ᠬᠤᠲᠠ ᠶᠢᠨ ᠰᠣᠶᠣᠯ ᠪᠡᠶ᠎ᠡ ᠶᠢᠨ ᠲᠠᠮᠢᠷ ᠤᠨ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ︽5 · 19 ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾ ᠤᠨ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2024/5/24
    2024 ᠣᠨ ᠤ 5 ᠰᠠᠷ᠎ᠠ ᠶᠢᠨ 19 ᠤ ᠡᠳᠦᠷ ᠪᠣᠯ ᠠᠷᠪᠠᠨ ᠳᠥᠷᠪᠡᠳᠡᠬᠢ ︽ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾ ᠪᠣᠯᠤᠨ᠎ᠠ᠂ ᠡᠨᠡ ᠬᠦ ᠣᠨᠴᠠᠭᠠᠶ ᠡᠳᠦᠷ ᠢ ᠪᠡᠯᠭᠡᠯᠡᠬᠦ ᠶᠢᠨ ᠲᠥᠯᠥᠭᠡ᠂ 5 ᠰᠠᠷ᠎ᠠ ᠶᠢᠨ 19 ᠤ ᠡᠳᠦᠷ ᠤᠨ ᠦᠳᠡ ᠶᠢᠨ ᠡᠮᠦᠨ᠎ᠡ᠂ ᠵᠠᠯᠠᠨ ᠠᠶᠢᠯ ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠪᠥᠬᠦ ᠬᠤᠲᠠ ᠶᠢᠨ ᠰᠣᠶᠣᠯ ᠵᠢᠭᠤᠯᠴᠢᠯᠠᠯ ᠤᠨ ᠠᠵᠢᠯ ᠲᠥᠷᠥᠯ ᠢ ᠢᠳᠡᠪᠬᠢᠲᠡᠶ ᠵᠣᠬᠢᠶᠠᠨ ᠪᠠᠶᠢᠭᠤᠯᠵᠤ ︽5 · 19 ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾ ᠤᠨ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠮᠢᠩᠭ᠎ᠠ ᠭᠠᠷᠤᠶ ᠬᠤᠲᠠ ᠶᠢᠨ ᠠᠷᠠᠳ ᠪᠠ ᠵᠤᠭᠠᠴᠠᠭᠰᠠᠳ ᠤᠨ ᠠᠩᠬᠠᠷᠤᠯ ᠢ ᠲᠠᠲᠠᠵᠠᠶ᠃    ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠡᠯᠭᠦᠭᠡ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠮᠠᠲᠧᠷᠢᠶᠠᠯ ᠲᠠᠷᠬᠠᠭᠠᠬᠤ᠂ ᠰᠣᠶᠣᠯ ᠤᠨ ᠡᠭᠦᠳᠦᠯᠲᠡ ᠶᠢᠨ ᠳᠤᠷᠠᠰᠬᠠᠯ ᠤᠨ ᠪᠣᠳᠠᠰ ᠲᠠᠷᠬᠠᠭᠠᠬᠤ ᠵᠡᠷᠭᠡ ᠠᠷᠭ᠎ᠠ ᠬᠡᠯᠪᠡᠷᠢ ᠪᠠᠷ ᠰᠣᠶᠣᠯ ᠵᠤᠭᠠᠴᠠᠯ ᠤᠨ ᠡᠬᠢ ᠪᠠᠶᠠᠯᠢᠭ᠂ ᠦᠢᠯᠡᠳᠬᠦᠨ᠂ ᠲᠦᠷᠦᠯ ᠵᠦᠢᠯ᠂ ᠵᠠᠮ ᠱᠤᠭᠤᠮ ᠵᠡᠷᠭᠡ ᠶᠢ ᠳᠡᠯᠭᠡᠷᠡᠭᠦᠯᠬᠦ ᠠᠵᠢᠯᠯᠠᠭ᠎ᠠ ᠥᠷᠨᠢᠭᠦᠯᠵᠦ᠂ ᠨᠠᠰᠢ ᠴᠠᠰᠢ ᠥᠩᠭᠡᠷᠡᠬᠦ ᠤᠯᠠᠨ ᠲᠦᠮᠡᠨ ᠤ ᠠᠩᠬᠠᠷᠤᠯ ᠢ ᠲᠠᠲᠠᠵᠠᠢ᠃ ᠪᠥᠬᠦ ᠬᠤᠲᠠ ᠶᠢᠨ A ᠲᠠᠰ ᠤᠨ ᠦᠵᠡᠮᠵᠢ ᠶᠢᠨ ᠣᠷᠣᠨ᠂ ᠣᠳᠣᠨ ᠲᠠᠰ ᠤᠨ ᠪᠠᠭᠤᠳᠠᠯ ᠪᠠ ᠵᠢᠭᠤᠯᠴᠢᠯᠠᠯ ‍ᠤᠨ‌ᠦᠢᠯᠡᠴᠢᠯᠡᠭᠡᠨ ᠤ ᠭᠠᠵᠠᠷ ᠥᠷᠭᠡᠨ ᠣᠯᠠᠨ ᠵᠤᠭᠠᠴᠠᠭᠰᠠᠳ ᠪᠠ ᠬᠤᠲᠠ ᠶᠢᠨ ᠠᠷᠠᠳ ᠨᠠᠶᠢᠵᠠ ᠨᠠᠷ ᠲᠤ ᠵᠢᠭᠤᠯᠴᠢᠯᠠᠯ ᠤᠨ ᠰᠦᠢᠳᠭᠡᠯ ᠬᠤᠷᠢᠶᠠᠬᠤ ᠥᠬᠡᠶ ᠪᠠᠷ ᠠᠰᠠᠭᠤᠨ ᠯᠠᠪᠯᠠᠬᠤ ᠦᠢᠯᠡᠴᠢᠯᠡᠭᠡ ᠬᠠᠩᠭᠠᠵᠤ᠂ ᠶᠢᠨ ᠯᠦᠩ ᠱᠠᠨ ᠤ ᠴᠠᠰᠤᠨ ᠳᠤ ᠭᠤᠯᠭᠤᠬᠤ ᠠᠮᠠᠷᠠᠯᠲᠠ ᠶᠢᠨ ᠵᠢᠭᠤᠯᠴᠢᠯᠠᠯ ᠤᠨ ᠣᠷᠣᠨ᠂ ᠰᠢᠨ ᠭᠠᠩ ᠶᠡᠭᠡ ᠪᠠᠭᠤᠳᠠᠯ᠂ ᠲᠦᠮᠡᠨ ᠵᠢᠭᠤᠯᠴᠢᠯᠠᠯ ᠤᠨ ᠵᠢᠭᠤᠯᠴᠢᠯᠠᠯ ᠤᠨ ᠭᠠᠵᠠᠷ ᠵᠡᠷᠭᠡ ᠵᠢᠭᠤᠯᠴᠢᠯᠠᠯ ᠤᠨ ᠠᠵᠤ ᠠᠬᠤᠶᠢᠯᠠᠯ ᠤᠳ ᠲᠤᠬᠠᠶ ᠶᠢᠨ ᠲᠠᠯᠠᠪᠤᠷ ᠲᠤ 450 ᠭᠠᠷᠤᠶ ᠵᠣᠭᠤᠰ ᠣᠷᠣᠯᠠᠬᠤ ᠲᠡᠮᠳᠡᠭᠲᠦ ᠲᠠᠷᠬᠠᠭᠠᠵᠤ᠂ ᠨᠡᠶᠢᠲᠡ 3 ᠲᠦᠮᠡ ᠭᠠᠷᠤᠶ ᠲᠥᠭᠦᠷᠢᠭ ᠲᠠᠷᠬᠠᠭᠠᠵᠤ᠂ ᠠᠵᠢᠯᠯᠠᠭ᠎ᠠ ᠶᠢᠨ ᠠᠬᠤᠶ ᠲᠠᠯᠠᠪᠠᠶ ᠶᠢᠨ ᠠᠭᠤᠷ ᠠᠮᠢᠰᠬᠤᠯ ᠬᠥᠷ ᠬᠥᠭᠵᠢᠶᠡᠨ ᠲᠠᠢ ᠪᠠᠶᠢᠨ᠎ᠠ᠃    ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠲᠤᠬᠠᠶ ᠶᠢᠨ ᠲᠠᠯᠠᠪᠤᠷ ᠲᠤ ᠣᠯᠠᠨ ᠲᠦᠮᠡᠨ ᠳᠤ ᠪᠣᠯᠪᠠᠰᠤᠨ ᠵᠢᠭᠤᠯᠴᠢᠯᠠᠯ ᠤᠨ ᠵᠦᠭᠯᠡᠭᠦᠷ᠂ ᠵᠢᠭᠤᠯᠴᠢᠯᠠᠯ ᠤᠨ ᠬᠠᠤᠯᠢ ᠲᠣᠭᠲᠠᠭᠠᠯ ᠤᠨ ᠬᠠᠮᠢᠶ᠎ᠠ ᠪᠥᠬᠦᠶ ᠮᠡᠳᠡᠯᠭᠡ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠢ 500 ᠭᠠᠷᠤᠶ ᠬᠤᠪᠢ ᠲᠠᠷᠬᠠᠭᠠᠵᠤ᠂ ᠥᠷᠭᠡᠨ ᠣᠯᠠᠨ ᠬᠤᠲᠠ ᠶᠢᠨ ᠠᠷᠠᠳ ᠤᠨ ᠵᠢᠭᠤᠯᠴᠢᠯᠠᠯ ᠤᠨ ᠠᠵᠢᠯᠯᠠᠭ᠎ᠠ ᠳᠤ ᠥᠷᠭᠡᠨ ᠢᠶᠠᠷ ᠣᠷᠣᠯᠴᠠᠬᠤ ᠶᠢ ᠵᠣᠷᠢᠭᠵᠢᠭᠤᠯᠵᠤ᠂ ᠵᠢᠭᠤᠯᠴᠢᠯᠠᠭᠴᠢᠳ ᠤᠨ ᠪᠣᠯᠪᠠᠰᠤᠨ ᠢᠶᠠᠷ ᠠᠶᠠᠯᠠᠬᠤ᠂ ᠠᠮᠤᠷ ᠲᠦᠪᠰᠢᠨ ᠢᠶᠠᠷ ᠵᠢᠭᠤᠯᠴᠢᠯᠠᠬᠤ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠪᠣᠬᠢᠷᠲᠤᠯ ᠥᠬᠡᠶ ᠪᠠᠷ ᠠᠶᠠᠯᠠᠬᠤ ᠶᠢ ᠬᠥᠲᠥᠯᠦᠨ ᠵᠢᠯᠣᠭᠤᠳᠴᠤ᠂ ᠣᠯᠠᠨ ᠲᠦᠮᠡᠨ ᠤ ᠪᠣᠯᠪᠠᠰᠤᠨ ᠵᠢᠭᠤᠯᠴᠢᠯᠠᠯ ᠤᠨ ᠤᠬᠠᠮᠰᠠᠷ ᠢ ᠳᠡᠭᠡᠭᠰᠢᠯᠡᠭᠦᠯᠦᠨ᠂ ᠵᠠᠯᠠᠨ ᠠᠶᠢᠯ ᠬᠤᠲᠠ ᠶᠢᠨ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ ᠶᠤᠮ᠃    ᠡᠭᠦᠨ ᠤ ᠬᠠᠮᠲᠤ᠂ ᠥᠷᠭᠡᠨ ᠣᠯᠠᠨ ᠵᠤᠭᠠᠴᠠᠭᠰᠠᠳ ᠪᠠ ᠬᠤᠲᠠ ᠶᠢᠨ ᠠᠷᠠᠳ ᠨᠠᠶᠢᠵᠠ ᠨᠠᠷ ᠤᠨ ᠶᠠᠪᠤᠵᠤ ᠰᠠᠭᠤᠬᠤ ᠥᠩᠭᠡᠷᠡᠯᠲᠡ ᠶᠢ ᠤᠯᠠᠮ ᠨᠢᠭᠡ ᠠᠯᠬᠤᠮ ᠪᠠᠶᠠᠯᠢᠭᠵᠢᠭᠤᠯᠬᠤ ᠶᠢᠨ ᠲᠥᠯᠥᠭᠡ᠂ ᠵᠠᠯᠠᠨ ᠠᠶᠢᠯ ᠬᠤᠲᠠ ᠶᠢᠨ ᠬᠢᠨ ᠠᠷᠠᠳ ᠲᠤ ᠠᠰᠢᠭ ᠬᠦᠷᠲᠡᠭᠡᠬᠦ ᠣᠯᠠᠨ ᠵᠦᠢᠯ ᠤᠨ ᠲᠥᠷᠥ ᠶᠢᠨ ᠪᠣᠳᠣᠯᠭ᠎ᠠ ᠭᠠᠷᠭᠠᠪᠠ᠄ 5 ᠰᠠᠷ᠎ᠠ ᠶᠢᠨ 19 ᠤ ᠡᠳᠦᠷ ᠤᠨ ᠠᠵᠢᠯᠯᠠᠭ᠎ᠠ ᠶᠢᠨ ᠭᠤᠤᠯ ᠬᠤᠷᠠᠯ ᠤᠨ ᠲᠠᠯᠠᠪᠠᠶ ᠳᠤ ᠪᠠᠭᠤᠳᠠᠯ᠂ ᠵᠤᠭ᠎ᠠ ᠴᠡᠩᠭᠡᠯ ᠤᠨ ᠵᠦᠢᠯᠡᠰ᠂ ᠭᠠᠳᠠᠨ᠎ᠠ ᠬᠤᠨᠣᠭᠯᠠᠬᠤ ᠵᠣᠭᠤᠰ ᠢ ᠣᠷᠣᠯᠠᠬᠤ ᠲᠡᠮᠳᠡᠭᠲᠦ ᠲᠠᠷᠬᠠᠭᠠᠪᠠ︔ 5 ᠰᠠᠷ᠎ᠠ ᠶᠢᠨ 19 ᠤ ᠡᠳᠦᠷ ᠶᠢᠩ ᠱᠠᠨ ᠬᠤᠩ ᠠᠮᠢ ᠠᠬᠤᠶ ᠶᠢᠨ ᠴᠡᠴᠡᠷᠯᠢᠭ ᠤᠨ ᠵᠤᠭ᠎ᠠ ᠴᠡᠩᠭᠡᠯ ᠤᠨ ᠵᠦᠢᠯᠡᠰ ᠤᠨ ᠪᠢᠯᠧᠲ ᠤᠨ ᠦᠨ᠎ᠡ ᠶᠢ 9 ᠨᠤᠭᠤᠯᠤᠨ᠎ᠠ︔ 5 ᠳ᠋ᠤᠭᠠᠷ ᠰᠠᠷ᠎ᠠ ᠶᠢᠨ 18 ᠤ ᠡᠳᠦᠷ ᠠᠴᠠ 19 ᠤ ᠡᠳᠦᠷ ᠪᠣᠯᠲᠠᠯ᠎ᠠ ᠥᠪᠥᠷ ᠮᠣᠩᠭᠤᠯ ᠤᠨ ᠳᠤᠮᠳᠠᠳᠤ ᠳᠣᠷᠣᠨᠠᠲᠤ ᠶᠢᠨ ᠲᠡᠮᠦᠷ ᠵᠠᠮ ᠤᠨ ᠮᠦᠽᠧᠶ ᠶᠢᠨ ᠡᠵᠡᠩᠨᠡᠯᠲᠡ ᠶᠢᠨ ᠴᠠᠭ ᠢ ᠤᠷᠲᠤᠳᠬᠠᠵᠤ᠂ 18᠄ 00 — 20᠄ 00 ᠴᠠᠭ ᠤᠨ ᠰᠥᠨᠢ ᠪᠠᠷ ᠡᠭᠦᠳᠡ ᠪᠠᠨ ᠨᠡᠭᠡᠭᠡᠨ᠎ᠡ︔ 5 ᠰᠠᠷ᠎ᠠ ᠶᠢᠨ 16 ᠤ ᠡᠳᠦᠷ ᠠᠴᠠ 6 ᠰᠠᠷ᠎ᠠ ᠶᠢᠨ 16 ᠤ ᠡᠳᠦᠷ ᠪᠣᠯᠲᠠᠯ᠎ᠠ ᠰᠢᠨ ᠭᠠᠩ ᠵᠣᠴᠢᠳ ᠤᠨ ᠪᠠᠭᠤᠳᠠᠯ ᠤᠨ ᠵᠣᠴᠢᠨ ᠤ ᠥᠷᠥᠭᠡ ᠶᠢ7% ᠪᠠᠷ ᠬᠢᠮᠳᠠᠷᠠᠭᠤᠯᠬᠤ ᠨᠤᠭᠤᠯᠤᠨ᠎ᠠ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ