ᠰᠢᠶᠠᠩ ᠶᠠᠩ ᠵᠡᠭᠡᠯᠢ ᠭᠤᠳᠤᠮᠵᠢ ᠶᠢᠨ ᠡᠪᠯᠡᠯ ᠤᠨ ᠠᠵᠢᠯ ᠤᠨ  ᠬᠤᠷᠢᠶ᠎ᠠ ︽ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠥᠯᠥᠭᠡ ᠴᠡᠭᠡᠵᠢ ᠳᠦᠷᠢᠨ ᠬᠠᠷᠢᠭᠤᠴᠠᠯᠭ᠎ᠠ ᠡᠭᠦᠷᠭᠡᠯᠡᠨ᠎ᠡ — ᠵᠠᠯᠠᠭᠤ ᠨᠠᠰᠤᠨ‌‍ᠳᠠᠭᠠᠨ ᠨᠣᠮ ᠤᠩᠰᠢᠬᠤ ᠳᠤ ᠪᠠᠭ᠋ᠠᠲᠠᠢ︾ ᠭᠡᠬᠦ ᠭᠤᠣᠯ ᠰᠡᠳᠦᠪᠲᠦ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2024/5/22
    ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠤᠯᠤᠰ ᠤᠨ ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠨ ᠳᠠᠭᠠᠵᠤ᠂ ᠵᠠᠯᠠᠭᠤᠴᠤᠳ ᠪᠠᠭᠠᠴᠤᠳ ᠤᠨ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠢ ᠴᠢᠩᠭᠠᠳᠬᠠᠵᠤ᠂ ᠤᠯᠠᠨ ᠲᠦᠮᠡᠨ ᠤ ᠰᠣᠶᠣᠯ ᠤᠨ ᠬᠡᠪ ᠴᠢᠨᠠᠷ ᠢ ᠳᠡᠭᠡᠭᠰᠢᠯᠡᠭᠦᠯᠬᠦ ᠶᠢᠨ ᠲᠥᠯᠥᠭᠡ᠂ ᠤᠢᠢᠷ᠎ᠠ ᠶᠢᠨ ᠡᠳᠦᠷ᠂ ᠰᠢᠶᠠᠩ ᠶᠠᠩ ᠵᠡᠭᠡᠯᠢ ᠭᠤᠳᠤᠮᠵᠢ ᠶᠢᠨ ᠡᠪᠯᠡᠯ ᠤᠨ ᠠᠵᠢᠯ ᠤᠨ ᠬᠤᠷᠢᠶ᠎ᠠ ︽ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠥᠯᠥᠭᠡ ᠴᠡᠭᠡᠵᠢ ᠳᠦᠷᠢᠨ  ᠬᠠᠷᠢᠭᠤᠴᠠᠯᠭ᠎ᠠ ᠡᠭᠦᠷᠭᠡᠯᠡᠨ᠎ᠡ — ᠵᠠᠯᠠᠭᠤ ᠨᠠᠰᠤᠨ ᠳᠠᠭᠠᠨ ᠨᠣᠮ ᠤᠩᠰᠢᠬᠤ ᠪᠠᠭ᠋ᠠᠲᠠᠢ︾ ᠭᠡᠬᠦ ᠭᠤᠣᠯ ᠰᠡᠳᠦᠪᠲᠦ ᠠᠵᠢᠯᠯᠠᠭ᠎ᠠ ᠶᠢ ᠥᠷᠨᠢᠭᠦᠯᠵᠡᠢ᠃ ᠲᠣᠰ ᠤᠳᠠᠭᠠᠨ ᠤ ᠠᠵᠢᠯᠯᠠᠭ᠎ᠠ ᠨᠢ ᠪᠠᠶᠠᠯᠢᠭ ᠰᠠᠶᠢᠬᠠᠨ ᠤᠩᠰᠢᠯᠭ᠎ᠠ ᠶᠢᠨ ᠬᠡᠯᠪᠡᠷᠢ ᠪᠠᠷ ᠳᠠᠮᠵᠢᠭᠤᠯᠤᠨ᠂ ᠵᠠᠯᠠᠭᠤᠴᠤᠳ ᠪᠠᠭᠠᠴᠤᠳ ᠤᠨ ᠤᠩᠰᠢᠯᠭ᠎ᠠ ᠶᠢᠨ ᠤᠷᠮ᠎ᠠ ᠪᠠᠬ᠎ᠠ ᠶᠢ ᠬᠥᠭᠵᠢᠭᠡᠵᠦ᠂ ᠲᠡᠳᠡᠨ ᠤ ᠰᠠᠶᠢᠨ ᠰᠠᠶᠢᠬᠠᠨ ᠤᠩᠰᠢᠯᠭ᠎ᠠ ᠶᠢᠨ ᠳᠠᠳᠬᠠᠯ ᠢ ᠬᠥᠮᠦᠵᠢᠭᠦᠯᠦᠨ᠂ ᠣᠯᠠᠨ ᠲᠦᠮᠡᠨ ᠳᠤ ᠣᠶᠤᠨ ᠤ ᠲᠡᠵᠢᠭᠡᠯ ᠬᠠᠩᠭᠠᠵᠤ᠂ ᠬᠥᠳᠡᠭᠡ ᠲᠣᠰᠬᠤᠨ ᠤ ᠰᠣᠶᠣᠯ ᠤᠨ ᠪᠠᠶᠢᠭᠤᠯᠤᠯᠲᠠ ᠳᠤ ᠬᠦᠴᠦᠨ ᠨᠡᠮᠡᠷᠢᠯᠡᠬᠦ ᠪᠣᠯᠤᠨ᠎ᠠ᠃    ᠠᠵᠢᠯᠯᠠᠭ᠎ᠠ ᠶᠢᠨ ᠳᠤᠮᠳᠠ᠂ ᠡᠪᠯᠡᠯ ᠤᠨ ᠭᠡᠰᠢᠭᠦᠨ ᠪᠣᠯᠤᠨ ᠵᠠᠯᠠᠭᠤᠴᠤᠳ ᠢ ᠵᠣᠬᠢᠶᠠᠨ ᠪᠠᠶᠢᠭᠤᠯᠤᠨ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠭᠦᠨᠵᠡᠭᠡᠶ ᠰᠤᠷᠤᠯᠴᠠᠭᠤᠯᠵᠤ᠂ ᠡᠷᠲᠡᠨ ᠤ ᠰᠣᠩᠭᠤᠳᠠᠭ ᠰᠢᠯᠦᠭ ᠳᠠᠭᠤᠯᠠᠯ᠂ ᠭᠠᠳᠠᠭᠠᠳᠤ ᠶᠢᠨ ᠠᠯᠳᠠᠷᠲᠤ ᠵᠣᠬᠢᠶᠠᠯ ᠵᠡᠷᠭᠡ ᠤᠷᠠᠨ ᠵᠣᠬᠢᠶᠠᠯ ᠤᠨ ᠪᠦᠲᠦᠭᠡᠯ ᠢ ᠢᠳᠡᠪᠬᠢᠲᠡᠶ ᠤᠩᠰᠢᠬᠤ ᠶᠢᠨ ᠬᠠᠮᠲᠤ ᠡᠭᠦᠨ ᠤ ᠲᠤᠬᠠᠶ ᠨᠣᠮ ᠤᠩᠰᠢᠬᠤ ᠶᠢᠨ ᠣᠯᠤᠯᠲᠠ ᠣᠶᠢᠯᠠᠭᠠᠯᠲᠠ ᠪᠠᠨ ᠰᠣᠯᠢᠯᠴᠠᠵᠤ᠂ ᠥᠪᠡᠷ ᠥᠪᠡᠷ ᠤᠨ ᠦᠵᠡᠯᠲᠡ ᠪᠠᠨ ᠬᠤᠪᠢᠶᠠᠯᠴᠠᠨ᠂ ᠰᠢᠷᠭᠠᠭᠤ ᠬᠠᠲᠠᠭᠤᠵᠢᠯᠲᠠᠶ ᠨᠣᠮ ᠤᠩᠰᠢᠬᠤ ᠪᠠᠷ ᠦᠨᠡᠨ ᠶᠣᠰᠣᠨ ᠤ ᠦᠨᠦᠷ ᠠᠮᠲᠠ ᠶᠢ ᠣᠶᠢᠯᠠᠭᠠᠬᠤ ᠶᠢᠨ ᠬᠠᠮᠲᠤ ᠨᠣᠮ ᠪᠢᠴᠢᠭ ᠢᠶᠠᠷ ᠳᠠᠮᠵᠢᠭᠤᠯᠤᠨ ᠳᠤᠮᠳᠠᠳᠤ ᠶᠢᠨ ᠤᠯᠠᠮᠵᠢᠯᠠᠯᠲᠤ ᠰᠣᠶᠣᠯ ᠤᠨ ᠷᠢᠳᠢ ᠰᠢᠳᠢ ᠶᠢ ᠨᠡᠩ ᠭᠦᠨᠵᠡᠭᠡᠶ ᠣᠶᠢᠯᠠᠭᠠᠵᠤ᠂ ᠰᠣᠶᠣᠯ ᠤᠨ ᠢᠲᠡᠭᠡᠯ ᠢᠶᠠᠨ ᠪᠠᠲᠤᠳᠬᠠᠵᠠᠶ᠃    ᠲᠣᠰ ᠤᠳᠠᠭᠠᠨ ᠤ ᠠᠵᠢᠯᠯᠠᠭ᠎ᠠ ᠶᠢ ᠥᠷᠨᠢᠭᠦᠯᠦᠭᠰᠡᠨ ᠨᠢ ᠵᠠᠯᠠᠭᠤᠴᠤᠳ ᠪᠠᠭᠠᠴᠤᠳ ᠤᠨ ᠤᠩᠰᠢᠯᠭ᠎ᠠ ᠶᠢᠨ ᠤᠷᠮ᠎ᠠ ᠪᠠᠬ᠎ᠠ ᠶᠢ ᠬᠥᠭᠵᠢᠭᠡᠵᠦ᠂ ᠲᠡᠳᠡᠨ ᠤ ᠰᠣᠶᠣᠯ ᠪᠣᠯᠪᠠᠰᠤᠷᠠᠯ ᠢ ᠳᠡᠭᠡᠭᠰᠢᠯᠡᠭᠦᠯᠦᠨ᠂ ᠲᠡᠳᠡᠨ ᠤ ᠳᠣᠲᠣᠭᠠᠳᠤ ᠰᠡᠳᠬᠢᠯ ᠢ ᠪᠠᠶᠠᠯᠢᠭᠵᠢᠭᠤᠯᠤᠨ ᠲᠡᠭᠦᠯᠳᠡᠷᠵᠢᠭᠦᠯᠦᠭᠰᠡᠨ ᠪᠥᠭᠡᠳ ᠵᠠᠯᠠᠭᠤᠴᠤᠳ ᠪᠠᠭᠠᠴᠤᠳ ᠢ ᠬᠥᠲᠥᠯᠥᠨ ᠵᠢᠯᠣᠭᠤᠳᠴᠤ ᠪᠠᠶᠢᠭᠠᠳ ︽ᠨᠣᠮ ᠤᠩᠰᠢᠬᠤ ᠳᠤᠷᠠᠲᠠᠶ᠂ ᠰᠠᠶᠢᠨ ᠨᠣᠮ ᠤᠩᠰᠢᠬᠤ ᠳᠤᠷᠠᠲᠠᠶ᠂ ᠨᠣᠮ ᠤᠩᠰᠢᠬᠤ ᠳᠠᠭᠠᠨ ᠴᠢᠳᠠᠮᠠᠭᠠᠶ︾ ᠰᠠᠶᠢᠨ ᠰᠠᠶᠢᠬᠠᠨ ᠵᠠᠩ ᠳᠠᠳᠬᠠᠯ ᠲᠠᠢ ᠪᠣᠯᠭᠠᠬᠤ ᠳᠤ ᠠᠰᠢᠭᠲᠠᠶ ᠶᠤᠮ᠃ ᠳᠠᠷᠠᠭᠠᠴᠢ ᠶᠢᠨ ᠠᠯᠬᠤᠮ ᠳᠤ᠂ ᠰᠢᠶᠠᠩ ᠶᠠᠩ ᠵᠡᠭᠡᠯᠢ ᠭᠤᠳᠤᠮᠵᠢ ᠶᠢᠨ ᠡᠪᠯᠡᠯ ᠤᠨ ᠠᠵᠢᠯᠯᠠᠬᠤ ᠬᠤᠷᠢᠶ᠎ᠠ‌ᠡᠨᠡᠬᠦ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠵᠠᠯᠠᠭᠤᠴᠤᠳ ᠪᠠᠭᠠᠴᠤᠳ ᠤᠨ ᠳᠤᠮᠳᠠ ᠤᠩᠰᠢᠯᠭ᠎ᠠ ᠶᠢᠨ ᠦᠷ᠎ᠡ ᠶᠢ ᠦᠷᠭᠦᠯᠵᠢᠯᠡᠨ ᠰᠠᠴᠤᠨ᠎ᠠ᠃ 
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ