ᠰᠢᠶᠠᠩ ᠶᠠᠩ ᠵᠡᠭᠡᠯᠢ ᠭᠤᠳᠤᠮᠵᠢ ᠶᠢᠨ ᠵᠡᠮᠳᠡᠭᠴᠦᠳ ᠤᠨ ᠬᠤᠯᠪᠣᠭ᠎ᠠ ︽34 ᠳ᠋ᠦᠭᠡᠷ ᠤᠳᠠᠭ᠎ᠠ ᠶᠢᠨ ᠪᠥᠬᠦ ᠤᠯᠤᠰ ᠤᠨ ᠵᠡᠮᠳᠡᠭᠴᠦᠳ ᠢ ᠲᠤᠰᠠᠯᠠᠬᠤ ᠡᠳᠦᠷ ᠢ ᠤᠭᠲᠤᠬᠤ ᠵᠢᠴᠢ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠤᠬᠠᠭᠤᠯᠬᠤ ᠤᠬᠠᠭᠤᠯᠭ᠎ᠠ ᠶᠢᠨ ᠰᠠᠷ᠎ᠠ︾ ᠶᠢᠨ ᠲᠣᠮᠣ ᠬᠡᠯᠪᠡᠷᠢ ᠶᠢᠨ ᠤᠷᠠᠨ ᠰᠠᠶᠢᠬᠠᠨ ᠤ ᠲᠣᠭᠯᠠᠯᠲᠠ ᠳᠤ ᠬᠦᠴᠦᠨ ᠨᠡᠮᠡᠪᠡ
ᠨᠡᠶᠢᠲᠡᠯᠡᠭᠰᠡᠨ ᠴᠠᠭ᠄
2024/5/22
    ᠵᠡᠮᠳᠡᠭᠴᠦᠳ ᠤᠨ ᠦᠢᠯᠡᠰ ᠪᠣᠯ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠢᠯᠡᠰ ᠤᠨ ᠴᠢᠬᠤᠯᠠ ᠪᠦᠷᠢᠯᠳᠦᠬᠦᠨ ᠬᠡᠰᠡᠭ ᠮᠥᠨ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠡᠮᠳᠡᠭᠴᠦᠳ ᠤᠨ ᠪᠠᠲᠤᠯᠠᠭ᠎ᠠ ᠶᠢᠨ ᠬᠠᠤᠯᠢ︾ ᠳᠤ ᠲᠣᠭᠲᠠᠭᠠᠭᠰᠠᠨ ᠨᠢ᠂ ᠵᠢᠯ ᠪᠦᠷᠢ ᠶᠢᠨ 5 ᠰᠠᠷ᠎ᠠ ᠶᠢᠨ ᠭᠤᠷᠪᠠᠳᠤᠭᠠᠷ ᠭᠠᠷᠠᠭ ᠤᠨ ᠡᠳᠦᠷ ᠢ ᠪᠥᠬᠦ ᠤᠯᠤᠰ ᠤᠨ ᠵᠡᠮᠳᠡᠭᠴᠦᠳ ᠢ ᠲᠤᠰᠠᠯᠠᠬᠤ ᠡᠳᠦᠷ ᠪᠣᠯᠭᠠᠨ᠎ᠠ᠂ ᠡᠨᠡ ᠪᠣᠯ ᠳᠤᠮᠳᠠᠳᠤ ᠤᠯᠤᠰ ᠤᠨ ᠵᠡᠮᠳᠡᠭᠴᠦᠳ ᠲᠤ ᠵᠣᠷᠢᠭᠤᠯᠤᠨ ᠪᠠᠶᠢᠭᠤᠯᠤᠭᠰᠠᠨ ᠠᠩᠬᠠᠳᠠᠭᠴᠢ ᠪᠠᠶᠠᠷ ᠤᠨ ᠡᠳᠦᠷ ᠪᠣᠯᠤᠨ᠎ᠠ᠃ ᠡᠨᠡᠬᠦ ᠪᠠᠶᠠᠷ ᠤᠨ ᠡᠳᠦᠷ ᠲᠤ ᠨᠠᠮ ᠪᠣᠯᠤᠨ ᠤᠯᠤᠰ ᠠᠴᠠ ᠵᠡᠮᠳᠡᠭᠴᠦᠳ ᠢ ᠣᠨᠴᠠᠭᠠᠢ ᠬᠠᠯᠠᠮᠵᠢᠯᠠᠵᠤ ᠪᠠᠶᠢᠬᠤ ᠪᠠ ᠵᠡᠮᠳᠡᠭᠴᠦᠳ ᠤᠨ ᠦᠢᠯᠡᠰ ᠢ ᠶᠡᠬᠡᠪᠡᠷ ᠳᠡᠮᠵᠢᠬᠦ ᠶᠢ ᠨᠢᠭᠲᠠᠷᠠᠭᠤᠯᠵᠤ᠂ ᠨᠡᠶᠢᠭᠡᠮ ᠤᠨ ᠬᠥᠭᠵᠢᠯᠲᠡ ᠶᠢ ᠲᠠᠶᠢᠴᠢᠯᠠᠵᠦ᠂ ᠪᠣᠯᠪᠠᠰᠤᠨ ᠲᠠᠪᠰᠢᠯᠳᠠ ᠶᠢ ᠠᠬᠢᠭᠤᠯᠬᠤ ᠶᠠᠪᠤᠴᠠ ᠳᠤ ᠴᠢᠬᠤᠯᠠ ᠦᠢᠯᠡᠳᠦᠯ ᠦᠵᠡᠭᠦᠯᠵᠡᠢ᠃    5 ᠰᠠᠷ᠎ᠠ ᠶᠢᠨ 17 ᠤ ᠦᠳᠡ ᠶᠢᠨ ᠬᠤᠶᠢᠨ᠎ᠠ᠂ ᠰᠢᠶᠠᠩ ᠶᠠᠩ ᠵᠡᠭᠡᠯᠢ ᠶᠢᠨ ᠬᠠᠷᠢᠶ᠎ᠠ ᠲᠣᠭᠤᠷᠢᠭ ᠤᠨ ᠰᠡᠬᠡᠭᠡᠲᠡᠨ ᠵᠠᠯᠠᠭᠤᠴᠤᠳ ᠤᠨ ᠠᠭᠤᠳᠠᠮ ᠲᠠᠯᠠᠪᠠᠢ ᠳᠤ ᠪᠠᠶᠠᠷ ᠬᠦᠷ ᠲᠠᠢ ᠠᠭᠤᠷ ᠠᠮᠢᠰᠬᠤᠯ ᠢᠯᠡᠷᠡᠪᠡ᠃ 34 ᠳ᠋ᠦᠭᠡᠷ ᠪᠦᠬᠦ ᠤᠯᠤᠰ ᠤᠨ ᠵᠡᠮᠳᠡᠭᠴᠦᠳ ᠢ ᠲᠤᠰᠠᠯᠠᠬᠤ ᠡᠳᠦᠷ ᠤᠨ ᠬᠦᠷᠴᠦ ᠢᠷᠡᠬᠦ ᠶᠢ ᠤᠭᠲᠤᠬᠤ ᠶᠢᠨ ᠲᠥᠯᠥᠭᠡ᠂ ᠵᠠᠯᠠᠨ ᠠᠶᠢᠯ ᠬᠤᠳᠠ ᠶᠢᠨ ᠵᠡᠮᠳᠡᠭᠴᠦᠳ ᠤᠨ ᠬᠤᠯᠪᠣᠭᠠᠲᠤ ᠬᠤᠷᠠᠯ ᠠᠴᠠ ᠭᠤᠣᠯᠯᠠᠨ ᠡᠷᠬᠢᠯᠡᠵᠦ᠂ ᠵᠠᠯᠠᠨ ᠠᠶᠢᠯ ᠬᠤᠳᠠ ᠶᠢᠨ ᠵᠡᠮᠳᠡᠭᠴᠦᠳ ᠤᠨ ᠤᠷᠠᠯᠢᠭ ᠤᠨ ᠪᠦᠯᠬᠦᠮ ᠳᠠᠭᠠᠭᠠᠴᠢᠯᠠᠨ ᠡᠷᠬᠢᠯᠡᠵᠦ᠂ ᠵᠠᠯᠠᠨ ᠠᠶᠢᠯ ᠬᠤᠳᠠ ᠶᠢᠨ ᠰᠢᠶᠠᠩ ᠶᠠᠩ ᠵᠡᠭᠡᠯᠢ ᠭᠤᠳᠤᠮᠵᠢ ᠶᠢᠨ ᠨᠠᠮ ᠤᠯᠠᠨ ᠲᠦᠮᠡᠨ ᠤ ᠦᠢᠯᠡᠴᠢᠯᠡᠭᠡᠨ ᠤ ᠲᠥᠪ᠂ ᠵᠠᠯᠠᠨ ᠠᠶᠢᠯ ᠬᠤᠳᠠ ᠶᠢᠨ ᠤᠯᠠᠭᠠᠨᠮᠥ᠋ᠴᠢᠷ᠂ ᠵᠠᠯᠠᠨ ᠠᠶᠢᠯ ᠬᠤᠳᠠ ᠶᠢᠨ ᠤᠯᠠᠨ ᠲᠦᠮᠡᠨ ᠤ ᠤᠷᠠᠯᠢᠭ ᠤᠨ ᠪᠦᠯᠬᠦᠮ ᠤᠨ ᠬᠠᠮᠵᠢᠯᠴᠠᠨ ᠡᠷᠬᠢᠯᠡᠭᠰᠡᠨ ︽34 ᠳ᠋ᠦᠭᠡᠷ ᠤᠳᠠᠭ᠎ᠠ ᠶᠢᠨ ᠪᠥᠬᠦ ᠤᠯᠤᠰ ᠤᠨ ᠵᠡᠮᠳᠡᠭᠴᠦᠳ ᠢ ᠲᠤᠰᠠᠯᠠᠬᠤ ᠡᠳᠦᠷ ᠢ ᠤᠭᠲᠤᠬᠤ ᠵᠢᠴᠢ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠤᠬᠠᠭᠤᠯᠬᠤ ᠤᠬᠠᠭᠤᠯᠭ᠎ᠠ ᠶᠢᠨ ᠰᠠᠷ᠎ᠠ︾ ᠶᠢᠨ ᠲᠤᠮᠤ ᠬᠡᠯᠪᠡᠷᠢ ᠶᠢᠨ ᠤᠷᠠᠨ ᠰᠠᠶᠢᠬᠠᠨ ᠤ ᠲᠣᠭᠯᠠᠯᠲᠠ ᠶᠢᠨ ᠠᠵᠢᠯᠯᠠᠭ᠎ᠠ ᠠᠳᠡ ᠭᠤᠶᠢᠳᠠ ᠰᠠᠶᠢᠬᠠᠨ ᠬᠥᠰᠢᠭᠡ ᠪᠠᠨ ᠰᠡᠬᠦᠪᠡ᠃ ᠰᠢᠶᠠᠩ ᠶᠠᠩ ᠵᠡᠭᠡᠯᠢ ᠭᠤᠳᠤᠮᠵᠢ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠤᠨ ᠰᠣᠶᠣᠯ ᠤᠷᠠᠯᠢᠭ ᠤᠨ ᠰᠠᠶᠢᠨ ᠳᠤᠷ᠎ᠠ ᠶᠢᠨ ᠦᠢᠯᠡᠴᠢᠯᠡᠭᠴᠢ ᠶᠢᠨ ᠦᠢᠯᠡᠴᠢᠯᠡᠭᠡᠨ ᠤ ᠠᠩᠬᠢ ᠶᠢᠨ ᠰᠠᠶᠢᠨ ᠳᠤᠷ᠎ᠠ ᠶᠢᠨ ᠠᠵᠢᠯᠯᠠᠭᠴᠢ ᠵᠢᠶᠠᠩ ᠰᠢᠦᠦᠠᠢ ᠰᠦᠩ᠂ ᠵᠢᠶᠠᠩ ᠶᠠᠨ ᠲᠤᠰ ᠤᠳᠠᠭ᠎ᠠ ᠶᠢᠨ ᠲᠣᠭᠯᠠᠯᠲᠠ ᠳᠤ ᠣᠷᠣᠯᠴᠠᠪᠠ᠃    ᠲᠣᠭᠯᠠᠯᠲᠠ ᠳᠤ᠂ ᠡᠬᠢᠯᠡᠯᠲᠡ ᠶᠢᠨ ᠪᠥᠵᠢᠭ ︽ᠨᠡᠷᠡᠨ ᠭᠡᠷᠡᠯᠲᠦ ᠵᠠᠮ︾᠂ ᠡᠷᠡᠭᠲᠡᠢ ᠡᠮᠡᠭᠲᠡᠢ ᠰᠤᠷᠤᠭᠴᠢ ᠶᠢᠨ ᠬᠤᠣᠰᠯᠠᠯ ᠳᠠᠭᠤᠤ ︽ᠰᠢᠨ᠎ᠡ ᠲᠩᠷᠢ ᠰᠢᠨ᠎ᠡ ᠭᠠᠵᠠᠷ ᠰᠢᠨ᠎ᠡ ᠴᠠᠭ ᠦᠶ᠎ᠡ︾᠂ ᠬᠤᠯᠤᠰ ᠭᠤᠴᠣᠯᠠᠯ ᠬᠥᠭᠵᠢᠮ ︽ᠠᠸᠠ ᠶᠢᠨ ᠠᠷᠠᠳ ᠲᠦᠮᠡᠨ ᠰᠢᠨ᠎ᠡ ᠳᠠᠭᠤᠤ ᠳᠠᠭᠤᠯᠠᠶ᠎ᠠ︾᠂ ᠲᠤᠬᠢᠶᠠᠨ ᠤ ᠬᠡᠯᠡᠨ ᠤ ᠲᠣᠭᠯᠠᠯᠲᠠ ︽ᠦᠵᠡᠰᠬᠦᠯᠡᠩᠲᠦ ᠰᠠᠶᠢᠬᠠᠨ ᠳᠤᠮᠳᠠᠳᠤ ᠤᠯᠤᠰ︾᠂ ᠰᠢᠯᠦᠭ ᠤᠶᠠᠩᠭ᠎ᠠ ︽ᠬᠦᠰᠡᠯ ᠵᠡᠭᠦᠳᠦ ᠪᠠᠨ ᠲᠡᠷᠭᠡᠯᠰᠢᠭᠦᠯᠦᠶ᠎ᠡ︾᠂ ᠳᠠᠭᠤᠤ ︽ᠠᠭᠤᠤ ᠶᠡᠭᠡ ᠡᠬᠡ ᠤᠯᠤᠰ ᠤᠨ ᠠᠭᠤᠤ ᠶᠡᠭᠡ ᠨᠠᠮ︾᠂ ᠨᠠᠶᠢᠷᠠᠯ ᠳᠠᠭᠤᠤ ︽ᠳᠡᠯᠡᠬᠡᠢ ᠳ᠋ᠠᠬᠢᠨ ᠢ ᠬᠠᠶᠢᠷ᠎ᠠ ᠪᠠᠷ ᠪᠢᠯᠬᠠᠭᠤᠯᠤᠶ᠎ᠠ︾ ᠵᠡᠷᠭᠡ ᠤᠷᠠᠨ ᠰᠠᠶᠢᠬᠠᠨ ᠤ ᠲᠣᠭᠯᠠᠯᠲᠠ ᠭᠤᠴᠣ ᠰᠠᠶᠢᠬᠠᠨ ᠪᠣᠯᠪᠠ᠃ ᠰᠢᠶᠠᠩ ᠶᠠᠩ ᠵᠡᠭᠡᠯᠢ ᠭᠤᠳᠤᠮᠵᠢ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠤᠨ ᠰᠣᠶᠣᠯ ᠤᠷᠠᠯᠢᠭ ᠤᠨ ᠰᠠᠶᠢᠨ ᠳᠤᠷ᠎ᠠ ᠶᠢᠨ ᠦᠢᠯᠡᠴᠢᠯᠡᠭᠴᠢ ᠶᠢᠨ ᠦᠢᠯᠡᠴᠢᠯᠡᠭᠡᠨ ᠤ ᠠᠩᠬᠢ ᠶᠢᠨ ᠰᠠᠶᠢᠨ ᠳᠤᠷ᠎ᠠ ᠶᠢᠨ ᠠᠵᠢᠯᠯᠠᠭᠴᠢ ᠵᠢᠶᠠᠩ ᠰᠢᠦᠦᠠᠢ ᠰᠦᠩ᠂ ᠵᠢᠶᠠᠩ ᠶᠠᠨ ᠤ ᠳᠠᠭᠤᠯᠠᠯ ︽ᠲᠥᠷᠬᠦᠮ ᠳᠡᠭᠡᠨ ᠬᠠᠷᠢᠭᠰᠠᠨ︾ ᠨᠢ ᠲᠤᠬᠠᠢ ᠶᠢᠨ ᠲᠠᠯᠠᠪᠠᠢ ᠳᠤ ᠪᠠᠶᠢᠭᠰᠠᠨ ᠦᠵᠡᠭᠴᠢᠳ ᠤᠨ ᠰᠡᠳᠬᠢᠯ ᠢ ᠶᠡᠬᠡᠳᠡ ᠢᠨᠢᠶᠡᠯᠭᠡᠵᠦ᠂ ᠣᠳᠣᠢ ᠡᠪᠡᠳᠴᠢᠨ ᠲᠠᠢ ᠡᠷ᠎ᠡ ᠡᠮ᠎ᠡ ᠬᠤᠶᠠᠭᠤᠯᠠ ᠶᠢᠨ ᠪᠡᠶ᠎ᠡ ᠵᠡᠮᠳᠡᠭ ᠰᠥᠰᠥ ᠵᠣᠷᠢᠭ ᠲᠠᠢ᠂ ᠪᠠᠶᠠᠰᠤᠩᠭᠤᠢ ᠥᠭᠡᠳᠡᠷᠬᠡᠭ ᠤᠶᠤᠨ ᠰᠠᠨᠠᠭᠠᠨ ᠤ ᠳᠦᠷᠰᠦ ᠪᠠᠶᠢᠳᠠᠯ ᠳᠤ ᠰᠡᠳᠬᠢᠯ ᠳᠣᠭᠳᠣᠯᠵᠤ᠂ ᠲᠡᠳᠡᠨ ᠤ ᠲᠣᠭᠯᠠᠯᠲᠠ ᠨᠢᠵᠢᠭᠢᠨᠡᠲᠡᠯ᠎ᠡ ᠠᠯᠠᠭ᠎ᠠ ᠲᠠᠰᠢᠪᠠ᠃    ᠲᠤᠰ ᠤᠳᠠᠭᠠᠨ ᠤ ᠪᠦᠬᠦ ᠤᠯᠤᠰ ᠤᠨ ᠵᠡᠮᠳᠡᠭᠴᠦᠳ ᠢ ᠲᠤᠰᠠᠯᠠᠬᠤ ᠡᠳᠦᠷ ᠤᠨ ᠲᠣᠮᠣ ᠬᠡᠯᠪᠡᠷᠢ ᠶᠢᠨ ᠤᠷᠠᠨ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠵᠡᠮᠳᠡᠭᠴᠦᠳ ᠤᠨ ᠬᠠᠤᠯᠢ ᠶᠣᠰᠣᠨ ᠤ ᠡᠷᠬᠡ ᠠᠰᠢᠭ ᠢ ᠨᠡᠩ ᠰᠠᠶᠢᠨ ᠬᠠᠮᠠᠭᠠᠯᠠᠵᠤ᠂ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠶ ᠪᠣᠯᠭᠠᠵᠤ᠂ ᠵᠡᠮᠳᠡᠭᠴᠦᠳ ᠤᠨ ᠥᠪᠡᠷ ᠢ ᠪᠠᠨ ᠬᠦᠨᠳᠦᠳᠬᠡᠬᠦ᠂ ᠥᠪᠡᠷ ᠢ ᠪᠠᠨ ᠬᠠᠶᠢᠷᠠᠯᠠᠬᠤ᠂ ᠥᠪᠡᠷ ᠢ ᠪᠠᠨ ᠬᠦᠴᠦᠷᠬᠡᠭᠵᠢᠭᠦᠯᠬᠦ᠂ ᠪᠡᠶ᠎ᠡ ᠪᠠᠨ ᠳᠠᠭᠠᠭᠠᠬᠤ ᠢᠲᠡᠭᠡᠯ ᠵᠣᠷᠢᠭ ᠢ ᠤᠯᠠᠮ ᠨᠢᠭᠡ ᠠᠯᠬᠤᠮ ᠨᠡᠮᠡᠭᠳᠡᠭᠦᠯᠵᠦ᠂ ᠬᠥᠮᠦᠨ ᠪᠦᠬᠦᠨ ᠪᠠᠭᠤᠷᠠᠶᠢᠴᠤᠤᠯ ᠢ ᠬᠠᠯᠠᠮᠵᠢᠯᠠᠨ ᠬᠠᠶᠢᠷᠠᠯᠠᠬᠤ᠂ ᠬᠥᠮᠦᠨ ᠪᠦᠬᠦᠨ ᠬᠠᠯᠠᠭᠤᠨ ᠢᠶᠠᠷ ᠵᠡᠮᠳᠡᠭᠴᠦᠳ ᠢ ᠲᠡᠳᠬᠦᠵᠦ ᠵᠡᠮᠳᠡᠭᠴᠦᠳ ᠢ ᠲᠤᠰᠠᠯᠠᠬᠤ ᠨᠡᠶᠢᠭᠡᠮ ᠤᠨ ᠰᠢᠨ᠎ᠡ ᠬᠡᠪ ᠰᠤᠷᠲᠠᠯ ᠢ ᠪᠤᠢ ᠪᠣᠯᠭᠠᠵᠤ᠂ ᠬᠠᠯᠠᠮᠵᠢᠯᠠᠨ ᠬᠠᠶᠢᠷᠠᠯᠠᠬᠤ ᠨᠡᠷᠡᠨ ᠤ ᠭᠡᠷᠡᠯ ᠢᠶᠠᠷ ᠵᠡᠮᠳᠡᠭᠴᠦᠳ ᠨᠢᠭᠡᠪᠦᠷᠢ ᠶᠢᠨ ᠤᠶᠤᠨ ᠰᠠᠨᠠᠭ᠎ᠠ ᠶᠢ ᠭᠡᠷᠡᠯᠳᠦᠭᠦᠯᠵᠦ᠂ ᠨᠡᠩ ᠤᠯᠠᠨ ᠨᠠᠶᠢᠵᠡ ᠨᠠᠷ ᠢ ᠵᠡᠮᠳᠡᠭᠴᠦᠳ ᠢ ᠬᠠᠯᠠᠮᠵᠢᠯᠠᠨ ᠬᠠᠶᠢᠷᠠᠯᠠᠬᠤ᠂ ᠬᠠᠶᠢᠷ᠎ᠠ ᠬᠠᠯᠠᠮᠵᠢ ᠪᠠᠨ ᠡᠷᠭᠦᠬᠦ ᠦᠢᠯᠡᠴᠢᠯᠡᠭᠡᠨ ᠤ ᠡᠩᠨᠡᠭᠡ ᠳᠤ ᠣᠷᠣᠯᠴᠠᠭᠤᠯᠵᠤ᠂ ᠵᠡᠮᠳᠡᠭᠴᠦᠳ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠲᠡᠢ ᠠᠬᠢᠭᠤᠯᠬᠤ ᠬᠡᠷᠡᠭᠲᠡᠢ᠃  
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ