡᠰᠦᠪᠡᠨ ᠰᠤᠷᠤᠯᠴᠠᠬᠤ᠂ ᠰᠡᠷᠡᠮᠵᠢᠯᠡᠭᠦᠯᠭᠦ ᠬᠥᠮᠦᠵᠢᠯ ᠬᠢᠬᠦ᠂ ᠲᠤᠰᠬᠠᠢ ᠰᠡᠳᠦᠪᠲᠦ ᠲᠠᠶᠢᠯᠤᠮᠵᠢ ᠡᠷᠭᠢᠯᠡᠭᠦ᠂ ᠲᠤᠰᠬᠠᠢ ᠰᠡᠳᠦᠪᠲᠦ ᠰᠤᠳᠤᠯᠤᠨ | ᠶᠠᠷᠢᠯᠴᠠᠬᠤ ᠲᠠᠪᠤᠨ ᠰᠤᠷᠤᠯᠴᠠᠯᠭ᠎ᠠ ᠪᠠᠷ ᠬᠤᠯᠪᠤᠭᠠᠯᠠᠨ ᠬᠥᠳᠡᠯᠦᠯᠴᠡᠬᠦ ᠠᠷᠭ᠎ᠠ ᠭᠡᠯᠪᠡᠷᠢ ᠪᠠᠷ ᠳᠠᠮᠵᠢᠭᠤᠯᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ | ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠪᠠ᠃ ᠨᠠᠮ ᠤᠨ ᠭᠡᠰᠢᠭᠦᠨ ᠺᠠᠳ᠋ᠷᠴᠤᠳ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ | ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠲᠥᠪᠯᠡᠷᠡᠭᠦᠯᠦᠨ ᠰᠤᠷᠤᠯᠴᠠᠵᠤ᠂ ︽ᠳᠦᠷᠢᠮ︾ ᠢ | ᠲᠡᠷᠡ ᠬᠡᠪ ᠢᠶᠠᠷ ᠨᠢ ᠰᠤᠷᠤᠯᠴᠠᠵᠤ᠂ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠤᠨ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠮᠵᠢ ᠶᠢ ᠪᠠᠬᠢᠵᠢᠭᠦᠯᠦᠨ | ᠥᠷᠭᠡᠳᠬᠡᠵᠦ᠂ ︽ᠺᠠᠳ᠋ᠷ ᠤᠨ ᠡᠩᠨᠡᠭᠡ ᠶᠢᠨ ᠬᠥᠮᠦᠵᠢᠯ ᠢ ᠭᠦᠨᠵᠡᠭᠡᠶᠢᠷᠡᠭᠦᠯᠬᠦ ᠪᠠ ᠠᠵᠢᠯ ᠤᠨ ᠰᠤᠷᠲᠠᠯ ᠢ ᠴᠡᠭᠴᠡᠯᠡᠬᠦ︾ ᠲᠤᠰᠬᠠᠢ ᠠᠵᠢᠯᠯᠠᠭ᠎ᠠ ᠵᠡᠷᠭᠡ ᠶᠢ ᠭᠦᠨᠵᠡᠭᠡᠢ | ᠥᠷᠨᠢᠭᠦᠯᠦᠨ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠪᠡ᠃ ᠲᠦᠷᠦᠭᠦᠬᠡᠨ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠬᠢᠨ ᠨᠠᠮ ᠤᠨ ᠭᠡᠰᠢᠭᠦᠨ ᠺᠠᠳ᠋ᠷᠴᠤᠳ ᠢᠶᠠᠨ ᠵᠣᠬᠢᠶᠠᠨ ᠪᠠᠶᠢᠭᠤᠯᠵᠤ ᠭᠦᠭᠡᠬᠤᠲᠠ ᠶᠢᠨ ᠭᠤᠷᠪᠠᠳᠤᠭᠠᠷ ᠭᠢᠨᠳᠠᠨ ᠳᠤ | ᠬᠦᠷᠴᠦ ᠰᠡᠷᠡᠮᠵᠢᠯᠡᠭᠦᠯᠭᠦ ᠬᠥᠮᠦᠵᠢᠯ ᠤᠨ ᠠᠵᠢᠯᠯᠠᠭ᠎ᠠ ᠥᠷᠨᠢᠭᠦᠯᠪᠠ ︔ ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠨ ᠢ ᠤᠷᠢᠵᠤ ︽ᠳᠦᠷᠢᠮ︾ ᠢ ᠪᠦᠯᠦᠭ ᠵᠤᠷᠪᠤᠰ | ᠳᠠᠷᠠᠭᠠᠯᠠᠨ ᠭᠦᠨᠵᠡᠭᠡᠢ ᠲᠠᠶᠢᠯᠪᠤᠷᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠴᠢᠬᠤᠯᠠ | ᠦᠵᠡᠯ ᠰᠠᠨᠠᠭ᠎ᠠ ᠶᠢ ᠭᠦᠨᠵᠡᠭᠡᠢ ᠣᠶᠢᠯᠠᠭᠠᠬᠤ ᠶᠢᠨ ᠲᠣᠭᠤᠷᠢᠨ ᠳᠤ ︽ᠵᠢᠷᠭᠤᠭᠠᠨ ᠵᠦᠢᠯ ᠤᠨ ᠰᠠᠬᠢᠯᠭ᠎ᠠ ᠪᠠᠲᠤ︾ ᠶᠢᠨ ᠲᠣᠭᠤᠷᠢᠨ ᠳᠤ ᠲᠤᠰᠬᠠᠢ ᠰᠡᠳᠦᠪᠲᠦ | ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠲᠣᠳᠣᠷᠬᠠᠶᠢᠯᠠᠪᠠ᠃ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠬᠢᠨ ᠨᠠᠮ ᠤᠨ ᠰᠠᠬᠢᠯᠭ᠎ᠠ | ᠪᠠᠲᠤ ᠶᠢᠨ ᠰᠤᠷᠤᠯᠴᠠᠯᠭ᠎ᠠ ᠬᠥᠮᠦᠵᠢᠯ ᠢ ᠲᠠᠰᠤᠷᠠᠯᠲᠠ ᠦᠭᠡᠢ ᠴᠢᠩᠭᠠᠳᠬᠠᠵᠤ ᠪᠤᠢ᠃ ᠲᠣᠰ ᠲᠢᠩᠬᠢᠮ ᠤᠨ ᠬᠢᠨ ᠨᠣᠮ ᠤᠩᠰᠢᠬᠤ ᠠᠩᠭᠢ ᠡᠷᠭᠢᠯᠡᠭᠦ᠂ ᠲᠤᠰᠬᠠᠢ | ᠰᠡᠳᠦᠪ ᠢᠶᠠᠷ ᠬᠠᠪᠰᠤᠷᠤᠨ ᠵᠢᠯᠤᠭᠤᠳᠬᠤ᠂ ᠲᠤᠰᠬᠠᠢ ᠮᠡᠷᠭᠡᠵᠢᠯᠲᠡᠨ ᠤ ᠲᠠᠶᠢᠯᠤᠮᠵᠢ ᠡᠷᠭᠢᠯᠡᠭᠦ᠂ ᠵᠠᠯᠠᠭᠤᠴᠤᠳ ᠤᠨ ᠣᠨᠣᠯ ᠤᠨ ᠳᠤᠭᠤᠶᠢᠯᠠᠩ ᠤᠨ ᠰᠤᠷᠤᠯᠴᠠᠯᠭ᠎ᠠ | ᠬᠢᠬᠦ᠂ ᠲᠥᠪᠯᠡᠷᠡᠭᠦᠯᠦᠨ ᠰᠡᠷᠡᠮᠵᠢᠯᠡᠭᠦᠯᠭᠦ ᠬᠥᠮᠦᠵᠢᠯ ᠬᠢᠬᠦ ᠵᠡᠷᠭᠡ ᠠᠷᠭ᠎ᠠ ᠭᠡᠯᠪᠡᠷᠢ ᠪᠠᠷ ᠳᠠᠮᠵᠢᠭᠤᠯᠤᠨ ᠨᠠᠮ ᠤᠨ ᠭᠡᠰᠢᠭᠦᠨ ᠺᠠᠳ᠋ᠷᠴᠤᠳ ᠢ ᠬᠥᠮᠥᠵᠢᠭᠦᠯᠦᠨ | ᠵᠢᠯᠤᠭᠤᠳᠴᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠪᠦᠭᠦ ᠶᠠᠪᠤᠴᠠ ᠶᠢᠨ ᠡᠯ᠎ᠡ ᠲᠠᠯ᠎ᠠ ᠳᠤ ᠦᠨᠡᠨ ᠬᠦ ᠠᠭᠤᠰᠤᠯᠴᠠᠭᠤᠯᠵᠤ᠂ ᠰᠠᠬᠢᠯᠭ᠎ᠠ ᠪᠠᠲᠤ | ᠪᠠ ᠶᠣᠰᠣ ᠳᠦᠷᠢᠮ ᠢ ᠰᠡᠳᠬᠢᠯ ᠳᠡᠭᠡᠨ ᠬᠠᠳᠠᠩᠰᠢᠭᠤᠯᠵᠤ᠂ ᠦᠶ᠋ᠯᠡ ᠠᠵᠢᠯᠯᠠᠭ᠎ᠠ ᠳᠠᠭᠠᠨ ᠨᠠᠶᠢᠳᠠᠪᠤᠷᠢᠵᠢᠭᠤᠯᠵᠤ ᠪᠤᠢ᠃ ᠥᠪᠡᠷᠲᠡᠭᠡᠨ ᠵᠠᠰᠠᠬᠤ ᠣᠷᠣᠨ ᠤ | ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠪᠠᠶᠢᠭᠤᠯᠭ᠎ᠠ ᠶᠢᠨ ᠨᠠᠮ ᠤᠨ ᠬᠤᠷᠢᠶᠠᠨ ᠤ ᠬᠠᠷᠢᠭᠤᠴᠠᠯᠭᠠᠲᠠᠨ ᠶᠠᠩ | ᠯᠢᠨ ᠯᠢᠨ᠄ ︽ᠪᠢᠳᠡ ᠲᠤᠰᠬᠠᠢ ᠰᠡᠳᠦᠪ ᠢᠶᠠᠷ ᠬᠠᠪᠰᠤᠷᠤᠨ ᠵᠢᠯᠤᠭᠤᠳᠬᠤ᠂ ᠬᠤᠪᠢ ᠬᠥᠮᠥᠨ ᠥᠪᠡᠰᠦᠪᠡᠨ ᠰᠤᠷᠤᠯᠴᠠᠬᠤ᠂ ᠲᠥᠪᠯᠡᠷᠡᠭᠦᠯᠦᠨ ᠶᠠᠷᠢᠯᠴᠠᠨ | ᠰᠣᠯᠢᠯᠴᠠᠬᠤ ᠵᠡᠷᠭᠡ ᠰᠤᠷᠤᠯᠴᠠᠬᠤ ᠠᠷᠭ᠎ᠠ ᠭᠡᠯᠪᠡᠷᠢ ᠪᠠᠷ ᠳᠠᠮᠵᠢᠭᠤᠯᠤᠨ ᠰᠠᠬᠢᠯᠭ᠎ᠠ ᠪᠠᠲᠤ ᠶᠢᠨ ᠤᠬᠠᠮᠰᠠᠷ ᠢᠶᠠᠨ ᠪᠦᠲᠦᠮᠵᠢᠲᠡᠶ ᠴᠢᠩᠭᠠᠳᠬᠠᠨ᠂ ᠨᠠᠮᠴᠢ ᠴᠢᠨᠠᠷ ᠤᠨ | ᠪᠣᠯᠪᠠᠰᠤᠷᠠᠯ ᠢᠶᠠᠨ ᠴᠢᠩᠭᠠᠳᠬᠠᠵᠤ᠂ ᠰᠠᠬᠢᠯᠭ᠎ᠠ ᠪᠠᠲᠤ ᠬᠡᠷᠡᠭᠵᠢᠭᠦᠯᠬᠦ ᠴᠢᠳᠠᠪᠤᠷᠢ ᠪᠠᠨ ᠳᠡᠭᠡᠭᠰᠢᠯᠡᠭᠦᠯᠪᠡ᠃ ᠲᠠᠷᠠᠭᠠᠴᠢ ᠪᠠᠷ ᠪᠢ ᠰᠤᠷᠤᠬᠰᠠᠨ ᠵᠦᠢᠯᠡᠰ ᠢᠶᠠᠨ ᠦᠨᠡᠨ | ᠬᠦ ᠠᠵᠢᠯ ᠢᠶᠠᠨ ᠠᠬᠢᠭᠤᠯᠬᠤ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ | ᠬᠦᠴᠦᠲᠡᠢ ᠠᠬᠢᠭᠤᠯᠬᠤ ᠪᠠ ᠲᠠᠷᠢᠶᠠᠯᠠᠩ ᠮᠠᠯ ᠠᠵᠤ ᠠᠬᠤᠢ ᠶᠢᠨ ᠬᠦᠴᠦᠷᠬᠡᠭ ᠣᠷᠣᠨ ᠢ ᠲᠦᠷᠭᠡᠳᠬᠡᠨ ᠪᠠᠶᠢᠭᠤᠯᠬᠤ ᠳᠤ ᠥᠪᠡᠷ ᠤᠨ ᠬᠦᠴᠦᠨ ᠴᠢᠳᠠᠯ ᠢᠶᠠᠨ | ᠡᠷᠭᠦᠨ᠎ᠡ︾ ᠭᠡᠯᠡ᠃ | ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠬᠢᠨ ᠬᠠᠷᠠᠯᠲᠠ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠵᠦ᠂ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠤᠨ ᠨᠠᠮ ᠤᠨ ᠰᠠᠬᠢᠯᠭ᠎ᠠ ᠪᠠᠲᠤ ᠶᠢᠨ | ᠰᠤᠷᠤᠯᠴᠠᠯᠭ᠎ᠠ ᠬᠥᠮᠦᠵᠢᠯ ᠢ ᠨᠠᠷᠢᠨ ᠨᠢᠮᠪᠠᠢ ᠵᠣᠬᠢᠶᠠᠨ ᠪᠠᠶᠢᠭᠤᠯᠤᠨ ᠥᠷᠨᠢᠭᠦᠯᠵᠦ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠢ ᠬᠥᠲᠥᠯᠥᠨ ᠵᠢᠯᠤᠭᠤᠳᠴᠤ | ᠰᠠᠬᠢᠯᠭ᠎ᠠ ᠪᠠᠲᠤ ᠶᠢ ᠰᠤᠷᠤᠯᠴᠠᠭᠤᠯᠤᠨ᠂ ᠰᠠᠬᠢᠯᠭ᠎ᠠ ᠪᠠᠲᠤ ᠶᠢ ᠣᠶᠢᠯᠠᠭᠠᠭᠤᠯᠤᠨ᠂ ᠰᠠᠬᠢᠯᠭ᠎ᠠ ᠪᠠᠲᠤ ᠶᠢ ᠵᠢᠷᠤᠮᠯᠠᠭᠤᠯᠪᠠ᠃ 4 ᠰᠠᠷ᠎ᠠ ᠶᠢᠨ 23 ᠤ ᠡᠳᠦᠷ ᠠᠴᠠ | 24 ᠤ ᠡᠳᠦᠷ ᠪᠤᠯᠲᠠᠯ᠎ᠠ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ ᠨᠣᠮ ᠤᠩᠰᠢᠬᠤ ᠠᠩᠭᠢ ᠵᠢᠴᠢ ᠣᠨᠣᠯ | ᠰᠤᠷᠤᠯᠴᠠᠬᠤ ᠭᠤᠣᠯ ᠳᠤᠭᠤᠶᠢᠯᠠᠩ ︵ᠥᠷᠭᠡᠳᠬᠡᠭᠰᠡᠨ︶ ᠤᠨ ᠰᠤᠷᠤᠯᠴᠠᠯᠭ᠎ᠠ ᠶᠢᠨ ᠬᠤᠷᠠᠯ ᠢ ᠬᠤᠷᠠᠯᠳᠤᠭᠤᠯᠪᠠ ︔ 4 ᠰᠠᠷ᠎ᠠ ᠶᠢᠨ 28 ᠤ ᠡᠳᠦᠷ᠂ ᠨᠠᠮ ᠤᠨ | ᠠᠵᠢᠯ ᠪᠠ ᠰᠠᠬᠢᠯᠭ᠎ᠠ ᠪᠠᠲᠤ ᠪᠠᠶᠢᠴᠠᠭᠠᠬᠤ ᠺᠠᠳ᠋ᠷ ᠤᠨ ᠪᠣᠯᠪᠠᠰᠤᠷᠠᠯ ᠤᠨ ᠠᠩᠭᠢ ᠡᠷᠭᠢᠯᠡᠪᠡ ︔ 5 ᠰᠠᠷ᠎ᠠ ᠶᠢᠨ 10 ᠤ ᠡᠳᠦᠷ᠂ ᠨᠠᠮ ᠤᠨ ᠰᠠᠬᠢᠯᠭ᠎ᠠ ᠪᠠᠲᠤ ᠶᠢᠨ | ᠰᠤᠷᠤᠯᠴᠠᠯᠭ᠎ᠠ ᠬᠥᠮᠦᠵᠢᠯ ᠤᠨ ᠬᠤᠶᠠᠳᠤᠭᠠᠷ ᠤᠳᠠᠭᠠᠨ ᠤ ᠲᠥᠪᠯᠡᠷᠡᠩᠭᠦᠢ ᠰᠤᠷᠤᠯᠴᠠᠯᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠲᠤᠰᠬᠠᠢ ᠰᠡᠳᠦᠪ ᠢᠶᠠᠷ | ᠬᠠᠪᠰᠤᠷᠤᠨ ᠵᠢᠯᠤᠭᠤᠳᠬᠤ᠂ ᠲᠥᠪᠯᠡᠷᠡᠭᠦᠯᠦᠨ ᠥᠪᠡᠰᠦᠪᠡᠨ ᠰᠤᠷᠤᠯᠴᠠᠬᠤ᠂ ᠰᠤᠳᠤᠯᠤᠨ ᠶᠠᠷᠢᠯᠴᠠᠬᠤ ᠵᠡᠷᠭᠡ ᠠᠷᠭ᠎ᠠ ᠭᠡᠯᠪᠠᠷᠢ ᠪᠠᠷ ᠳᠠᠮᠵᠢᠭᠤᠯᠤᠨ ᠨᠠᠮ ᠤᠨ | ᠭᠡᠰᠢᠭᠦᠨ ᠺᠠᠳ᠋ᠷᠴᠤᠳ ︽ᠳᠦᠷᠢᠮ︾ ᠢ ᠪᠦᠯᠦᠭ ᠵᠤᠷᠪᠤᠰ ᠳᠠᠷᠠᠭᠠᠯᠠᠨ ᠰᠤᠷᠤᠯᠴᠠᠪᠠ᠃ ︽ᠲᠥᠪᠯᠡᠷᠡᠩᠭᠦᠢ ᠰᠤᠷᠤᠯᠴᠠᠯᠭ᠎ᠠ ᠬᠥᠮᠦᠵᠢᠯ ᠢᠶᠠᠷ ᠳᠠᠮᠵᠢᠭᠤᠯᠤᠨ ᠰᠠᠬᠢᠯᠭ᠎ᠠ | ᠪᠠᠲᠤ ᠶᠢᠨ ᠲᠣᠭᠲᠠᠭᠠᠯ ᠢ ᠤᠯᠠᠮ ᠴᠢᠨᠠᠭᠰᠢᠳᠠ ᠲᠣᠳᠣᠷᠬᠠᠶᠢᠯᠠᠵᠤ᠂ ᠰᠠᠬᠢᠯᠭ᠎ᠠ ᠪᠠᠲᠤ ᠶᠢᠨ ᠤᠬᠠᠮᠰᠠᠷ ᠢ ᠴᠢᠩᠭᠠᠳᠬᠠᠵᠤ᠂ ᠥᠪᠡᠷ ᠢ ᠪᠠᠨ ᠬᠢᠵᠠᠭᠠᠷᠯᠠᠬᠤ ᠶᠢ | ᠴᠢᠩᠭᠠᠳᠬᠠᠪᠠ︾ ᠭᠡᠵᠦ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠠᠵᠢᠯᠲᠠᠨ ᠤ ᠶᠠᠪᠤᠳᠠᠯ ᠤᠨ | ᠭᠠᠵᠠᠷ ᠤᠨ ᠳᠠᠷᠤᠭ᠎ᠠ ᠰᠢᠤᠸᠠᠢ ᠷᠦ᠋ ᠬᠡᠯᠡᠨ᠎ᠡ᠃ | ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠤᠨ ᠬᠢᠨ ᠬᠡᠷᠡᠭᠵᠢᠭᠦᠯᠬᠦ ᠲᠥᠰᠥᠯ ᠲᠣᠭᠲᠠᠭᠠᠵᠤ᠂ 17 ᠵᠤᠷᠪᠤᠰ ᠪᠣᠳᠠᠲᠠᠢ ᠡᠭᠦᠷᠭᠡ ᠶᠢ | ᠲᠣᠳᠣᠷᠬᠠᠶᠢᠯᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠥᠷᠨᠢᠭᠦᠯᠬᠦ ᠪᠣᠯᠣᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠦᠢᠯᠡᠴᠢᠯᠡᠬᠦ | ᠵᠢᠴᠢ ᠳᠤᠮᠳᠠᠳᠤ ᠶᠢᠨ ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ ︽559︾ ᠠᠵᠢᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠵᠡᠷᠭᠡ ᠶᠢ | ᠤᠶᠠᠯᠳᠤᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠪᠣᠯᠣᠨ ᠠᠵᠢᠯᠴᠢᠨ ᠤ ᠡᠪᠯᠡᠯ ᠤᠨ ᠠᠵᠢᠯ ᠢ ᠬᠠᠷᠢᠯᠴᠠᠨ ᠬᠠᠮᠲᠤ ᠪᠠᠷ ᠠᠬᠢᠭᠤᠯᠵᠤ᠂ | ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃ ᠨᠠᠮ ᠤᠨ ᠰᠠᠬᠢᠯᠭ᠎ᠠ ᠪᠠᠲᠤ ᠶᠢᠨ | ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠡᠷᠭᠢᠯᠡᠭᠦ ᠪᠠᠷ ᠳᠠᠮᠵᠢᠭᠤᠯᠤᠨ ᠲᠥᠪᠯᠡᠷᠡᠭᠦᠯᠦᠨ ᠰᠤᠷᠤᠯᠴᠠᠬᠤ᠂ ᠰᠡᠷᠡᠮᠵᠢᠯᠡᠭᠦᠯᠭᠦ ᠬᠥᠮᠦᠵᠢᠯ ᠤᠨ ᠹᠢᠯᠢᠮ | ᠦᠵᠡᠬᠦ᠂ ᠲᠤᠰᠬᠠᠢ ᠰᠡᠳᠦᠪᠲᠦ ᠲᠠᠶᠢᠯᠤᠮᠵᠢ ᠡᠷᠭᠢᠯᠡᠭᠦ᠂ ᠣᠨᠣᠯ ᠰᠤᠷᠤᠯᠴᠠᠬᠤ ᠭᠤᠣᠯ ᠳᠤᠭᠤᠶᠢᠯᠠᠩ ᠤᠨ ᠰᠤᠳᠤᠯᠤᠨ ᠶᠠᠷᠢᠯᠴᠠᠬᠤ ᠵᠡᠷᠭᠡ ᠠᠷᠭ᠎ᠠ ᠭᠡᠯᠪᠡᠷᠢ ᠶᠢ | ᠠᠪᠴᠤ᠂ ︽ᠳᠥᠷᠪᠡᠨ ᠰᠤᠷᠤᠯᠴᠠᠯᠭ᠎ᠠ ᠬᠤᠯᠪᠤᠭᠠᠯᠠᠨ ᠬᠥᠳᠡᠯᠦᠯᠴᠡᠬᠦ︾ ᠲᠣᠭᠲᠠᠴᠠ ᠶᠢ ᠬᠡᠷᠡᠭᠯᠡᠨ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ | ᠥᠨᠳᠥᠷ ᠪᠠᠷᠢᠮᠵᠢᠶ᠎ᠠ ᠪᠠᠷ ᠥᠷᠨᠢᠭᠦᠯᠵᠦ᠂ ᠴᠢᠨᠠᠷ ᠰᠠᠶᠢᠲᠠᠢ ᠠᠬᠢᠭᠤᠯᠤᠨ᠂ ᠨᠠᠮ ᠤᠨ ᠭᠡᠰᠢᠭᠦᠨ ᠺᠠᠳ᠋ᠷᠴᠤᠳ ᠢ ᠬᠠᠪᠰᠤᠷᠤᠨ ︽ᠳᠦᠷᠢᠮ︾ ᠤᠨ ᠭᠤᠣᠯ ᠵᠣᠷᠢᠯᠲᠠ ᠪᠠ | ᠦᠢᠯᠡᠳᠦᠯᠭᠡ ᠶᠢᠨ ᠱᠠᠭᠠᠷᠳᠠᠯᠭ᠎ᠠ ᠶᠢ ᠣᠨᠣᠪᠴᠢᠲᠠᠶ ᠡᠵᠡᠮᠰᠢᠭᠦᠯᠵᠦ᠂ ᠰᠠᠬᠢᠯᠭ᠎ᠠ ᠪᠠᠲᠤ ᠶᠢᠨ ᠤᠬᠠᠮᠰᠠᠷ ᠢ ᠤᠯᠠᠮ ᠨᠢᠭᠡ ᠠᠯᠬᠤᠮ ᠴᠢᠩᠭᠠᠷᠠᠭᠤᠯᠤᠨ᠂ ᠥᠪᠡᠷ ᠢ ᠪᠠᠨ | ᠬᠢᠵᠠᠭᠠᠷᠯᠠᠬᠤ ᠶᠢ ᠴᠢᠩᠭᠠᠳᠬᠠᠵᠤ᠂ ᠠᠵᠢᠯ ᠬᠢᠵᠦ ᠦᠢᠯᠡᠰ ᠪᠣᠰᠬᠠᠬᠤ ᠡᠷᠴᠢ ᠵᠣᠷᠢᠭ ᠢ ᠬᠥᠪᠴᠢᠯᠡᠵᠦ ᠬᠦᠴᠦᠨ ᠴᠢᠳᠠᠯ ᠢ ᠨᠢᠭᠲᠠᠷᠠᠭᠤᠯᠤᠨ᠂ ᠨᠠᠮ ᠤᠨ ᠰᠠᠬᠢᠯᠭ᠎ᠠ | ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠮᠵᠢ ᠶᠢ ᠠᠵᠢᠯᠴᠢᠨ ᠤ ᠡᠪᠯᠡᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠮᠢᠳᠤᠯᠢᠭ | ᠦᠢᠯᠡᠳᠦᠯᠭᠡ ᠪᠣᠯᠭᠠᠨ ᠬᠤᠪᠢᠷᠠᠭᠤᠯᠵᠤ ᠪᠤᠢ᠃ |