ᠲᠣᠭᠤᠷᠢᠭ ᠬᠤᠲᠠ ᠬᠤᠶᠠᠷ ᠱᠠᠲᠤᠨ ᠤ ᠪᠠᠶᠢᠴᠠᠭᠠᠨ ᠵᠢᠯᠣᠭᠤᠳᠣᠭᠴᠢ ᠵᠠᠯᠠᠨ ᠠᠶᠢᠯ ᠬᠤᠲᠠ ᠳᠤ ᠭᠦᠨᠵᠡᠭᠡᠶᠢᠷᠡᠨ 2024 ᠣᠨ ᠤ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠶᠠᠰᠤ ᠴᠢᠨᠠᠷ ᠤᠨ ᠬᠢᠨᠠᠨ ᠬᠡᠮᠵᠢᠯᠲᠡ ᠶᠢᠨ ᠠᠵᠢᠯ ᠢ ᠪᠠᠶᠢᠴᠠᠭᠠᠨ ᠵᠢᠯᠣᠭᠤᠳᠪᠠ
ᠨᠡᠶᠢᠲᠡᠯᠡᠭᠰᠡᠨ ᠴᠠᠭ᠄
2024/5/24
    ︽2024 ᠣᠨ ᠤ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠶᠠᠰᠤ ᠴᠢᠨᠠᠷ ᠤᠨ ᠬᠢᠨᠠᠨ ᠬᠡᠮᠵᠢᠯᠲᠡ ᠶᠢ ᠥᠷᠨᠢᠭᠦᠯᠬᠦ ᠲᠤᠬᠠᠶ ᠰᠤᠷᠭᠠᠨ ᠬᠥᠮᠦᠵᠢᠯ ᠤᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ︾ ︵ᠰᠤᠷᠭᠠᠨ ᠬᠥᠮᠦᠵᠢᠯ ᠤᠨ ᠬᠢᠨᠠᠯᠲᠠ ᠬᠠᠮᠢᠶᠠᠷᠤᠯᠲᠠ ᠶᠢᠨ ᠲᠢᠩᠬᠢᠮ ᠵᠠᠬᠢᠳᠠᠯ ︹ 2024 ︺ 7 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠲᠥᠯᠥᠭᠡ᠂ 2024 ᠣᠨ ᠤ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠶᠠᠰᠤ ᠴᠢᠨᠠᠷ ᠤᠨ ᠬᠢᠨᠠᠨ ᠬᠡᠮᠵᠢᠯᠲᠡ ᠶᠢᠨ ᠠᠵᠢᠯ ᠢ ᠮᠠᠨ ᠤ ᠬᠤᠲᠠ ᠳᠤ ᠤᠷᠤᠭᠰᠢᠲᠠᠶ ᠥᠷᠨᠢᠭᠦᠯᠬᠦ ᠶᠢ ᠦᠨᠡᠨᠬᠦ ᠪᠠᠲᠤᠯᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠨ ᠵᠢᠯᠣᠭᠤᠳᠣᠭᠴᠢ ᠵᠧᠤ ᠰᠢᠶᠤᠤ ᠹᠤᠩ᠂ ᠬᠥᠯᠥᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠵᠥᠪᠯᠡᠯ ᠤᠨ ᠲᠤᠰᠬᠠᠶ ᠲᠤᠰᠢᠶᠠᠯᠲᠤ ᠰᠤᠷᠭᠠᠭᠤᠯᠢ ᠪᠠᠶᠢᠴᠠᠭᠠᠭᠴᠢ ᠰᠢᠤᠢ ᠼᠠᠢ ᠰᠢᠶᠠ ᠵᠠᠯᠠᠨ ᠠᠶᠢᠯ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠪᠠ 24 ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠶᠠᠰᠤ ᠴᠢᠨᠠᠷ ᠤᠨ ᠬᠢᠨᠠᠨ ᠬᠡᠮᠵᠢᠯᠲᠡ ᠶᠢᠨ ᠥᠯᠢᠭᠡᠷ ᠳᠡᠪᠲᠡᠷ ᠤᠨ ᠰᠤᠷᠭᠠᠭᠤᠯᠢ ᠳᠤ ᠭᠦᠨᠵᠡᠭᠡᠶᠢᠷᠡᠨ ᠪᠠᠶᠢᠴᠠᠭᠠᠨ ᠰᠢᠯᠭᠠᠨ ᠲᠤᠷᠰᠢᠬᠤ ᠠᠵᠢᠯ ᠢ ᠵᠢᠭᠠᠨ ᠵᠢᠯᠣᠭᠤᠳᠪᠠ᠃    ᠪᠠᠶᠢᠴᠠᠭᠠᠨ ᠵᠢᠯᠣᠭᠤᠳᠤᠭᠴᠢ ᠠᠴᠠ ᠮᠠᠨ ᠤ ᠬᠤᠲᠠ ᠶᠢᠨ ᠬᠢᠨᠠᠨ ᠬᠡᠮᠵᠢᠬᠦ ᠠᠵᠢᠯ ᠤᠨ ᠪᠠᠶᠢᠷᠢᠯᠠᠭᠤᠯᠤᠯᠲᠠ᠂ ᠬᠡᠷᠡᠭᠵᠢᠭᠦᠯᠦᠯᠲᠡ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠡᠯᠡᠳᠬᠡᠯ ᠲᠥᠰᠦᠯ ᠢ ᠲᠣᠭᠲᠠᠭᠠᠬᠤ ᠵᠢᠴᠢ ᠪᠣᠯᠪᠠᠰᠤᠷᠠᠯ ᠥᠷᠨᠢᠭᠦᠯᠬᠦ ᠵᠡᠷᠭᠡ ᠪᠡᠯᠡᠳᠬᠡᠯ ᠠᠵᠢᠯ ᠢ ᠨᠠᠷᠢᠨ ᠣᠶᠢᠯᠠᠭᠠᠵᠤ᠂ ᠬᠢᠨᠠᠨ ᠰᠢᠯᠭᠠᠬᠤ ᠪᠠᠭᠠᠵᠢ ᠶᠢᠨ ᠨᠢᠭᠤᠴᠠ ᠶᠢ ᠬᠠᠮᠠᠭᠠᠯᠠᠬᠤ ᠬᠠᠮᠢᠶᠠᠷᠤᠯᠲᠠ ᠵᠢᠴᠢ ᠬᠠᠳᠠᠭᠠᠯᠠᠵᠤ ᠪᠠᠶᠢᠭ᠎ᠠ ᠪᠠᠶᠢᠳᠠᠯ᠂ ᠲᠣᠰ ᠰᠤᠷᠭᠠᠭᠤᠯᠢ ᠶᠢᠨ ᠡᠯ᠎ᠡ  ᠵᠦᠢᠯ ᠤᠨ ᠰᠢᠯᠭᠠᠯᠲᠠ ᠶᠢᠨ ᠲᠥᠬᠦᠭᠡᠷᠦᠮᠵᠢ ᠬᠡᠮᠵᠢᠭᠦᠷᠯᠢᠭ ᠤᠨ ᠲᠣᠬᠢᠷᠠᠭᠤᠯᠤᠯᠲᠠ᠂ ᠰᠢᠯᠭᠠᠯᠲᠠ ᠶᠢᠨ ᠲᠠᠯᠠᠪᠤᠷ ᠤᠨ ᠲᠣᠬᠢᠷᠠᠭᠤᠯᠤᠯᠲᠠ᠂ ᠪᠠᠭᠰᠢ ᠵᠢᠴᠢ ᠰᠣᠷᠣᠭᠴᠢ ᠶᠢᠨ ᠬᠡᠪᠯᠡᠨ ᠮᠡᠳᠡᠭᠦᠯᠬᠦ ᠪᠣᠯᠪᠠᠰᠤᠷᠠᠯ ᠵᠡᠷᠭᠡ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠥᠯᠢᠭᠡᠷ ᠳᠡᠪᠲᠡᠷ ᠤᠨ ᠰᠤᠷᠭᠠᠭᠤᠯᠢ ᠶᠢᠨ ᠵᠠᠬᠢᠷᠤᠯ᠂ ᠬᠠᠷᠢᠭᠤᠴᠠᠯᠭ᠎ᠠ ᠶᠢᠨ ᠰᠤᠷᠭᠠᠭᠤᠯᠢ ᠪᠠᠶᠢᠴᠠᠭᠠᠭᠴᠢ᠂ ᠬᠢᠨᠠᠨ ᠰᠢᠯᠭᠠᠬᠤ ᠠᠵᠢᠯᠲᠠᠨ᠂ ᠨᠢᠭᠤᠴᠠ ᠶᠢ ᠬᠠᠮᠠᠭᠠᠯᠠᠬᠤ ᠠᠵᠢᠯᠲᠠᠨ ᠤ ᠰᠢᠯᠭᠠᠯᠲᠠ ᠶᠢᠨ ᠠᠵᠢᠯᠯᠠᠭᠠᠨ ᠤ ᠶᠠᠪᠤᠴᠠ ᠪᠠ ᠠᠷᠭ᠎ᠠ ᠶᠢ ᠡᠵᠡᠮᠰᠢᠭᠰᠡᠨ ᠪᠠᠶᠢᠳᠠᠯ ᠢ ᠨᠠᠷᠢᠨ ᠨᠢᠮᠪᠠᠶ ᠠᠰᠠᠭᠤᠨ ᠯᠠᠪᠯᠠᠵᠠᠶ᠃ ᠪᠠᠶᠢᠴᠠᠭᠠᠨ ᠵᠢᠯᠣᠭᠤᠳᠣᠭᠴᠢ ᠴᠤ ᠰᠣᠷᠢᠯᠲᠠ ᠶᠢᠨ ᠬᠤᠭᠤᠴᠠᠭᠠᠨ ᠳᠠᠬᠢ ᠲᠣᠭᠤᠷᠢᠨ ᠪᠠᠶᠢᠴᠠᠭᠠᠯᠲᠠ ᠶᠢᠨ ᠵᠢᠯᠣᠭᠤᠳᠣᠯᠭ᠎ᠠ ᠶᠢ ᠦᠷᠭᠦᠯᠵᠢᠯᠡᠨ ᠳᠠᠭᠠᠵᠤ ᠶᠠᠪᠤᠬᠤ ᠪᠣᠯᠤᠨ᠎ᠠ᠃    ᠲᠣᠰ ᠤᠳᠠᠭᠠᠨ ᠤ ᠬᠢᠨᠠᠨ ᠬᠡᠮᠵᠢᠬᠦ ᠠᠵᠢᠯ ᠪᠣᠯ ᠵᠠᠯᠠᠨ ᠠᠶᠢᠯ ᠬᠤᠲᠠ ᠶᠢᠨ ᠬᠢᠨ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠶᠠᠰᠤ ᠴᠢᠨᠠᠷ ᠢ ᠡᠯᠧᠺᠲᠷᠣᠨ ᠢᠶᠠᠷ ᠬᠢᠨᠠᠨ ᠬᠡᠮᠵᠢᠬᠦ ᠶᠢ ᠠᠩᠬ᠎ᠠ ᠤᠳᠠᠭ᠎ᠠ ᠬᠡᠷᠡᠭᠵᠢᠭᠦᠯᠵᠦ ᠪᠠᠶᠢᠭ᠎ᠠ ᠶᠠᠪᠤᠳᠠᠯ ᠪᠣᠯᠤᠨ᠎ᠠ᠂ ᠮᠠᠨ ᠤ ᠬᠤᠲᠠ ᠶᠢᠨ ᠬᠢᠨ ᠡᠭᠦᠨ ᠢᠶᠠᠷ ᠠᠵᠠ ᠲᠣᠬᠢᠶᠠᠯ ᠪᠣᠯᠭᠠᠵᠤ᠂ ᠪᠥᠬᠦ ᠬᠤᠲᠠ ᠶᠢᠨ ᠰᠤᠷᠭᠠᠭᠤᠯᠢ ᠶᠢᠨ ᠺᠣᠮᠫᠢᠦ᠋ᠲ᠋ᠧᠷ ᠤᠨ ᠬᠠᠲᠠᠭᠤ ᠲᠣᠨᠤᠭ ᠪᠠ ᠰᠦᠯᠵᠢᠶᠡᠨ ᠤ ᠣᠷᠴᠢᠨ ᠲᠣᠭᠤᠷᠢᠨ ᠤ ᠲᠣᠬᠢᠷᠠᠭᠤᠯᠤᠯᠲᠠ ᠶᠢ ᠰᠢᠨᠡᠳᠬᠡᠨ ᠲᠠᠰ ᠳᠡᠪᠰᠢᠭᠦᠯᠵᠦ᠂ ᠲᠠᠷᠠᠭᠠᠴᠢ ᠶᠢᠨ ᠪᠥᠬᠦ ᠲᠠᠯ᠎ᠠ ᠪᠠᠷ ᠴᠢᠨᠠᠷ ᠰᠠᠶᠢᠲᠠᠶ ᠪᠥᠭᠡᠳ ᠲᠡᠩᠴᠡᠭᠦᠷᠢᠲᠡᠶ ᠬᠥᠭᠵᠢᠭᠦᠯᠬᠦ ᠶᠠᠰᠤ ᠴᠢᠨᠠᠷ ᠤᠨ ᠬᠢᠨᠠᠨ ᠬᠡᠮᠵᠢᠯᠲᠡ ᠶᠢᠨ ᠡᠯᠧᠺᠲᠷᠣᠨ ᠢᠶᠠᠷ ᠬᠢᠨᠠᠨ ᠬᠡᠮᠵᠢᠬᠦ ᠳᠤ ᠰᠠᠶᠢᠲᠤᠷ ᠪᠡᠯᠡᠳᠬᠡᠯ ᠬᠢᠬᠦ ᠪᠣᠯᠤᠨ᠎ᠠ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ