ᠲᠤᠰᠬᠠᠶ ᠮᠡᠷᠭᠡᠵᠢᠯᠲᠡᠨ ᠢᠩᠭᠢᠵᠦ ᠥᠷᠯᠥᠭᠡᠨ ᠤ ᠬᠤᠭᠤᠯᠠ ᠢᠳᠡᠬᠦ ᠶᠢ ᠰᠠᠨᠠᠭᠠᠴᠢᠯᠠᠪᠠ︕ ᠥᠷᠯᠥᠭᠡᠨ ᠤ ᠬᠤᠭᠤᠯᠠ ᠢᠳᠡᠬᠦ ᠦᠭᠡᠢ ᠪᠣᠯ ᠮᠠᠷᠢᠶᠠᠯᠠᠬᠤ ᠲᠦᠭᠰᠢᠭᠦᠷᠢ ᠶᠢ ᠨᠡᠮᠡᠭᠳᠡᠭᠦᠯᠳᠡᠭ
ᠨᠡᠶᠢᠲᠡᠯᠡᠭᠰᠡᠨ ᠴᠠᠭ᠄
2024/5/22
    ᠰᠢᠮ᠎ᠡ ᠲᠡᠵᠢᠭᠡᠯ ᠤᠨ ᠲᠤᠰᠬᠠᠶ ᠮᠡᠷᠭᠡᠵᠢᠯᠲᠡᠨ ᠤ ᠰᠠᠨᠠᠭᠤᠯᠬᠤ ᠳᠠᠭᠠᠨ᠂ ᠥᠷᠯᠥᠭᠡ ᠶᠢᠨ ᠬᠤᠭᠤᠯᠠ ᠪᠠᠨ ᠰᠠᠶᠢᠨ ᠢᠳᠡᠬᠦ ᠪᠣᠯ ᠰᠠᠭᠤᠭᠠᠯᠢ ᠠᠷᠠᠳ ᠤᠨ ᠢᠳᠡᠭᠡᠨ ᠤᠮᠳᠠᠭᠠᠨ ᠤ ᠪᠦᠲᠦᠴᠡ ᠶᠢᠨ ᠵᠦᠶ ᠵᠣᠬᠢᠰ ᠥᠬᠡᠶ ᠪᠠᠶᠢᠳᠠᠯ ᠢ ᠰᠠᠶᠢᠵᠢᠷᠠᠭᠤᠯᠬᠤ ᠴᠢᠬᠤᠯᠠ ᠭᠤᠭᠴᠤᠭ᠎ᠠ ᠮᠥᠨ᠂ ᠡᠷᠡᠭᠦᠯ ᠮᠡᠨᠳᠦ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠳᠤ ᠡᠳᠦᠷ ᠪᠦᠷᠢ ᠶᠢᠨ ᠥᠷᠯᠥᠭᠡ ᠶᠢᠨ ᠬᠤᠭᠤᠯᠠ ᠠᠴᠠ ᠡᠬᠢᠯᠡᠵᠦ ᠬᠢᠬᠦ ᠬᠡᠷᠡᠭᠲᠡᠶ ᠬᠡᠪᠡ᠃    ︽ᠶᠡᠭᠡ ᠬᠡᠮᠵᠢᠶᠡᠨ ᠤ ᠰᠢᠨᠵᠢᠯᠡᠬᠦ ᠤᠬᠠᠭᠠᠨ ᠤ ᠭᠡᠷᠡᠴᠢ ᠪᠠᠷᠢᠮᠲᠠ ᠠᠴᠠ ᠦᠵᠡᠪᠡᠯ᠂ ᠥᠷᠯᠥᠭᠡ ᠶᠢᠨ ᠬᠤᠭᠤᠯᠠ ᠢᠳᠡᠬᠦ ᠥᠬᠡᠶ ᠪᠤᠶᠤ ᠥᠷᠯᠥᠭᠡ ᠶᠢᠨ ᠬᠤᠭᠤᠯᠠ ᠪᠠᠨ ᠰᠠᠶᠢᠨ ᠢᠳᠡᠬᠦ ᠥᠬᠡᠶ ᠪᠣᠯ ᠮᠠᠷᠢᠶᠠᠯᠠᠬᠤ ᠲᠦᠭᠰᠢᠭᠦᠷᠢ ᠶᠢ ᠨᠡᠮᠡᠭᠳᠡᠭᠦᠯᠳᠡᠭ︾ ᠭᠡᠵᠦ ᠳᠤᠮᠳᠠᠳᠤ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠰᠢᠮ᠎ᠡ ᠲᠡᠵᠢᠭᠡᠯ ᠪᠣᠯᠤᠨ ᠡᠷᠡᠭᠦᠯ ᠮᠡᠨᠳᠦ ᠶᠢᠨ ᠭᠠᠵᠠᠷ ᠤᠨ ᠰᠤᠳᠤᠯᠤᠭᠴᠢ ᠯᠢᠦ ᠠᠶ ᠯᠢᠩ ᠲᠠᠨᠢᠯᠴᠠᠭᠤᠯᠤᠬᠰᠠᠨ ᠢᠶᠠᠨ ᠵᠠᠯᠭᠠᠭᠠᠳ᠂ ᠥᠷᠯᠥᠭᠡ ᠬᠥᠮᠦᠨ ᠤ ᠪᠡᠶ᠎ᠡ ᠶᠢᠨ ᠴᠢᠰᠤᠨ ᠰᠢᠬᠢᠷ ᠤᠨ ᠬᠡᠮᠵᠢᠶ᠎ᠡ ᠨᠡᠯᠢᠶᠡᠳ ᠳᠤᠤᠷ᠎ᠠ᠂ ᠴᠠᠭ ᠲᠤᠬᠠᠶ ᠳᠤᠨᠢ ᠥᠷᠯᠥᠭᠡ ᠶᠢᠨ ᠬᠤᠭᠤᠯᠠ ᠢᠳᠡᠬᠦ ᠥᠬᠡᠶ ᠪᠣᠯ ᠪᠡᠶ᠎ᠡ ᠶᠢᠨ ᠵᠠᠷᠢᠮ    ᠬᠤᠷᠮᠣᠨ ᠤ ᠰᠢᠭᠦᠷᠡᠯᠲᠡ ᠳᠤ ᠰᠡᠳᠦᠯᠲᠡ ᠥᠭᠴᠦ᠂ ᠥᠭᠡᠬᠦ ᠶᠢᠨ ᠪᠣᠶ ᠪᠣᠯᠬᠤ ᠶᠢ ᠠᠬᠢᠭᠤᠯᠬᠤ ᠳᠤ ᠠᠰᠢᠭᠲᠠᠶ ᠪᠠᠶᠢᠳᠠᠭ︔ ᠡᠭᠦᠨ ᠤ ᠬᠠᠮᠲᠤ᠂ ᠶᠠᠭᠤᠮ᠎ᠠ ᠢᠳᠡᠬᠦ ᠦᠭᠡᠢ ᠤᠳᠠᠪᠠᠯ᠂ ᠬᠥᠮᠦᠨ ᠠᠮᠠᠷᠬᠠᠨ ᠥᠯᠥᠰᠳᠡᠭ ᠪᠣᠯᠬᠤᠷ ᠦᠳᠡ ᠶᠢᠨ ᠬᠤᠭᠤᠯᠠ ᠵᠡᠷᠭᠡ ᠳᠤ ᠨᠢᠭᠡ ᠤᠳᠠᠭ᠎ᠠ ᠥᠨᠳᠥᠷ ᠢᠯᠴᠢ ᠲᠠᠢ ᠢᠳᠡᠭᠡᠨ ᠢᠳᠡᠪᠡᠯ ᠵᠣᠬᠢᠨ᠎ᠠ ᠭᠡᠵᠦ ᠬᠡᠯᠡᠪᠡ᠃    ᠯᠢᠦ ᠠᠶ ᠯᠢᠩ ᠬᠡᠯᠡᠬᠦ ᠳᠡᠭᠡᠨ᠂ ᠣᠷᠳᠣ ᠬᠤᠭᠤᠴᠠᠭ᠎ᠠ ᠪᠠᠷ ᠥᠷᠯᠥᠭᠡ ᠶᠢᠨ ᠬᠤᠭᠤᠯᠠ ᠢᠳᠡᠬᠦ ᠥᠬᠡᠶ ᠪᠣᠯ 2 ᠳ᠋ᠤᠭᠠᠷ ᠬᠡᠯᠪᠡᠷᠢ ᠶᠢᠨ ᠰᠢᠬᠢᠷ ᠰᠢᠵᠢᠩ ᠡᠪᠡᠳᠴᠢᠨ ᠳᠤ ᠨᠡᠷᠪᠡᠭᠳᠡᠬᠦ ᠲᠦᠭᠰᠢᠭᠦᠷᠢ ᠶᠢ 21 % ᠪᠠᠷ ᠨᠡᠮᠡᠭᠳᠡᠭᠦᠯᠬᠦ ᠪᠦᠭᠡᠳ ᠪᠠᠰᠠ ᠵᠢᠷᠦᠬᠡ ᠴᠢᠰᠤᠨ ᠰᠤᠳᠠᠯ᠂ ᠰᠢᠩᠭᠡᠭᠡᠯᠲᠡ ᠶᠢᠨ ᠰᠢᠰᠲ᠋ᠧᠮ ᠵᠡᠷᠭᠡ ᠡᠪᠡᠳᠴᠢᠨ ᠡᠮᠭᠡᠭ ᠤᠨ ᠲᠦᠭᠰᠢᠭᠦᠷᠢ ᠶᠢ ᠨᠡᠮᠡᠭᠳᠡᠭᠦᠯᠵᠦ᠂ ᠬᠡᠦᠬᠡᠳ ᠵᠠᠯᠠᠭᠤ ᠪᠠᠭᠠᠴᠤᠳ ᠤᠨ ᠶᠡᠭᠡ ᠲᠠᠷᠢᠬᠢᠨ ᠤ ᠪᠤᠶᠢᠵᠢᠯᠲᠠ ᠵᠢᠴᠢ ᠨᠠᠰᠤᠨ ᠳᠤ ᠭᠦᠷᠦᠭᠰᠡᠳ ᠤᠨ ᠴᠡᠭᠡᠵᠢᠯᠡᠬᠦ ᠴᠢᠳᠠᠪᠤᠷᠢ ᠪᠠ ᠤᠷᠮ᠎ᠠ ᠰᠡᠳᠬᠢᠯᠭᠡ ᠶᠢ ᠴᠦ ᠮᠠᠭᠤ ᠪᠠᠷ ᠨᠥᠯᠥᠭᠡᠯᠡᠳᠡᠭ ᠬᠡᠪᠡ᠃    ︽ᠡᠯᠪᠡᠭ ᠳᠡᠯᠪᠡᠭ ᠥᠷᠯᠥᠭᠡ ᠶᠢᠨ ᠬᠤᠭᠤᠯᠠ ᠨᠢ ᠢᠳᠡᠭᠡᠨ ᠤ ᠳᠤᠷᠠᠰᠢᠯ ᠢ ᠬᠠᠮᠤᠭ ᠤᠨ ᠶᠡᠭᠡ ᠬᠡᠮᠵᠢᠶ᠎ᠡ ᠪᠠᠷ ᠬᠤᠷᠢᠭᠯᠠᠵᠤ᠂ ᠪᠡᠶ᠎ᠡ ᠶᠢᠨ ᠬᠦᠨᠳᠦ ᠶᠢ ᠨᠠᠩ ᠰᠠᠶᠢᠳᠤᠷ ᠬᠢᠵᠠᠭᠠᠷᠯᠠᠳᠠᠭ ᠢᠶᠠᠷ ᠪᠠᠷᠠᠬᠤ ᠥᠬᠡᠶ᠂ ᠪᠠᠰᠠ ᠬᠥᠮᠦᠨ ᠤ ᠪᠡᠶ᠎ᠡ ᠶᠢᠨ ᠨᠠᠩ ᠰᠠᠶᠢᠨ ᠰᠣᠯᠢᠯᠴᠠᠭ᠎ᠠ ᠬᠢᠬᠦ ᠪᠠ ᠳᠣᠲᠣᠭᠠᠳᠤ ᠱᠦᠭᠦᠷᠡᠯ ᠤᠨ ᠤᠷᠪᠠᠯ ᠭᠠᠷᠬᠤ ᠶᠢ ᠲᠤᠰᠠᠯᠠᠵᠤ᠂ ᠳᠠᠷᠠᠭ᠎ᠠ ᠤᠳᠠᠭ᠎ᠠ ᠶᠢᠨ ᠬᠤᠭᠤᠯᠠ ᠢᠳᠡᠬᠦ ᠦᠶ᠎ᠡ ᠶᠢᠨ ᠴᠢᠰᠤᠨ ᠰᠢᠬᠢᠷ ᠤᠨ ᠤᠷᠪᠠᠯ ᠢ ᠰᠠᠶᠢᠵᠢᠷᠠᠭᠤᠯᠵᠦ᠂ ᠨᠦᠢᠷ ᠤᠨ ᠠᠷᠠᠯ ᠤᠨ ᠡᠳ᠋ ᠤᠨ ᠰᠡᠷᠭᠡᠭ ᠴᠢᠨᠠᠷ ᠢ ᠨᠡᠮᠡᠭᠳᠡᠭᠦᠯᠵᠦ᠂ ᠴᠢᠰᠤᠨ ᠰᠢᠬᠢᠷ ᠤᠨ ᠲᠣᠭᠲᠠᠪᠤᠷᠢᠲᠤ ᠪᠠᠶᠢᠳᠠᠯ ᠢ ᠪᠠᠲᠤᠯᠠᠵᠦ᠂ ᠰᠢᠬᠢᠷ ᠰᠢᠵᠢᠩ ᠡᠪᠡᠳᠴᠢᠨ ᠤ ᠲᠦᠭᠰᠢᠭᠦᠷᠢ ᠶᠢ ᠪᠠᠭᠤᠷᠠᠭᠤᠯᠳᠡᠭ︾ ᠭᠡᠵᠦ ᠯᠢᠦ ᠠᠶ ᠯᠢᠩ ᠬᠡᠯᠡᠯ᠎ᠡ᠃    ᠲᠡᠭᠡᠪᠡᠯ ᠪᠢᠳᠡ ᠶᠠᠭᠠᠬᠢᠵᠤ ᠥᠷᠯᠥᠭᠡᠨ ᠤ ᠬᠤᠭᠤᠯᠠ ᠪᠠᠨ ᠰᠠᠶᠢᠨ ᠢᠳᠡᠬᠦ ᠪᠣᠶ︖ ᠥᠷᠯᠥᠭᠡ ᠶᠢᠨ ᠬᠤᠭᠤᠯᠠ ᠶᠢᠨ ᠲᠦᠷᠦᠯ ᠵᠦᠢᠯ ᠢ ᠣᠯᠠᠨ ᠶᠠᠩᠵᠤ ᠶᠢᠨ ᠪᠠᠶᠢᠯᠭᠠᠵᠤ᠂ 4 ᠲᠥᠷᠥᠯ ᠠᠴᠠ ᠳᠡᠭᠡᠭᠰᠢ ᠪᠠᠶᠢᠬᠤ ᠶᠢ ᠪᠠᠲᠤᠯᠠᠬᠤ ᠬᠡᠷᠡᠭᠲᠡᠶ᠄ ᠨᠠᠭᠠᠳᠤ ᠵᠠᠬ᠎ᠠ ᠳᠠᠭᠠᠨ ᠦᠷᠯᠦᠭᠡ ᠶᠢᠨ ᠬᠤᠭᠤᠯᠠ ᠳᠤ ᠭᠤᠤᠯ ᠢᠳᠡᠭᠡᠨ 1 ᠬᠤᠪᠢ᠂ ᠰᠦ ᠶᠢᠨ ᠲᠦᠷᠦᠯ ᠲᠠᠬᠢᠶᠠᠨ ᠥᠨᠳᠡᠭᠡ ᠵᠡᠷᠭᠡ ᠢᠳᠡᠭᠡᠨ 1 ᠬᠤᠪᠢ᠂ ᠢᠳᠡᠰᠢᠨ ᠨᠣᠭᠤᠭ᠎ᠠ ᠵᠢᠮᠢᠰ ᠢ ᠲᠣᠰ ᠲᠣᠰ 1 ᠬᠤᠪᠢ ᠤᠷᠤᠭᠤᠯᠵᠤ᠂ ᠰᠢᠮ᠎ᠡ ᠲᠡᠵᠢᠭᠡᠯᠲᠦ ᠢᠳᠡᠭᠡᠨ ᠬᠦᠢᠴᠡᠳ ᠪᠠᠶᠢᠬᠤ ᠶᠢ ᠪᠠᠲᠤᠯᠠᠬᠤ ᠬᠡᠷᠡᠭᠲᠡᠶ᠃
ᠢᠷᠡᠯᠲᠡ᠄ ᠠᠷᠠᠳ ᠤᠨ ᠮᠣᠩᠭᠤᠯ ᠰᠦᠯᠵᠢᠶ᠎ᠡ