ᠰᠢᠶᠠᠩ ᠶᠠᠩ ᠵᠡᠭᠡᠯᠢ ᠭᠤᠳᠤᠮᠵᠢ ᠶᠢᠨ ᠬᠢᠨ ᠢᠳᠡᠭᠡᠨ ᠤ ᠠᠮᠤᠷ ᠲᠦᠪᠰᠢᠨ ᠤ ︽ᠬᠤᠶᠠᠷ ᠬᠠᠷᠢᠭᠤᠴᠠᠯᠭ᠎ᠠ︾ ᠶᠢᠨ ᠲᠤᠰᠬᠠᠶ ᠰᠡᠳᠦᠪᠲᠦ ᠪᠣᠯᠪᠠᠰᠤᠷᠠᠭᠤᠯᠤᠯ ᠤᠨ ᠬᠤᠷᠠᠯ ᠬᠢᠪᠠ
ᠨᠡᠶᠢᠲᠡᠯᠡᠭᠰᠡᠨ ᠴᠠᠭ᠄
2024/5/22
    ᠳᠠᠭᠠᠳᠬᠠᠯ ᠢ ᠳᠠᠭᠠᠭᠠᠴᠢᠯᠠᠬᠤ ᠺᠠᠳ᠋ᠷᠴᠤᠳ ᠤᠨ ᠠᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ ᠭᠠᠵᠠᠷ ᠪᠠᠭᠤᠯᠭᠠᠬᠤ ᠶᠢ ᠥᠨᠳᠥᠷ ᠪᠠᠷᠢᠮᠵᠢᠶ᠎ᠠ ᠪᠠᠷ ᠲᠦᠯᠬᠢᠨ ᠠᠬᠢᠭᠤᠯᠤᠨ᠎ᠠ᠃ 5 ᠰᠠᠷ᠎ᠠ ᠶᠢᠨ 16 ᠤ ᠡᠳᠦᠷ ᠤᠨ ᠦᠳᠡ ᠶᠢᠨ ᠡᠮᠦᠨ᠎ᠡ᠂ ᠰᠢᠶᠠᠩ ᠶᠠᠩ ᠵᠡᠭᠡᠯᠢ ᠭᠤᠳᠤᠮᠵᠢ ᠶᠢᠨ ᠬᠢᠨ ᠢᠳᠡᠭᠡᠨ ᠤ ᠠᠮᠤᠷ ᠲᠦᠪᠰᠢᠨ ᠤ ︽ᠬᠤᠶᠠᠷ ᠬᠠᠷᠢᠭᠤᠴᠠᠯᠭ᠎ᠠ︾ ᠶᠢᠨ ᠲᠤᠰᠬᠠᠶ ᠰᠡᠳᠦᠪᠲᠦ ᠪᠣᠯᠪᠠᠰᠤᠷᠠᠭᠤᠯᠤᠯ ᠤᠨ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃ ᠰᠢᠶᠠᠩ ᠶᠠᠩ ᠵᠡᠭᠡᠯᠢ ᠭᠤᠳᠤᠮᠵᠢ ᠶᠢᠨ ᠪᠠᠶᠢᠭᠤᠯᠤᠯᠭ᠎ᠠ ᠶᠢᠨ ᠺᠠᠳ᠋ᠷ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠳᠠᠭᠠᠳᠬᠠᠯ ᠢ ᠳᠠᠭᠠᠭᠠᠴᠢᠯᠠᠬᠤ ᠺᠠᠳ᠋ᠷ ᠲᠤᠰ ᠤᠳᠠᠭ᠎ᠠ ᠶᠢᠨ ᠬᠤᠷᠠᠯ ᠳᠤ ᠣᠷᠣᠯᠴᠠᠪᠠ᠃    ᠲᠣᠰ ᠤᠳᠠᠭᠠᠨ ᠤ ᠪᠣᠯᠪᠠᠰᠤᠷᠠᠭᠤᠯᠤᠯ ᠤᠨ ᠬᠤᠷᠠᠯ ᠳᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠢᠳᠡᠭᠡᠨ ᠤ ᠵᠦᠢᠯ ᠡᠮ ᠤᠨ  ᠵᠦᠢᠯ ᠢ ᠶᠡᠷᠦᠩᠬᠡᠶᠢᠯᠡᠨ ᠵᠣᠬᠢᠴᠠᠭᠤᠯᠬᠤ ᠠᠯᠪᠠᠨ ᠬᠡᠷ ᠤᠨ ᠠᠵᠢᠯᠲᠠᠨ ᠢ ᠤᠷᠢᠵᠤ ᠢᠳᠡᠭᠡᠨ ᠤ  ᠵᠦᠢᠯ ᠤᠨ ᠠᠮᠤᠷ ᠲᠦᠪᠰᠢᠨ ᠤ ᠬᠤᠶᠠᠷ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠠᠵᠢᠯ ᠤᠨ ᠡᠭᠦᠷᠭᠡ ᠶᠢᠨ ᠨᠠᠷᠢᠨ ᠲᠠᠩᠰᠠ ᠲᠠᠢ ᠬᠠᠷᠢᠴᠠᠭᠤᠯᠤᠨ ᠵᠤᠷᠪᠤᠰ ᠳᠠᠷᠠᠭᠠᠯᠠᠨ ᠡᠮᠬᠢᠯᠡᠬᠦ ᠪᠠ ᠲᠠᠶᠢᠯᠤᠮᠵᠢ ᠬᠢᠵᠦ᠂ ᠳᠠᠭᠠᠳᠬᠠᠯ ᠢ ᠳᠠᠭᠠᠭᠠᠴᠢᠯᠠᠭᠰᠠᠨ ᠺᠠᠳ᠋ᠷᠴᠤᠳ ᠲᠤ ᠲᠤᠬᠠᠶ ᠶᠢᠨ ᠲᠠᠯᠠᠪᠤᠷ ᠲᠤ ᠬᠢᠨᠠᠨ ᠵᠢᠯᠣᠭᠤᠳᠬᠤ ᠳᠤ ᠶᠠᠭᠤ ᠬᠢᠬᠦ᠂ ᠶᠠᠭᠠᠬᠢᠵᠤ ᠬᠢᠪᠡᠯ ᠰᠠᠶ᠋ᠢ ᠵᠢᠷᠤᠮᠵᠢᠭᠤᠯᠬᠤ ᠶᠢ ᠲᠣᠳᠣᠷᠬᠠᠶ ᠪᠣᠯᠭᠠᠵᠤ᠂ ᠳᠠᠭᠠᠳᠬᠠᠯ ᠢ ᠳᠠᠭᠠᠭᠠᠴᠢᠯᠠᠭᠰᠠᠨ ᠰᠡᠳᠬᠢᠮᠵᠢ ᠶᠢ ᠤᠯᠠᠮ ᠨᠢᠭᠡ ᠠᠯᠬᠤᠮ ᠲᠣᠳᠣᠷᠬᠠᠶ ᠪᠣᠯᠭᠠᠵᠤ᠂ ᠳᠠᠭᠠᠳᠬᠠᠯ ᠢ ᠳᠠᠭᠠᠭᠠᠴᠢᠯᠠᠭᠰᠠᠨ ᠠᠭᠤᠯᠤᠭᠳᠠᠬᠤᠨ ᠢ ᠤᠶᠢᠯᠠᠭᠠᠨ᠂ ᠳᠠᠭᠠᠳᠬᠠᠯ ᠢ ᠳᠠᠭᠠᠭᠠᠴᠢᠯᠠᠭᠰᠠᠨ ᠠᠷᠭ᠎ᠠ ᠶᠢ ᠡᠵᠡᠮᠰᠢᠨ᠂ ᠳᠠᠭᠠᠳᠬᠠᠯ ᠢ ᠳᠠᠭᠠᠭᠠᠴᠢᠯᠠᠭᠰᠠᠨ ᠺᠠᠳ᠋ᠷᠴᠤᠳ ᠤᠨ ᠲᠤᠬᠠᠶ ᠶᠢᠨ ᠭᠠᠵᠠᠷ ᠲᠤᠨᠢ ᠬᠢᠨᠠᠨ ᠵᠢᠯᠣᠭᠤᠳᠬᠤ ᠳᠠᠭᠠᠨ ᠭᠤᠤᠯᠳᠠᠯᠭ᠎ᠠ ᠶᠢ ᠠᠳᠬᠤᠵᠤ᠂ ᠠᠰᠠᠭᠤᠳᠠᠯ ᠢ ᠣᠨᠣᠪᠴᠢᠲᠠᠶ ᠢᠯᠡᠷᠡᠭᠦᠯᠬᠦ ᠶᠢ ᠵᠢᠭᠠᠨ ᠵᠢᠯᠣᠭᠤᠳᠤᠨ᠎ᠠ᠃    ᠬᠤᠷᠠᠯ ᠠᠴᠠ᠂ ᠳᠠᠭᠠᠳᠬᠠᠯ ᠢ ᠳᠠᠭᠠᠭᠠᠴᠢᠯᠠᠭᠰᠠᠨ ᠪᠦᠬᠦ ᠺᠠᠳ᠋ᠷ ᠢᠳᠡᠭᠡᠨ ᠤ ᠠᠮᠤᠷ ᠲᠦᠪᠰᠢᠨ ᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠳᠠᠭᠠᠳᠬᠠᠯ ᠢ ᠳᠠᠭᠠᠭᠠᠴᠢᠯᠠᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠳᠦᠷ ᠲᠤᠳᠤᠮ ᠤᠨ ᠬᠢᠨᠠᠯᠲᠠ ᠪᠠᠶᠢᠴᠠᠭᠠᠯᠲᠠ ᠪᠠᠨ ᠴᠢᠩᠭᠠᠳᠬᠠᠵᠤ᠂ ᠢᠳᠡᠭᠡᠨ ᠤ ᠠᠮᠤᠷ ᠲᠦᠪᠰᠢᠨ ᠤ ᠠᠵᠢᠯ ᠢ ᠴᠢᠩᠭ᠎ᠠ ᠠᠳᠬᠤᠨ ᠪᠣᠳᠠᠲᠠᠢ ᠨᠠᠷᠢᠯᠢᠭ ᠠᠳᠬᠤᠵᠤ᠂ ᠢᠳᠡᠭᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠭᠡᠮ ᠰᠣᠭᠤᠭ ᠢ ᠪᠦᠬᠦ ᠲᠠᠯ᠎ᠠ ᠪᠠᠷ ᠠᠷᠢᠯᠭᠠᠵᠤ᠂ ᠢᠳᠡᠭᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠪᠠᠶᠢᠭᠤᠯᠬᠤ ᠬᠡᠷᠡᠭᠲᠡᠢ᠃ 
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ