ᠴᠢᠩᠭᠢᠰ ᠬᠠᠭᠠᠨ ᠪᠠᠯᠭᠠᠰᠤ ᠪᠣᠯᠤᠨ ᠬᠠᠷᠠᠮᠥ᠋ᠷᠡᠨ ᠤ ᠰᠠᠨ ᠾᠧ ᠲᠡᠵᠢᠭᠡᠯ ᠪᠣᠷᠳᠣᠭᠠᠨ ᠤ ᠬᠢᠵᠠᠭᠠᠷᠲᠤ ᠺᠣᠮᠫᠠᠨᠢ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢ ᠵᠣᠯᠭᠠᠭᠤᠯᠬᠤ ᠬᠡᠯᠡᠯᠴᠡᠭᠡᠷ ᠥᠷᠨᠢᠭᠦᠯᠪᠡ
ᠨᠡᠶᠢᠲᠡᠯᠡᠭᠰᠡᠨ ᠴᠠᠭ᠄
2024/5/24
    5 ᠰᠠᠷ᠎ᠠ ᠶᠢᠨ 19 ᠤ ᠡᠳᠦᠷ᠂ ᠬᠠᠷᠠᠮᠥ᠋ᠷᠡᠨ ᠤ ᠰᠠᠨ ᠾᠧ ᠲᠡᠵᠢᠭᠡᠯ ᠪᠣᠷᠳᠣᠭᠠᠨ ᠤ ᠬᠢᠵᠠᠭᠠᠷᠲᠤ ᠺᠣᠮᠫᠠᠨᠢ ᠶᠢᠨ ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠴᠢᠩᠭᠢᠰ ᠬᠠᠭᠠᠨ ᠪᠠᠯᠭᠠᠰᠤᠨ ᠳᠤ ᠭᠦᠨᠵᠡᠭᠡᠶᠢᠷᠡᠨ ᠲᠡᠵᠢᠭᠡᠯ ᠪᠣᠷᠳᠤᠭ᠎ᠠ ᠪᠣᠯᠪᠠᠰᠤᠷᠠᠭᠤᠯᠬᠤ᠂ ᠭᠠᠭ᠋ᠠᠶ ᠲᠡᠵᠢᠭᠡᠨ ᠦᠷᠡᠵᠢᠭᠦᠯᠬᠦ᠂ ᠵᠢᠭᠤᠯᠴᠢᠯᠠᠬᠤ ᠵᠡᠷᠭᠡ ᠲᠥᠷᠥᠯ ᠵᠦᠢᠯ ᠳᠤ ᠪᠠᠯᠠ ᠣᠷᠣᠭᠤᠯᠤᠨ ᠰᠢᠨᠵᠢᠯᠡᠨ ᠪᠠᠶᠢᠴᠠᠭᠠᠪᠠ᠂ ᠴᠢᠩᠭᠢᠰ ᠬᠠᠭᠠᠨ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠤ ᠳᠠᠷᠤᠭ᠎ᠠ ᠵᠢᠶᠧ ᠫᠤᠩ᠂ ᠬᠡᠰᠡᠭ ᠪᠠᠭ ᠤᠨ ᠪᠦᠷᠢᠯᠳᠦᠬᠦᠨ ᠨᠡᠷ ᠪᠠᠷ᠎ᠠ ᠪᠣᠯᠪᠠ᠃ ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠴᠢᠶᠠᠩ ᠲᠠᠢ ᠠᠮᠤ ᠪᠤᠳᠠᠭᠠᠨ ᠤ ᠬᠥᠮᠥᠷᠭᠡ᠂ ᠴᠢᠩᠭᠢᠰ ᠤᠨ ᠤᠯᠠᠭ᠎ᠠ ᠥᠷᠲᠡᠭᠡ᠂  ᠾᠧ ᠫᠢᠩ ᠭᠠᠭ᠋ᠠᠶ ᠲᠡᠵᠢᠭᠡᠬᠦ ᠲᠠᠯᠠᠪᠠᠶ ᠳᠤ ᠬᠦᠷᠴᠦ ᠲᠣᠭᠤᠷᠢᠨ ᠦᠵᠡᠵᠦ᠂ ᠲᠣᠭᠤᠷᠢᠨ ᠦᠵᠡᠬᠦ ᠶᠠᠪᠤᠴᠠ ᠳᠠᠭᠠᠨ ᠴᠧᠩ ᠫᠤᠩ ᠪᠠᠯᠭᠠᠰᠤᠨ ᠤ ᠳᠠᠷᠤᠭ᠎ᠠ ᠴᠢᠩᠭᠢᠰ ᠤᠨ ᠪᠠᠯᠭᠠᠰᠤᠨ ᠤ ᠭᠠᠵᠠᠷ ᠵᠦᠶ ᠶᠢᠨ ᠪᠠᠶᠢᠷᠢᠰᠢᠯ᠂ ᠵᠠᠮ ᠬᠠᠷᠢᠯᠴᠠᠭᠠᠨ ᠤ ᠳᠠᠪᠠᠭᠤᠯᠢᠭ᠂ ᠠᠵᠤ  ᠦᠢᠯᠡᠰ ᠤᠨ ᠲᠥᠯᠥᠪᠵᠢᠭᠦᠯᠭᠡ᠂ ᠲᠥᠷᠥᠯ  ᠵᠦᠢᠯ ᠤᠨ ᠨᠥᠭᠡᠴᠡ ᠵᠡᠷᠭᠡ ᠪᠠᠶᠢᠳᠠᠯ ᠢ ᠨᠠᠷᠢᠨ ᠲᠠᠨᠢᠯᠴᠠᠭᠤᠯᠵᠠᠶ᠃    ᠲᠣᠭᠤᠷᠢᠨ ᠦᠵᠡᠵᠦ ᠪᠠᠷᠠᠭᠰᠠᠨ ᠤ ᠳᠠᠷᠠᠭ᠎ᠠ᠂ ᠪᠠᠯᠭᠠᠰᠤᠨ ᠤ ᠵᠠᠰᠠᠭ ᠤᠨ ᠣᠷᠳᠣᠨ ᠪᠣᠯᠤᠨ ᠬᠠᠷᠠᠮᠥ᠋ᠷᠡᠨ ᠤ ᠰᠠᠨ ᠾᠧ ᠲᠡᠵᠢᠭᠡᠯ ᠪᠣᠷᠳᠣᠭᠠᠨ ᠤ ᠬᠢᠵᠠᠭᠠᠷᠲᠤ ᠺᠣᠮᠫᠠᠨᠢ ᠰᠠᠨᠠᠯ ᠢᠶᠠᠨ ᠰᠣᠯᠢᠯᠴᠠᠵᠤ ᠶᠠᠷᠢᠯᠴᠠᠪᠠ᠃ ᠬᠤᠷᠠᠯ ᠳᠡᠭᠡᠷ᠎ᠡ᠂ ᠰᠠᠨ ᠾᠧ ᠺᠣᠮᠫᠠᠨᠢ ᠶᠢᠨ ᠶᠡᠷᠦᠩᠬᠡᠶ ᠳᠠᠭᠠᠭᠠᠮᠠᠯ ᠴᠧᠨ ᠭᠤᠸᠠᠩ ᠴᠢᠤᠸᠠᠨ ᠢᠯᠡᠷᠬᠡᠶᠢᠯᠡᠬᠦ ᠳᠡᠭᠡᠨ᠂ ᠴᠢᠩᠭᠢᠰ ᠬᠠᠭᠠᠨ ᠪᠠᠯᠭᠠᠰᠤᠨ ᠤ ᠭᠠᠵᠠᠷ ᠵᠦᠶ ᠶᠢᠨ ᠪᠠᠶᠢᠷᠢᠰᠢᠯ ᠨᠢ ᠳᠠᠪᠠᠭᠤᠯᠢᠭ᠂ ᠲᠣᠭᠤᠷᠢᠨ ᠦᠵᠡᠬᠦ ᠬᠡᠳᠦᠨ ᠲᠥᠷᠥᠯ  ᠵᠦᠢᠯ ᠤᠨ ᠰᠠᠭᠤᠷᠢ ᠨᠢ ᠨᠡᠯᠢᠶᠡᠳ ᠰᠠᠶᠢᠨ᠂ ᠢᠷᠡᠭᠡᠳᠦᠶ ᠨᠢ ᠥᠷᠭᠡᠨ ᠠᠭᠤᠳᠠᠮ᠂ ᠬᠡᠷᠡᠭᠵᠢᠭᠦᠯᠵᠦ ᠪᠣᠯᠬᠤᠶᠢᠴᠠ ᠴᠢᠨᠠᠷ ᠢᠶᠠᠷ ᠴᠢᠩᠭ᠎ᠠ ᠪᠠᠶᠢᠳᠠᠭ᠂ ᠡᠭᠦᠨ ᠤ ᠵᠡᠷᠭᠡ ᠳᠤ ᠴᠢᠩᠭᠢᠰ ᠬᠠᠭᠠᠨ ᠪᠠᠯᠭᠠᠰᠤᠨ ᠤ ᠠᠵᠤ  ᠦᠢᠯᠡᠰ ᠤᠨ ᠬᠥᠭᠵᠢᠯᠲᠡ ᠶᠢᠨ ᠬᠠᠨᠳᠤᠰᠢ ᠪᠠ ᠬᠤᠳᠠᠯᠳᠤᠭ᠎ᠠ ᠡᠷᠭᠢᠯᠡᠬᠦ ᠬᠠᠯᠠᠭᠤᠨ ᠰᠡᠳᠬᠢᠯᠭᠡ ᠶᠢ ᠴᠦ ᠣᠯᠵᠤ ᠮᠡᠳᠡᠭᠰᠡᠨ ᠪᠠᠶᠢᠨ᠎ᠠ᠂ ᠠᠳᠡᠬᠢ ᠪᠣᠯ ᠪᠠᠯᠠ ᠣᠷᠣᠭᠤᠯᠤᠯᠲᠠ ᠶᠢᠨ ᠥᠩ ᠰᠢᠮᠡᠯᠢᠭ ᠬᠥᠷᠥᠰᠥ ᠰᠢᠷᠣᠶ ᠮᠥᠨ᠂ ᠪᠢᠳᠡ ᠴᠢᠩᠭᠢᠰ ᠬᠠᠭᠠᠨ ᠪᠠᠯᠭᠠᠰᠤᠨ ᠤ ᠪᠠᠯᠠ ᠣᠷᠣᠭᠤᠯᠤᠯᠲᠠ ᠶᠢᠨ ᠬᠠᠮᠲᠤᠷᠠᠯᠴᠠᠭ᠎ᠠ ᠳᠤ ᠢᠲᠡᠭᠡᠯ ᠳᠦᠭᠦᠷᠡᠩ ᠪᠠᠶᠢᠨ᠎ᠠ᠃    ᠲᠦᠩ ᠫᠤᠩ ᠪᠠᠯᠭᠠᠰᠤᠨ ᠤ ᠳᠠᠷᠤᠭ᠎ᠠ ᠢᠯᠡᠷᠬᠡᠶᠢᠯᠡᠬᠦ ᠳᠡᠭᠡᠨ᠂ ᠰᠠᠨ ᠾᠧ ᠲᠡᠵᠢᠭᠡᠯ ᠪᠣᠷᠳᠣᠭᠠᠨ ᠤ ᠬᠢᠵᠠᠭᠠᠷᠲᠤ ᠺᠣᠮᠫᠠᠨᠢ ᠶᠢᠨ ᠴᠢᠩᠭᠢᠰ ᠬᠠᠭᠠᠨ ᠪᠠᠯᠭᠠᠰᠤᠨ ᠳᠤ ᠬᠦᠷᠴᠦ ᠪᠠᠯᠠ ᠣᠷᠣᠭᠤᠯᠤᠯᠲᠠ ᠶᠢ ᠰᠢᠨᠵᠢᠯᠡᠨ ᠪᠠᠶᠢᠴᠠᠭᠠᠬᠤ ᠶᠢ ᠴᠢᠩ ᠰᠡᠳᠬᠢᠯ ᠠᠴᠠ ᠪᠠᠨ ᠪᠠᠶᠠᠷᠯᠠᠨ ᠤᠭᠲᠤᠵᠤ ᠪᠠᠶᠢᠨ᠎ᠠ᠂ ᠬᠤᠶᠠᠷ ᠲᠠᠯ᠎ᠠ ᠪᠠᠷ ᠢᠶᠠᠨ ᠲᠣᠰ ᠤᠳᠠᠭᠠᠨ ᠤ ᠰᠢᠨᠵᠢᠯᠡᠨ ᠪᠠᠶᠢᠴᠠᠭᠠᠯᠲᠠ ᠪᠠᠷ ᠠᠵᠠ ᠲᠣᠬᠢᠶᠠᠯ ᠪᠣᠯᠭᠠᠵᠤ᠂ ᠲᠠᠷᠠᠭᠠᠴᠢ ᠶᠢᠨ ᠨᠡᠪᠲᠡᠷᠡᠯᠴᠡᠭᠡ ᠵᠣᠯᠭᠠᠯᠴᠠᠭ᠎ᠠ ᠪᠠᠨ ᠴᠢᠩᠭᠠᠳᠬᠠᠨ᠂ ᠬᠤᠶᠠᠷ ᠲᠠᠯ᠎ᠠ ᠶᠢᠨ ᠳᠠᠪᠠᠭᠤᠯᠢᠭ ᠢᠶᠠᠨ ᠪᠦᠲᠦᠮᠵᠢᠲᠡᠶ ᠪᠠᠳᠠᠷᠠᠭᠤᠯᠵᠤ᠂ ᠬᠠᠮᠲᠤᠷᠠᠯᠴᠠᠭᠠᠨ ᠤ ᠬᠦᠷᠢᠶᠡᠨ ᠳᠤ ᠭᠦᠨᠵᠡᠭᠡᠶ ᠪᠥᠭᠡᠳ ᠥᠷᠭᠡᠨ ᠳᠡᠯᠭᠡᠷ ᠬᠠᠮᠲᠤᠷᠠᠯᠴᠠᠭ᠎ᠠ ᠥᠷᠨᠢᠭᠦᠯᠵᠦ᠂ ᠬᠠᠷᠢᠯᠴᠠᠨ ᠬᠠᠷᠠᠭᠠᠯᠵᠠᠵᠤ ᠬᠠᠷᠢᠯᠴᠠᠨ ᠠᠰᠢᠭᠲᠠᠶ ᠪᠠᠶᠢᠬᠤ ᠰᠠᠭᠤᠷᠢᠨ ᠳᠡᠭᠡᠷ᠎ᠡ ︽ᠬᠠᠮᠲᠤ ᠪᠠᠷ ᠠᠰᠢᠭ ᠭᠥᠷᠳᠡᠬᠦ︾ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠡᠶ᠃    ᠲᠠᠷᠠᠭᠠᠴᠢ ᠶᠢᠨ ᠠᠯᠬᠤᠮ ᠳᠤ᠂ ᠴᠢᠩᠭᠢᠰ ᠬᠠᠭᠠᠨ ᠪᠠᠯᠭᠠᠰᠤ ᠶᠢᠨ ᠬᠢᠨ ᠳᠤᠲᠠᠭᠤᠳᠠᠯ ᠢᠶᠠᠨ ᠨᠥᠬᠦᠪᠥᠷᠢᠯᠡᠬᠦ ᠳᠤ ᠬᠦᠴᠦ ᠲᠠᠯᠪᠢᠵᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠠᠵᠤ ᠠᠬᠤᠶᠢᠯᠠᠯ ᠪᠠ ᠲᠥᠷᠥᠯ  ᠵᠦᠢᠯ  ᠳᠤ ᠰᠡᠳᠬᠢᠯ ᠲᠠᠯᠪᠢᠵᠤ᠂ ᠦᠨᠡᠨ ᠰᠡᠳᠬᠢᠯ ᠠᠴᠠ ᠪᠠᠨ ᠬᠦᠴᠦ ᠣᠷᠣᠭᠤᠯᠤᠨ ᠦᠢᠯᠡᠴᠢᠯᠡᠭᠡᠨ‌‍ᠤ ᠪᠠᠲᠤᠯᠠᠭ᠎ᠠ ᠬᠠᠩᠭᠠᠬᠤ ᠶᠢᠨ ᠬᠠᠮᠲᠤ ᠲᠡᠷᠢᠭᠦᠨ ᠤ ᠣᠶᠢᠯᠠᠭᠠᠭᠳᠠᠬᠤᠨ ᠪᠠ ᠲᠤᠷᠰᠢᠯᠭ᠎ᠠ ᠶᠢ ᠰᠤᠷᠤᠯᠴᠠᠨ ᠲᠣᠯᠢᠯᠠᠵᠤ᠂ ᠲᠥᠷᠥᠯ ᠵᠦᠢᠯ ᠤᠨ ᠲᠣᠬᠢᠷᠠᠭᠤᠯᠤᠯᠲᠠ ᠶᠢ ᠦᠨᠡᠨ ᠬᠦ ᠰᠠᠶᠢᠲᠤᠷ ᠠᠳᠬᠤᠵᠤ᠂ ᠲᠥᠷᠥᠯ  ᠵᠦᠢᠯ ᠢ ᠡᠷᠲᠡᠬᠡᠨ ᠨᠠᠶᠢᠳᠠᠪᠤᠷᠢᠵᠢᠭᠤᠯᠬᠤ ᠶᠢ ᠳᠥᠯᠭᠢᠨ ᠠᠬᠢᠭᠤᠯᠤᠨ᠎ᠠ᠃    
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ