ᠵᠠᠯᠠᠨ ᠠᠶᠢᠯ ᠬᠤᠲᠠ ᠶᠢᠨ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ︽ᠬᠡᠤᠬᠡᠳ ᠤᠨ ᠰᠡᠳᠬᠢᠯ ᠢ ᠨᠡᠶᠢᠯᠡᠭᠦᠯᠦᠨ ᠰᠡᠳᠬᠢᠯ ᠢ ᠨᠢᠭᠡᠳᠬᠡᠬᠦ︾ ᠪᠥᠬᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠰᠤᠷᠭᠠᠭᠤᠯᠢ ᠶᠢᠨ ᠬᠦᠷᠢᠶᠡᠨ ᠤ ᠳᠠᠭᠤᠴᠢᠨ ᠵᠢᠴᠢ ᠬᠥᠭᠵᠢᠮ ᠬᠥᠭᠵᠢᠮᠳᠡᠬᠦ ᠤᠷᠤᠯᠳᠤᠭᠠᠨ ᠢ ᠠᠮᠵᠢᠯᠲᠠ ᠲᠠᠢ ᠡᠷᠭᠢᠯᠡᠪᠡ
ᠨᠡᠶᠢᠲᠡᠯᠡᠭᠰᠡᠨ ᠴᠠᠭ᠄
2024/5/24
    ︽ᠬᠤᠶᠠᠷ ᠢ ᠪᠠᠭᠠᠰᠬᠠᠬᠤ︾ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠬᠤ ᠶᠢᠨ ᠲᠥᠯᠥᠭᠡ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠵᠠᠯᠠᠭᠤᠴᠤᠳ ᠪᠠᠭᠠᠴᠤᠳ ᠢ ᠬᠥᠲᠥᠯᠥᠨ ᠵᠢᠯᠣᠭᠤᠳᠴᠤ ᠪᠠᠶᠢᠭᠠᠳ ︽ᠬᠥᠮᠦᠨ ᠤ ᠠᠮᠢᠳᠤᠷᠠᠯ ᠤᠨ ᠠᠩᠬᠠᠨ ᠤ ᠲᠣᠪᠴᠢ ᠪᠠᠨ ᠰᠠᠶᠢᠲᠤᠷ ᠲᠣᠪᠴᠢᠯᠠᠭᠤᠯᠬᠤ︾᠂ ᠤᠷᠠᠯᠢᠭ ᠤᠨ ᠰᠤᠷᠭᠠᠨ ᠬᠥᠮᠦᠵᠢᠯ ᠤᠨ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠵᠤ᠂ ᠰᠤᠷᠭᠠᠭᠤᠯᠢ ᠶᠢᠨ ᠤᠷᠠᠯᠢᠭ ᠤᠨ ᠠᠮᠢᠳᠤᠷᠠᠯ ᠢ ᠪᠠᠶᠠᠯᠢᠭᠵᠢᠭᠤᠯᠤᠨ᠂ ᠰᠠᠶᠢᠬᠠᠨ ᠢᠶᠠᠷ ᠬᠥᠮᠦᠨ ᠢ ᠬᠥᠮᠦᠵᠢᠭᠦᠯᠬᠦ᠂ ᠰᠠᠶᠢᠬᠠᠨ ᠢᠶᠠᠷ ᠬᠥᠮᠦᠨ ᠢ ᠭᠤᠶᠣᠯᠠᠬᠤ᠂  ᠰᠠᠶᠢᠬᠠᠨ ᠢᠶᠠᠷ ᠫᠧᠢ ᠶᠤᠸᠠᠨ ᠢ ᠬᠥᠮᠦᠵᠢᠭᠦᠯᠬᠦ ᠪᠥᠬᠦ ᠶᠠᠪᠤᠴᠠ ᠳᠤ ᠠᠭᠤᠰᠬᠠᠨ ᠣᠷᠣᠭᠤᠯᠵᠤ᠂ 2024 ᠣᠨ ᠤ 5 ᠰᠠᠷ᠎ᠠ ᠶᠢᠨ 19 ᠤ ᠡᠳᠦᠷ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠬᠤᠲᠠ ᠶᠢᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠠᠴᠠ ᠬᠠᠮᠲᠤᠷᠠᠨ ᠡᠷᠭᠢᠯᠡᠵᠦ᠂ ᠬᠤᠲᠠ ᠶᠢᠨ ᠳᠣᠯᠣᠳᠤᠭᠠᠷ ᠳᠤᠮᠳᠠᠳᠤ ᠰᠤᠷᠭᠠᠭᠤᠯᠢ ᠠᠴᠠ ᠳᠠᠭᠠᠭᠠᠴᠢᠯᠠᠨ ᠡᠷᠭᠢᠯᠡᠭᠰᠡᠨ ︽ᠬᠡᠤᠬᠡᠳ ᠤᠨ ᠰᠡᠳᠬᠢᠯ ᠢ ᠨᠡᠶᠢᠯᠡᠭᠦᠯᠦᠨ ᠰᠡᠳᠬᠢᠯ ᠢ ᠨᠢᠭᠡᠳᠬᠡᠬᠦ︾ ᠪᠥᠬᠦ ᠬᠤᠲᠠ ᠶᠢᠨ ᠰᠤᠷᠭᠠᠭᠤᠯᠢ ᠶᠢᠨ ᠬᠦᠷᠢᠶᠡᠨ ᠤ ᠳᠠᠭᠤᠴᠢᠨ ᠵᠢᠴᠢ ᠬᠥᠭᠵᠢᠮ ᠬᠥᠭᠵᠢᠮᠳᠡᠬᠦ ᠤᠷᠤᠯᠳᠤᠭᠠᠨ ᠲᠡᠭᠦᠰ ᠠᠮᠵᠢᠯᠲᠠ ᠲᠠᠢ ᠲᠡᠭᠦᠰᠪᠡ᠃    ᠪᠥᠬᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠰᠤᠷᠭᠠᠭᠤᠯᠢ ᠶᠢᠨ ᠬᠦᠷᠢᠶᠡᠨ ᠤ ᠳᠠᠭᠤᠴᠢᠨ ᠵᠢᠴᠢ ᠬᠥᠭᠵᠢᠮ ᠤᠨ ᠲᠣᠭᠯᠠᠯᠲᠠ ᠶᠢᠨ ᠤᠷᠤᠯᠳᠤᠭᠠᠨ ᠳᠤ ᠨᠡᠶᠢᠲᠡ 40 ᠲᠣᠭᠯᠠᠯᠲᠠ ᠭᠠᠷᠭᠠᠵᠤ᠂ ᠳᠥᠷᠪᠡᠨ ᠳᠤᠭᠤᠶᠢᠯᠠᠩ ᠬᠤᠪᠢᠶᠠᠵᠤ᠂ ᠰᠢᠪᠠᠭ᠎ᠠ ᠰᠤᠭᠤᠯᠬᠤ ᠳᠠᠷᠠᠭᠠᠯᠠᠯ ᠢᠶᠠᠷ ᠲᠠᠯᠠᠪᠤᠷ ᠲᠤ ᠭᠠᠷᠪᠠ᠃ ᠢᠷᠠᠭᠤ ᠰᠠᠶᠢᠬᠠᠨ ᠶᠠᠲᠤᠭ᠎ᠠ ᠶᠢᠨ ᠲᠠᠭᠤᠨ ᠴᠢᠬᠢᠨ ᠤ ᠬᠠᠵᠠᠭᠤ ᠳᠤ ᠴᠤᠤᠷᠢᠶᠠᠲᠤᠵᠤ᠂ ᠪᠠᠶᠠᠷ ᠪᠠᠶᠠᠰᠬᠤᠯᠠᠩᠲᠤ ᠠᠭᠤᠷ ᠠᠮᠢᠰᠬᠤᠯ ᠰᠡᠳᠬᠢᠯ ᠵᠢᠷᠦᠬᠡᠨ ᠳᠤ ᠴᠤᠤᠷᠢᠶᠠᠲᠤᠵᠤ᠂ ᠪᠢᠴᠢᠬᠠᠨ ᠲᠠᠮᠢᠷᠴᠢᠳ ᠴᠤᠭ ᠵᠢᠪᠬᠤᠭ᠎ᠠ ᠪᠠᠨ ᠪᠠᠳᠠᠷᠠᠭᠤᠯᠤᠨ᠂ ᠬᠤᠪᠢ ᠬᠤᠪᠢᠨ ᠤ ᠡᠷᠳᠡᠮ ᠴᠢᠳᠠᠯ ᠢᠶᠠᠨ ᠭᠠᠶᠢᠬᠠᠭᠤᠯᠵᠤ᠂ ᠴᠢᠷᠠᠶ ᠳᠤᠨᠢ ᠢᠲᠡᠭᠡᠯ ᠲᠡᠭᠦᠯᠳᠡᠷ ᠢᠨᠢᠶᠡᠮᠰᠦᠭᠯᠡᠯ ᠢᠶᠠᠷ ᠪᠢᠯᠬᠠᠨ᠎ᠠ᠃ ᠲᠣᠰ ᠤᠳᠠᠭᠠᠨ ᠤ ᠤᠷᠤᠯᠳᠤᠭᠠᠨ ᠳᠤ ᠨᠢᠭᠡᠳᠦᠭᠡᠷ ᠳᠡᠰ ᠤᠨ ᠱᠠᠩᠨᠠᠯ ᠳᠤ ᠨᠡᠶᠢᠲᠡ 4 ᠨᠡᠷᠡᠰ᠂ ᠬᠤᠶᠠᠳᠤᠭᠠᠷ ᠳᠡᠰ ᠤᠨ ᠱᠠᠩᠨᠠᠯ ᠳᠤ 8 ᠨᠡᠷᠡᠰ᠂ ᠭᠤᠷᠪᠠᠳᠤᠭᠠᠷ ᠳᠡᠰ ᠤᠨ ᠱᠠᠩᠨᠠᠯ ᠳᠤ 28 ᠨᠡᠷᠡᠰ ᠰᠢᠯᠭᠠᠷᠠᠭᠤᠯᠪᠠ᠃ ᠤᠷᠤᠯᠳᠤᠭᠠᠨ ᠤ ᠳᠠᠷᠠᠭ᠎ᠠ ᠪᠠᠰᠠ ᠦᠵᠡᠭᠴᠢᠳ ᠤᠨ ᠪᠢᠯᠧᠲ ᠥᠭᠭᠦᠯᠲᠡ ᠪᠠᠷ ᠣᠯᠠᠨ ᠤ ᠬᠦᠷᠢᠶᠡᠯᠡᠯ ᠢ ᠣᠯᠤᠭᠰᠠᠨ ᠪᠦᠲᠦᠭᠡᠯ ᠤᠨ ᠱᠠᠩᠨᠠᠯ ᠢ ᠰᠢᠯᠭᠠᠷᠠᠭᠤᠯᠳᠠᠭ᠃ ᠡᠭᠦᠨ ᠤ ᠬᠠᠮᠲᠤ᠂ ᠵᠠᠯᠠᠨ ᠠᠶᠢᠯ ᠬᠤᠲᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ︽ᠠᠨᠠᠷ ᠤᠨ ᠦᠷ᠎ᠡ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠬᠢ ᠲᠤᠬᠠᠢ ᠶᠢᠨ ᠲᠠᠯᠠᠪᠠᠢ ᠳᠤ ᠬᠦᠷᠴᠦ᠂ ᠪᠠᠭᠰᠢ ᠰᠤᠷᠤᠭᠴᠢᠳ ᠲᠤ ᠨᠠᠮ ᠤᠨ ᠦᠨᠳᠦᠰᠦᠲᠡᠨ ᠤ ᠤᠨᠤᠯ ᠪᠣᠯᠤᠨ ᠦᠨᠳᠦᠰᠦᠲᠡᠨ ᠤ ᠲᠦᠷᠦ ᠶᠢᠨ ᠪᠤᠳᠤᠯᠭ᠎ᠠ ᠶᠢ ᠤᠬᠠᠭᠤᠯᠵᠤ᠂ ᠨᠡᠶᠢᠳᠡ 200 ᠭᠠᠷᠤᠢ ᠬᠤᠪᠢ ᠤᠬᠠᠭᠤᠯᠬᠤ ᠮᠠᠲ᠋ᠧᠷᠢᠶᠠᠯ ᠲᠠᠷᠬᠠᠭᠠᠵᠠᠢ᠃    ᠲᠣᠰ ᠤᠳᠠᠭᠠᠨ ᠤ ᠰᠤᠷᠭᠠᠭᠤᠯᠢ ᠶᠢᠨ ᠬᠦᠷᠢᠶᠡᠨ ᠤ ᠳᠠᠭᠤᠴᠢᠨ ᠵᠢᠴᠢ ᠬᠥᠭᠵᠢᠮ ᠬᠥᠭᠵᠢᠮᠳᠡᠬᠦ ᠤᠷᠤᠯᠳᠤᠭᠠᠨ ᠢᠶᠠᠷ ᠳᠠᠮᠵᠢᠭᠤᠯᠤᠨ᠂ ᠰᠤᠷᠤᠭᠴᠢᠳ ᠤᠨ ᠳᠠᠭᠦᠦ ᠬᠥᠭᠵᠢᠮ ᠤᠨ ᠬᠠᠯᠠᠭᠤᠨ ᠰᠡᠳᠬᠢᠯᠭᠡ ᠶᠢ ᠶᠡᠭᠡ ᠪᠠᠷ ᠬᠥᠭᠵᠢᠭᠡᠵᠦ᠂ ᠰᠤᠷᠭᠠᠭᠤᠯᠢ ᠶᠢᠨ ᠰᠠᠶᠢᠬᠠᠨ ᠤ ᠬᠥᠮᠦᠵᠢᠯ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢ ᠠᠬᠢᠭᠤᠯᠤᠨ᠂ ᠰᠤᠷᠤᠭᠴᠢᠳ ᠤᠨ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠵᠤ᠂ ᠬᠥᠮᠦᠨ ᠬᠥᠮᠦᠵᠢᠭᠦᠯᠬᠦ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠨ᠎ᠠ᠃ ᠬᠤᠶᠢᠰᠢᠳᠠ ᠶᠢᠨ ᠠᠵᠢᠯ ᠳᠤᠮᠳᠠ ᠪᠠᠨ ᠵᠠᠯᠠᠨ ᠠᠶᠢᠯ ᠬᠤᠳᠠ ᠶᠢᠨ ᠰᠤᠷᠭᠠᠨ ᠬᠥᠮᠦᠵᠢᠯ ᠤᠨ ᠲᠤᠪᠴᠢᠶ᠎ᠠ ᠲᠤᠰ ᠤᠳᠠᠭ᠎ᠠ ᠶᠢᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠪᠠᠶᠠᠯᠢᠭ ᠰᠠᠶᠢᠬᠠᠨ ᠤᠷᠠᠯᠢᠭ ᠤᠨ ᠤᠷᠤᠯᠳᠤᠭᠠᠨ ᠢ ᠦᠷᠭᠦᠯᠵᠢᠯᠡᠨ ᠶᠠᠪᠤᠭᠳᠠᠭᠤᠯᠵᠤ᠂ ᠬᠡᠦᠬᠡᠳ ᠤᠳ ᠲᠤ ᠥᠪᠡᠷᠮᠢᠴᠡ ᠣᠨᠴᠠᠯᠢᠭ ᠢᠶᠠᠨ ᠢᠯᠡᠷᠡᠭᠦᠯᠬᠦ ᠲᠠᠪᠴᠠᠩ ᠬᠠᠩᠭᠠᠬᠤ ᠪᠣᠯᠤᠨ᠎ᠠ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ