ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠄ ᠣᠯᠠᠨ ᠰᠠᠯᠠᠭ᠎ᠠ ᠮᠥᠴᠢᠷ ᠬᠠᠮᠵᠢᠯᠴᠠᠨ ᠬᠥᠳᠡᠯᠮᠦᠷᠢᠴᠢᠳ ᠢ ᠬᠠᠮᠠᠭᠠᠯᠠᠵᠤ ᠪᠠᠶᠢᠨ᠎ᠠ
ᠨᠡᠶᠢᠲᠡᠯᠡᠭᠰᠡᠨ ᠴᠠᠭ᠄
2024/5/22
    ᠠᠵᠢᠯᠲᠠᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠴᠠᠭ ᠲᠤᠬᠠᠶ ᠳᠤᠨᠢ ᠲᠤᠭ᠎ᠠ ᠶᠣᠰᠣᠭᠠᠷ ᠲᠠᠲᠠᠪᠤᠷᠢᠯᠠᠬᠤ ᠶᠢ ᠪᠠᠲᠤᠯᠠᠬᠤ ᠶᠢᠨ ᠲᠥᠯᠥᠭᠡ᠂ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠲᠥᠪ ᠠᠴᠠ ᠭᠠᠶᠢᠯᠢ ᠶᠢᠨ ᠶᠠᠪᠤᠳᠠᠯ ᠤᠨ ᠲᠣᠪᠴᠢᠶ᠎ᠠ ᠵᠢᠴᠢ ᠡᠮ ᠡᠮᠨᠡᠯᠭᠡ ᠶᠢᠨ ᠳᠠᠭᠠᠳᠬᠠᠯ ᠤᠨ ᠲᠥᠪ ᠲᠠᠢ ᠬᠠᠮᠲᠤᠷᠠᠨ ᠬᠤᠷᠠᠯ ᠬᠤᠷᠠᠯᠳᠤᠭᠤᠯᠵᠤ᠂ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢ ᠲᠤᠯᠭᠠᠨ ᠪᠤᠳᠤᠬᠤ ᠠᠵᠢᠯ ᠢ ᠰᠤᠳᠤᠯᠤᠨ ᠪᠠᠶᠢᠷᠢᠯᠠᠭᠤᠯᠪᠠ ᠃    ᠨᠢᠭᠡ ᠳᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠲᠥᠪ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠡᠮ ᠡᠮᠨᠡᠯᠭᠡ ᠶᠢᠨ ᠳᠠᠭᠠᠳᠬᠠᠯ ᠤᠨ ᠲᠥᠪ ᠬᠠᠮᠲᠤᠷᠠᠭᠰᠠᠨ ᠬᠠᠷᠭᠤᠭᠤᠯᠤᠨ ᠪᠤᠳᠤᠬᠤ ᠳᠤᠭᠤᠶᠢᠯᠠᠩ ᠪᠠᠶᠢᠭᠤᠯᠵᠤ᠂ ᠬᠠᠷᠭᠤᠭᠤᠯᠤᠨ ᠪᠤᠳᠤᠬᠤ ᠠᠵᠢᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠮᠠᠲ᠋ᠧᠷᠢᠶᠠᠯ ᠢ ᠰᠢᠯᠵᠢᠭᠦᠯᠦᠨ ᠦᠵᠡᠬᠦ ᠪᠠ ᠲᠤᠬᠠᠶ ᠶᠢᠨ ᠲᠠᠯᠠᠪᠤᠷ ᠲᠤ ᠪᠠᠶᠢᠴᠠᠭᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠨᠠᠷᠢᠨ ᠨᠢᠮᠪᠠᠶ ᠪᠠᠶᠢᠴᠠᠭᠠᠯᠲᠠ ᠬᠢᠵᠦ᠂ ᠳᠤᠲᠠᠭᠤ ᠲᠤᠰᠢᠶᠠᠬᠤ ᠪᠠᠶᠢᠳᠠᠯ ᠭᠠᠷᠬᠤ ᠶᠢ ᠴᠢᠩᠭ᠎ᠠ ᠰᠡᠷᠭᠡᠶᠢᠯᠡᠵᠦ᠂ ᠬᠠᠷᠭᠤᠭᠤᠯᠤᠨ ᠪᠤᠳᠤᠬᠤ ᠠᠵᠢᠯ ᠤᠨ ᠨᠠᠶᠢᠳᠠᠪᠤᠷᠢᠵᠢᠭᠤᠯᠤᠯᠲᠠ ᠶᠢᠨ ᠦᠷ᠎ᠡ ᠪᠦᠲᠦᠮᠵᠢ ᠤᠯᠬᠤ ᠶᠢ ᠪᠠᠲᠤᠯᠠᠬᠤ ᠪᠠᠷ ᠲᠣᠭᠲᠠᠪᠠ᠃ ᠬᠤᠶᠠᠷ ᠲᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠭᠠᠳᠬᠠᠨ᠎ᠠ᠃ ᠬᠠᠷᠭᠤᠭᠤᠯᠤᠨ ᠪᠤᠳᠤᠬᠤ ᠳᠤᠭᠤᠶᠢᠯᠠᠩ ᠤᠨ ᠬᠢᠨ ᠪᠣᠳᠠᠲᠠᠶ ᠪᠠᠶᠢᠴᠠᠭᠠᠯᠲᠠ ᠶᠢᠨ ᠪᠠᠶᠢᠳᠠᠯ ᠢ ᠦᠨᠳᠦᠰᠦᠯᠡᠨ᠂ ᠬᠠᠷᠭᠤᠭᠤᠯᠤᠨ ᠪᠤᠳᠤᠭᠳᠠᠭᠰᠠᠨ ᠨᠢᠭᠡᠴᠡ ᠶᠢᠨ ᠬᠠᠷᠭᠤᠭᠤᠯᠤᠨ ᠪᠤᠳᠤᠭᠰᠠᠨ ᠪᠠᠶᠢᠴᠠᠭᠠᠯᠲᠠ ᠶᠢᠨ ᠳ᠋ᠦᠩ ᠢ ᠪᠣᠶ ᠪᠣᠯᠭᠠᠨ᠎ᠠ᠂ ᠬᠡᠷᠪᠡ ᠳᠤᠲᠠᠭᠤ ᠲᠤᠰᠢᠶᠠᠭᠰᠠᠨ᠂ ᠠᠰᠠᠭᠤᠳᠠᠯ ᠨᠢ ᠦᠨᠡᠨ ᠪᠣᠳᠠᠲᠠᠶ ᠪᠠᠶᠢᠪᠠᠯ᠂ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠲᠥᠪ ᠠᠴᠠ ︽ᠨᠡᠶᠢᠭᠡᠮ ᠤᠨ ᠳᠠᠭᠠᠳᠬᠠᠯ ᠤᠨ ᠬᠠᠤᠯᠢ︾ ᠶᠢᠨ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠦᠨᠳᠦᠰᠦᠯᠡᠨ᠂ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ ᠪᠠᠭᠤᠯᠭᠠᠵᠤ᠂ ᠲᠡᠳᠡᠨ ᠤ ᠬᠢᠵᠠᠭᠠᠷᠯᠠᠭᠰᠠᠨ ᠬᠤᠭᠤᠴᠠᠭᠠᠨ ᠳᠣᠲᠣᠷ᠎ᠠ ᠨᠡᠶᠢᠭᠡᠮ ᠤᠨ ᠳᠠᠭᠠᠳᠬᠠᠯ ᠤᠨ ᠮᠡᠳᠡᠭᠦᠯᠦᠯᠲᠡ ᠶᠢᠨ ᠮᠠᠲ᠋ᠧᠷᠢᠶᠠᠯ ᠢᠶᠠᠨ ᠰᠠᠨᠠᠭᠠᠴᠢᠯᠠᠭ᠎ᠠ ᠠᠴᠠ ᠪᠠᠨ ᠲᠤᠰᠢᠶᠠᠬᠤ ᠶᠢ ᠰᠢᠪᠠᠳᠠᠨ᠎ᠠ᠃    ᠲᠠᠷᠠᠭᠠᠴᠢ ᠶᠢᠨ ᠠᠯᠬᠤᠮ ᠳᠤ᠂ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠲᠥᠪ ᠨᠢ ᠭᠠᠶᠢᠯᠢ ᠶᠢᠨ ᠶᠠᠪᠤᠳᠠᠯ ᠤᠨ ᠲᠣᠪᠴᠢᠶ᠎ᠠ ᠵᠢᠴᠢ ᠡᠮ ᠡᠮᠨᠡᠯᠭᠡ ᠶᠢᠨ ᠳᠠᠭᠠᠳᠬᠠᠯ ᠤᠨ ᠲᠥᠪ ᠯᠦᠭᠡ ᠶᠢᠨ ᠨᠡᠪᠲᠡᠷᠡᠯᠴᠡᠭᠡ ᠬᠠᠮᠵᠢᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠴᠢᠩᠭᠠᠳᠬᠠᠨ᠂ ᠳᠡᠭᠡᠳᠦ ᠳᠣᠤᠷᠠᠳᠤ ᠱᠠᠲᠤ ᠬᠤᠯᠪᠣᠭᠠᠯᠠᠨ ᠬᠥᠳᠡᠯᠦᠯᠴᠡᠬᠦ᠂ ᠰᠠᠯᠠᠭ᠎ᠠ ᠮᠥᠴᠢᠷ ᠵᠣᠬᠢᠴᠠᠭᠤᠯᠬᠤ᠂ ᠴᠤᠭᠭᠠᠷ ᠠᠳᠬᠤᠨ ᠬᠠᠮᠲᠤ ᠪᠠᠷ ᠬᠠᠮᠢᠶᠠᠷᠬᠤ ᠠᠵᠢᠯ ᠤᠨ ᠲᠣᠭᠲᠠᠴᠠ ᠶᠢ ᠪᠦᠷᠢᠯᠳᠦᠭᠦᠯᠵᠦ᠂ ᠬᠥᠳᠡᠯᠮᠦᠷᠢᠴᠢᠳ ᠢ ᠬᠠᠮᠠᠭᠠᠯᠠᠬᠤ ᠪᠣᠯᠤᠨ᠎ᠠ ᠃   
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ