︽ᠠᠮᠲᠠ︾ ᠲᠠᠨ ᠤ ᠠᠶᠠᠯᠠᠯ ᠢ ᠬᠠᠮᠠᠭᠠᠯᠠᠨ᠎ᠠ —  ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ︽ᠵᠠᠯᠠᠨ ᠢ ᠪᠣᠳᠣᠯᠬᠢᠯᠠᠬᠤ︾ ᠢᠳᠡᠭᠡᠨ ᠤᠮᠳᠠᠭᠠᠨ ᠤ ᠬᠡᠷᠡᠭᠯᠡᠭᠡᠨ ᠤ ᠤᠯᠠᠷᠢᠯ ᠤᠨ ᠰᠢᠷᠢᠰ ᠠᠵᠢᠯᠯᠠᠭ᠎ᠠ ᠶᠢ ᠪᠥᠬᠦ ᠬᠦᠴᠦᠨ ᠢᠶᠠᠷ ᠢᠶᠠᠨ ᠬᠠᠮᠠᠭᠠᠯᠠᠨ᠎ᠠ
ᠨᠡᠶᠢᠲᠡᠯᠡᠭᠰᠡᠨ ᠴᠠᠭ᠄
2024/5/22
    4 ᠰᠠᠷ᠎ᠠ ᠶᠢᠨ 27 ᠤ ᠡᠳᠦᠷ ᠤᠨ ᠦᠳᠡ ᠶᠢᠨ ᠡᠮᠦᠨ᠎ᠡ᠂ 2024 ᠣᠨ ᠤ ︽ᠳᠤᠮᠳᠠᠳᠤ ᠶᠢᠨ ᠠᠮᠲᠠᠲᠤ ᠢᠳᠡᠭᠡᠨ ᠪᠠ ᠠᠷᠤᠤ ᠴᠡᠴᠡᠭ︾ ᠵᠢᠴᠢ ︽ᠠᠮᠲᠠ ᠰᠢᠮᠲᠡ ᠶᠢᠨ ᠵᠠᠯᠠᠨ︾ ᠢᠳᠡᠭᠡᠨ ᠤᠮᠳᠠᠭᠠᠨ ᠤ ᠬᠡᠷᠡᠭᠯᠡᠭᠡᠨ ᠤ ᠰᠢᠷᠢᠰ ᠠᠵᠢᠯᠯᠠᠭ᠎ᠠ ᠶᠢᠩ ᠱᠠᠨ ᠬᠤᠩ ᠠᠮᠢ ᠠᠬᠤᠶ ᠶᠢᠨ ᠴᠡᠴᠡᠷᠯᠢᠭ ᠲᠤ ᠦᠪᠡᠳᠡᠭᠰᠢ ᠶᠡᠭᠡ ᠪᠠᠷ ᠡᠬᠢᠯᠡᠪᠡ᠂ ︽ᠮᠢᠩᠭᠠᠨ ᠬᠥᠮᠦᠨ ᠤ ᠬᠤᠨᠢᠨ ᠱᠥᠯᠥ︾ ᠨᠠᠩ ᠴᠤ ᠣᠯᠠᠨ ᠤ ᠬᠦᠷᠢᠶᠡᠯᠡᠯ ᠢ ᠣᠯᠵᠤ᠂ ᠣᠯᠠᠨ ᠲᠦᠮᠡᠨ ᠤ ᠬᠦᠰᠡᠯ ᠡᠷᠡᠮᠡᠯᠵᠡᠯ ᠢ ᠶᠡᠬᠡᠳᠡ ᠣᠯᠤᠭᠰᠠᠨ ᠪᠠᠶᠢᠨ᠎ᠠ᠃ ᠠᠵᠢᠯᠯᠠᠭ᠎ᠠ ᠶᠢᠨ ᠬᠤᠭᠤᠴᠠᠭᠠᠨ ᠳᠠᠬᠢ ᠠᠮᠤᠷ ᠢ ᠬᠠᠮᠠᠭᠠᠯᠠᠬᠤ ᠵᠢᠴᠢ ᠵᠠᠮ ᠬᠠᠷᠢᠯᠴᠠᠭᠠᠨ ᠤ ᠪᠠᠲᠤᠯᠠᠭ᠎ᠠ ᠶᠢᠨ ᠠᠵᠢᠯ ᠢ ᠦᠨᠡᠨᠬᠦ ᠰᠠᠶᠢᠲᠤᠷ ᠬᠢᠬᠦ ᠶᠢᠨ ᠡᠯ᠎ᠡ ᠵᠦᠢᠯ ᠤᠨ ᠠᠵᠢᠯᠯᠠᠭ᠎ᠠ ᠶᠢᠨ ᠠᠮᠤᠷ ᠲᠦᠪᠰᠢᠨ ᠤᠷᠤᠭᠰᠢᠲᠠᠢ ᠶᠠᠪᠤᠭᠳᠠᠬᠤ ᠶᠢ ᠪᠠᠲᠤᠯᠠᠵᠤ᠂ ᠬᠤᠳᠠ ᠶᠢᠨ ᠨᠠᠮ ᠤᠨ  ᠬᠤᠷᠢᠶ᠎ᠠ ᠵᠠᠰᠠᠭ ᠤᠨ ᠣᠷᠳᠣᠨ ᠤ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠴᠠᠭᠳᠠᠭᠠᠨ ᠤ ᠬᠦᠴᠦᠨ ᠢ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠵᠤ᠂ ᠤᠷᠢᠳᠴᠢᠯᠠᠨ ᠲᠥᠯᠥᠪᠵᠢᠭᠦᠯᠵᠦ᠂ ᠨᠠᠷᠢᠨ ᠨᠢᠭᠲᠠ ᠪᠠᠶᠢᠷᠢᠯᠠᠭᠤᠯᠵᠤ᠂ ᠥᠨᠳᠥᠷ ᠵᠣᠭᠰᠣᠴᠠ ᠠᠴᠠ ᠨᠢᠭᠡᠳᠦᠯᠲᠡᠢ ᠲᠥᠯᠥᠪᠵᠢᠭᠦᠯᠦᠨ ᠬᠡᠷᠡᠭᠵᠢᠭᠦᠯᠵᠦ᠂ ᠴᠢᠨᠠᠷ ᠰᠠᠶᠢᠲᠠᠢ ᠵᠣᠬᠢᠶᠠᠨ ᠪᠠᠶᠢᠭᠤᠯᠤᠨ ᠠᠬᠢᠭᠤᠯᠵᠤ᠂ ᠵᠤᠭᠠᠴᠠᠯ ᠤᠨ ᠴᠠᠭᠳᠠᠭᠠᠨ ᠤ ᠶᠠᠪᠤᠳᠠᠯ ᠢ ᠪᠦᠬᠦ ᠬᠦᠴᠦᠨ ᠢᠶᠠᠷ ᠢᠶᠠᠨ ᠬᠦᠴᠦᠷᠬᠡᠭᠵᠢᠭᠦᠯᠦᠨ ᠪᠣᠳᠠᠲᠠᠶᠢᠵᠢᠭᠤᠯᠵᠤ᠂ ᠬᠠᠪᠤᠷ ᠤᠨ ᠡᠳᠦᠷ ᠤᠨ ︽ᠬᠦᠦᠠᠷ ᠫᠤᠤᠵᠢᠩ︾ ᠢ ᠰᠠᠬᠢᠵᠤ᠂ ᠤᠯᠠᠨ ᠲᠦᠮᠡᠨ ᠤ ᠠᠮᠤᠷ ᠲᠦᠪᠰᠢᠨ ᠤ ᠲᠦᠷᠦᠭᠳᠡᠯ ᠢ ᠦᠷᠭᠦᠯᠵᠢᠯᠡᠨ ᠨᠡᠮᠡᠭᠳᠡᠭᠦᠯᠦᠨ᠎ᠡ᠃    ᠲᠤᠰ ᠤᠳᠠᠭᠠᠨ ᠤ ᠢᠳᠡᠭᠡᠨ ᠤᠮᠳᠠᠭᠠᠨ ᠤ ᠬᠡᠷᠡᠭᠯᠡᠭᠡᠨ ᠤ ᠰᠢᠷᠢᠰ ᠠᠵᠢᠯᠯᠠᠭ᠎ᠠ ᠳᠤ ᠴᠢᠭᠯᠡᠭᠦᠯᠦᠨ ᠨᠡᠶᠢᠭᠡᠮ ᠤᠨ ᠨᠥᠯᠥᠭᠡ ᠥᠷᠭᠡᠨ᠂ ᠣᠯᠠᠨ ᠲᠦᠮᠡᠨ ᠣᠷᠭᠢᠯᠤᠮ᠎ᠠ ᠬᠠᠯᠠᠭᠤᠨ ᠰᠡᠳᠬᠢᠯᠭᠡ ᠲᠠᠢ᠂ ᠠᠮᠤᠷ ᠲᠦᠪᠰᠢᠨ ᠤ ᠬᠠᠮᠠᠭᠠᠯᠠᠯᠲᠠ ᠶᠢᠨ ᠬᠦᠴᠢᠷᠳᠡᠯ ᠶᠡᠭᠡ ᠵᠡᠷᠭᠡ ᠣᠨᠴᠠᠯᠢᠭ ᠲᠠᠢ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︽ᠬᠥᠮᠦᠨ ᠢ ᠲᠣᠭᠲᠠᠭᠠᠬᠤ᠂ ᠠᠵᠢᠯ ᠤᠨ ᠪᠠᠶᠢᠷᠢ ᠶᠢ ᠲᠣᠭᠲᠠᠭᠠᠬᠤ᠂ ᠣᠷᠣᠨ ᠪᠠᠶᠢᠷᠢ ᠶᠢ ᠲᠣᠭᠲᠠᠭᠠᠬᠤ᠂ ᠬᠠᠷᠢᠭᠤᠴᠠᠯᠭ᠎ᠠ ᠶᠢ ᠲᠣᠭᠲᠠᠭᠠᠬᠤ︾ ᠠᠵᠢᠯ ᠤᠨ ᠱᠠᠭᠠᠷᠳᠠᠯᠭ᠎ᠠ ᠶᠣᠰᠣᠭᠠᠷ᠂ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠲᠣᠰ ᠲᠣᠰ ᠤᠨ ᠡᠭᠦᠷᠭᠡ ᠲᠤᠰᠢᠶᠠᠯ ᠢᠶᠠᠨ  ᠭᠦᠢᠴᠡᠳᠬᠡᠨ᠂ ᠲᠣᠰ ᠲᠣᠰ ᠤᠨ ᠬᠠᠷᠢᠭᠤᠴᠠᠯᠭ᠎ᠠ ᠪᠠᠨ  ᠭᠦᠢᠴᠡᠳᠬᠡᠵᠦ᠂ ᠨᠢᠭᠲᠠ ᠬᠠᠮᠵᠢᠯᠴᠠᠨ᠂ ᠪᠦᠬᠦᠯᠢ ᠴᠣᠭᠴᠠ ᠪᠠᠷ ᠢᠶᠠᠨ ᠪᠠᠶᠢᠯᠳᠤᠵᠤ᠂ ᠲᠣᠭᠤᠷᠢᠨ ᠴᠠᠭᠳᠠᠵᠤ ᠰᠡᠷᠭᠡᠶᠢᠯᠡᠨ ᠡᠵᠡᠮᠳᠡᠬᠦ᠂ ᠵᠠᠮ ᠬᠠᠷᠢᠯᠴᠠᠭ᠎ᠠ ᠶᠢ ᠨᠡᠪᠲᠡᠷᠡᠭᠦᠯᠬᠦ᠂ ᠣᠯᠠᠨ ᠲᠦᠮᠡᠨ ᠳᠤ  ᠦᠢᠯᠡᠴᠢᠯᠡᠬᠦ ᠵᠡᠷᠭᠡ ᠠᠵᠢᠯ ᠢ ᠢᠳᠡᠪᠬᠢᠲᠡᠶ ᠥᠷᠨᠢᠭᠦᠯᠵᠦ᠂ ᠠᠵᠢᠯᠯᠠᠭ᠎ᠠ ᠶᠢ ᠡᠮᠬᠢ ᠵᠢᠷᠤᠮ ᠲᠠᠢ ᠥᠷᠨᠢᠭᠦᠯᠬᠦ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠶᠢᠨ ᠬᠠᠮᠲᠤ᠂ ᠵᠤᠭᠠᠴᠠᠭᠰᠠᠳ ᠤᠨ ᠴᠡᠴᠡᠭ ᠰᠣᠨᠢᠷᠬᠠᠬᠤ᠂ ᠠᠮᠲᠠᠲᠤ ᠢᠳᠡᠭᠡᠨ ᠠᠮᠲᠠᠯᠠᠬᠤ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠢ ᠳᠦᠭᠦᠷᠡᠩ ᠪᠣᠯᠭᠠᠪᠠ᠃    ᠲᠤᠰ ᠤᠳᠠᠭᠠᠨ ᠤ ᠠᠮᠤᠷ ᠢ ᠬᠠᠮᠠᠭᠠᠯᠠᠬᠤ ᠠᠵᠢᠯᠯᠠᠭ᠎ᠠ ᠳᠤᠮᠳᠠ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠪᠦᠬᠦ ᠠᠮᠤᠷ ᠢ ᠬᠠᠮᠠᠭᠠᠯᠠᠬᠤ ᠴᠠᠭᠳᠠᠭᠠᠨ ᠤ ᠬᠦᠴᠦᠨ ᠳᠣᠲᠣᠭᠠᠳᠤ ᠶᠢ ᠬᠠᠮᠠᠭᠠᠯᠠᠬᠤ ᠠᠩᠭᠢ ᠶᠢᠨ ᠦᠷᠭᠦᠯᠵᠢᠯᠡᠨ ᠪᠠᠶᠢᠯᠳᠤᠬᠤ ᠰᠢᠯᠢᠳᠡᠭ ᠰᠤᠷᠲᠠᠯ ᠢ ᠭᠦᠢᠴᠡᠳ ᠪᠠᠳᠠᠷᠠᠭᠤᠯᠵᠤ᠂ ᠴᠤᠭ ᠪᠠᠳᠠᠷᠠᠩᠭᠤᠶ ᠣᠶᠤᠨ ᠰᠠᠨᠠᠭᠠᠨ ᠤ ᠳᠦᠷᠰᠦ ᠪᠠᠶᠢᠳᠠᠯ ᠪᠠ ᠴᠢᠩᠭ᠎ᠠ ᠨᠢᠮᠪᠠᠶ ᠴᠠᠭᠳᠠᠭᠠᠨ ᠤ ᠳᠦᠷᠢ ᠲᠥᠷᠬᠦ ᠪᠠᠷ ᠠᠵᠢᠯᠯᠠᠭ᠎ᠠ ᠶᠢᠨ ᠠᠬᠤᠶ ᠲᠠᠯᠠᠪᠠᠶ ᠵᠢᠴᠢ ᠡᠷᠬᠢᠨ ᠲᠣᠭᠤᠷᠢᠨ ᠤ ᠠᠮᠤᠷ ᠲᠦᠪᠰᠢᠨ᠂ ᠵᠠᠮ ᠬᠠᠷᠢᠯᠴᠠᠭᠠᠨ ᠤ ᠡᠮᠬᠢ ᠵᠢᠷᠤᠮ ᠢ ᠪᠥᠬᠦ ᠬᠦᠴᠦᠨ ᠢᠶᠠᠷ ᠢᠶᠠᠨ ᠬᠠᠮᠠᠭᠠᠯᠠᠵᠤ᠂ ᠵᠢᠭᠤᠯᠴᠢᠯᠠᠭᠴᠢᠳ ᠲᠤ ᠬᠠᠯᠠᠭᠤᠮᠰᠤᠭ ᠪᠥᠭᠡᠳ ᠴᠢᠨᠠᠷ ᠰᠠᠶᠢᠲᠠᠶ  ᠦᠢᠯᠡᠴᠢᠯᠡᠭᠡ ᠬᠠᠩᠭᠠᠵᠤ᠂ ᠵᠠᠯᠠᠨ ᠠᠶᠢᠯ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠰᠢᠯᠢᠳᠡᠭ ᠰᠠᠶᠢᠨ ᠲᠤᠰᠬᠠᠶ ᠮᠡᠷᠭᠡᠵᠢᠯ ᠤᠨ ᠬᠡᠪ ᠪᠣᠯᠪᠠᠰᠤᠷᠠᠯ ᠪᠠ ᠪᠣᠯᠪᠠᠰᠤᠨ ᠣᠶᠤᠨ ᠰᠠᠨᠠᠭᠠᠨ ᠤ ᠳᠦᠷᠰᠦ ᠪᠠᠶᠢᠳᠠᠯ ᠢ  ᠭᠦᠢᠴᠡᠳ ᠳᠡᠯᠭᠡᠨ ᠦᠵᠡᠭᠦᠯᠵᠦ᠂ ᠥᠷᠭᠡᠨ ᠣᠯᠠᠨ ᠲᠦᠮᠡᠨ ᠪᠠ ᠵᠢᠭᠤᠯᠴᠢᠯᠠᠭᠴᠢᠳ ᠤᠨ ᠮᠠᠭᠲᠠᠭᠠᠯ ᠰᠠᠶᠢᠰᠢᠶᠠᠯ ᠢ ᠣᠯᠤᠭᠰᠠᠨ ᠪᠠᠶᠢᠨ᠎ᠠ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ