ᠵᠠᠯᠠᠨ ᠠᠶᠢᠯ ᠬᠤᠲᠠ ᠶᠢᠨ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯ ᠤᠨ ᠨᠡᠶᠢᠳᠡᠮ ᠪᠠᠶᠢᠴᠠᠭᠠᠯᠲᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠵᠢᠴᠢ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠤᠳᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/5/24
    5 ᠰᠠᠷ᠎ᠠ ᠶᠢᠨ 19 ᠤ ᠡᠳᠦᠷ᠂ ᠵᠠᠯᠠᠨ ᠠᠶᠢᠯ ᠬᠤᠲᠠ ᠶᠢᠨ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯ ᠤᠨ ᠨᠡᠶᠢᠳᠡᠮ ᠪᠠᠶᠢᠴᠠᠭᠠᠯᠲᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠵᠢᠴᠢ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠤᠳᠠᠭᠠᠨ ᠤ ᠬᠤᠷᠠᠯ ᠬᠤᠷᠠᠯᠳᠤᠵᠤ᠂ ᠪᠥᠬᠦ ᠬᠤᠲᠠ ᠶᠢᠨ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯ ᠤᠨ ᠨᠡᠶᠢᠳᠡᠮ ᠪᠠᠶᠢᠴᠠᠭᠠᠯᠲᠠ ᠶᠢᠨ ᠠᠵᠢᠯ ᠳᠤ ᠳᠠᠶᠢᠴᠢᠯᠠᠯᠲᠠ ᠪᠠ ᠪᠠᠶᠢᠷᠢᠯᠠᠭᠤᠯᠤᠯᠲᠠ ᠬᠢᠪᠠ᠃ ᠵᠠᠯᠠᠨ ᠠᠶᠢᠯ ᠬᠤᠲᠠ ᠶᠢᠨ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯ ᠤᠨ ᠨᠡᠶᠢᠳᠡᠮ ᠤᠨ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠳᠠᠷᠤᠭ᠎ᠠ᠂ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠨ ᠰᠢᠶᠤᠤ ᠬᠤᠶ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠵᠠᠯᠠᠨ ᠠᠶᠢᠯ ᠬᠤᠲᠠ ᠶᠢᠨ ᠳᠥᠷᠪᠡᠨ ᠲᠦᠭᠡᠮᠡᠯᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠪᠥᠬᠦ ᠭᠡᠰᠢᠭᠦᠳ ᠬᠤᠷᠠᠯ ᠳᠤ ᠣᠷᠣᠯᠴᠠᠵᠠᠶ᠃ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ ᠼᠤᠤ ᠾᠦᠢ ᠬᠤᠷᠠᠯ ᠢ ᠡᠷᠭᠢᠯᠡᠪᠡ᠃    ᠬᠤᠷᠠᠯ ᠳᠡᠭᠡᠷ᠎ᠡ᠂ ᠳᠡᠳ᠋ ᠰᠠᠶᠢᠳ ᠼᠤᠤ ᠾᠦᠢ ︽ᠵᠠᠯᠠᠨ ᠠᠶᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯ ᠤᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠲᠤᠬᠠᠶ ᠮᠡᠳᠡᠭᠳᠡᠯ︾ ᠢ ᠤᠯᠠᠮᠵᠢᠯᠠᠵᠤ᠂ ᠴᠢᠶᠠᠨ ᠬᠠᠶ ᠵᠢᠶᠦ᠋ᠨ ᠲᠣᠪᠴᠢᠶᠠᠨ ᠳᠠᠷᠤᠭ᠎ᠠ ︽ᠵᠠᠯᠠᠨ ᠠᠶᠢᠯ ᠬᠤᠲᠠ ᠶᠢᠨ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯ ᠤᠨ ᠨᠡᠶᠢᠳᠡᠮ ᠪᠠᠶᠢᠴᠠᠭᠠᠯᠲᠠ ᠶᠢᠨ ᠬᠡᠷᠡᠭᠵᠢᠭᠦᠯᠬᠦ ᠲᠥᠰᠦᠯ︾ ᠳᠤ ᠲᠠᠶᠢᠯᠤᠮᠵᠢ ᠬᠢᠪᠠ᠃    ᠬᠤᠷᠠᠯ ᠠᠴᠠ ᠴᠢᠬᠤᠯᠠᠴᠢᠯᠠᠭᠰᠠᠨ ᠨᠢ᠂ ᠨᠢᠭᠡ ᠳᠤ᠂ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠬᠠᠮᠠᠭᠠᠯᠠᠬᠤ ᠪᠠᠷ ᠭᠤᠣᠯ ᠪᠣᠯᠭᠠᠬᠤ᠂ ᠠᠪᠤᠷᠠᠬᠤ ᠶᠢ ᠲᠡᠷᠢᠭᠦᠨ ᠳᠤ ᠲᠠᠯᠪᠢᠬᠤ᠂ ᠵᠦᠢ ᠵᠣᠬᠢᠰᠲᠠᠶ ᠪᠠᠷ ᠠᠰᠢᠭᠯᠠᠬᠤ᠂ ᠤᠯᠠᠮᠵᠢᠯᠠᠨ ᠬᠥᠭᠵᠢᠭᠦᠯᠬᠦ︾ ᠴᠢᠭᠯᠡᠯᠲᠡ ᠶᠢ ᠪᠠᠷᠢᠮᠲᠠᠯᠠᠨ᠂ ᠤᠯᠤᠰ ᠤᠨ ᠲᠠᠭᠢᠨ ᠡᠭᠦᠰᠴᠦ ᠦᠯᠦ ᠪᠣᠯᠬᠤ ᠰᠣᠶᠣᠯ ᠤᠨ ᠡᠬᠢ ᠪᠠᠶᠠᠯᠢᠭ ᠪᠣᠯᠬᠤ ᠲᠡᠦᠬᠡ ᠶᠢᠨ ᠳᠤᠷᠠᠰᠬᠠᠯᠲᠤ ᠵᠦᠢᠯ ᠤᠨ ᠡᠯ᠎ᠡ ᠵᠦᠢᠯ ᠤᠨ ᠬᠤᠯᠪᠣᠭᠳᠠᠯ ᠪᠦᠭᠦᠢ ᠠᠵᠢᠯ ᠢ ᠰᠠᠶᠢᠲᠤᠷ ᠬᠢᠬᠦ ᠬᠡᠷᠡᠭᠲᠡᠶ᠃ ᠬᠤᠶᠠᠷ ᠲᠤ᠂ ᠡᠯ᠎ᠡ ᠰᠠᠯᠠᠭ᠎ᠠ ᠮᠥᠴᠢᠷ ᠤᠳ ᠠᠵᠢᠯ ᠤᠨ ᠪᠠᠷᠢᠮᠵᠢᠶ᠎ᠠ ᠪᠣᠯᠤᠨ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠴᠢᠩᠭ᠎ᠠ ᠵᠢᠷᠤᠮᠯᠠᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠨᠢᠭᠡᠳᠦᠭᠡᠷ ᠭᠠᠷ ᠶᠡᠷᠦᠩᠬᠡᠶ ᠬᠠᠷᠢᠭᠤᠴᠠᠯᠭ᠎ᠠ ᠶᠢ ᠬᠠᠷᠢᠭᠤᠴᠠᠬᠤ᠂ ᠬᠤᠪᠢᠳᠠᠨ ᠬᠠᠮᠢᠶᠠᠷᠴᠤ ᠪᠥᠬᠦᠶ ᠤᠳᠤᠷᠢᠳᠤᠯᠭ᠎ᠠ ᠪᠡᠶ᠎ᠡ ᠪᠠᠷ ᠢᠶᠠᠨ ᠣᠷᠣᠯᠴᠠᠬᠤ ᠠᠵᠢᠯ ᠤᠨ ᠲᠤᠰᠬᠠᠶ ᠠᠩᠭᠢ ᠶᠢ ᠦᠳᠲᠡᠷ ᠲᠦᠷᠭᠡᠨ ᠪᠠᠶᠢᠭᠤᠯᠵᠤ᠂ ᠡᠯ᠎ᠡ ᠱᠠᠲᠤ ᠦᠶ᠎ᠡ ᠶᠢᠨ ᠨᠡᠶᠢᠳᠡᠮ ᠪᠠᠶᠢᠴᠠᠭᠠᠯᠲᠠ ᠶᠢᠨ ᠡᠭᠦᠷᠭᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠭᠤᠷᠪᠠ ᠳᠤ᠂ ᠰᠣᠶᠣᠯ ᠵᠤᠭᠠᠴᠠᠯ ᠤᠨ ᠰᠠᠯᠠᠭ᠎ᠠ ᠮᠥᠴᠢᠷ ᠤᠨ ᠬᠢᠨ ᠰᠢᠯᠢᠳᠡᠭ ᠴᠡᠷᠢᠭ ᠬᠦᠴᠦᠷᠬᠡᠭ ᠵᠠᠩᠵᠤᠨ ᠢ ᠢᠳᠡᠪᠬᠢᠲᠡᠢ ᠲᠠᠶᠢᠴᠢᠯᠠᠵᠦ᠂ ᠨᠡᠶᠢᠳᠡᠮ ᠪᠠᠶᠢᠴᠠᠭᠠᠯᠲᠠ ᠶᠢᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠪᠠ ᠮᠡᠳᠡᠭᠡᠯᠡᠬᠦ ᠲᠣᠭᠲᠠᠴᠠ ᠶᠢ ᠪᠠᠶᠢᠭᠤᠯᠵᠤ᠂ ᠲᠤᠬᠠᠢ ᠶᠢᠨ ᠭᠠᠵᠠᠷ ᠲᠤᠨᠢ ᠨᠡᠶᠢᠳᠡᠮ ᠪᠠᠶᠢᠴᠠᠭᠠᠬᠤ᠂ ᠲᠤᠭ᠎ᠠ ᠪᠠᠷᠢᠮᠲᠠ ᠶᠢ ᠳᠡᠭᠡᠭᠰᠢ ᠮᠡᠳᠡᠭᠦᠯᠬᠦ᠂ ᠡᠯ᠎ᠡ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠢ ᠵᠢᠯᠣᠭᠤᠳᠬᠤ ᠵᠡᠷᠭᠡ ᠡᠯ᠎ᠡ ᠵᠦᠢᠯ ᠤᠨ ᠠᠵᠢᠯ ᠢ ᠦᠨᠡᠨᠬᠦ ᠡᠭᠦᠷᠭᠡᠯᠡᠬᠦ ᠬᠡᠷᠡᠭᠲᠡᠢ᠃ ᠲᠦᠷᠪᠡ ᠳᠤ᠂ ᠠᠵᠢᠯ ᠤᠨ ᠤᠳᠤᠷᠢᠳᠬᠤ ᠳᠤᠭᠤᠶᠢᠯᠠᠩ ᠤᠨ ᠬᠤᠯᠪᠣᠭᠳᠠᠭᠰᠠᠨ ᠡᠯ᠎ᠡ ᠰᠠᠯᠠᠭ᠎ᠠ ᠲᠤᠪᠴᠢᠶ᠎ᠠ᠂ ᠡᠯ᠎ᠡ ᠵᠡᠭᠡᠯᠢ ᠪᠠᠯᠭᠠᠰᠤ ︽ᠲᠦᠷᠪᠡ ᠶᠢ ᠲᠦᠭᠡᠮᠡᠯᠵᠢᠭᠦᠯᠬᠦ︾ ᠬᠠᠷᠢᠭᠤᠴᠠᠯᠭ᠎ᠠ ᠶᠢᠨ ᠨᠠᠷᠢᠨ ᠲᠠᠩᠰᠠ ᠶᠢᠨ ᠶᠣᠰᠣᠭᠠᠷ ᠲᠤᠰ ᠲᠤᠰ ᠤᠨ ᠡᠭᠦᠷᠭᠡ ᠪᠠᠨ ᠨᠠᠷᠢᠨ ᠬᠢᠨᠠᠮᠠᠭᠠᠢ ᠪᠡᠶᠡᠯᠡᠭᠦᠯᠵᠦ ᠂ ᠬᠦᠴᠦ ᠪᠠᠨ ᠬᠠᠮᠲᠤᠳᠬᠠᠨ ᠬᠠᠮᠲᠤᠷᠠᠯᠴᠠᠵᠤ᠂ ᠨᠢᠭᠲᠠ ᠬᠠᠮᠵᠢᠯᠴᠠᠵᠤ᠂ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ