ᠮᠥᠬᠦᠴᠢ ᠪᠠᠯᠭᠠᠰᠤ ᠦᠨᠳᠦᠰᠦᠲᠡᠨ ᠤ ᠲᠥᠷᠥ ᠶᠢᠨ ᠪᠣᠳᠣᠯᠭ᠎ᠠ ᠬᠠᠤᠯᠢ ᠴᠠᠭᠠᠵᠠ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/24
    ᠨᠠᠮ ᠤᠨ ᠦᠨᠳᠦᠰᠦᠲᠡᠨ ᠤ ᠣᠨᠣᠯ ᠤᠨ ᠲᠥᠷᠥ ᠶᠢᠨ ᠪᠣᠳᠣᠯᠭ᠎ᠠ ᠪᠠ ᠦᠨᠳᠦᠰᠦᠲᠡᠨ ᠤ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠬᠥᠮᠦᠵᠢᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠮᠥᠬᠦᠴᠢ ᠪᠠᠯᠭᠠᠰᠤᠨ ᠤ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ︽ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾ ᠤᠨ ᠠᠵᠢᠯ ᠢ ᠭᠦᠨᠵᠡᠭᠡᠶ ᠪᠥᠭᠡᠳ ᠨᠠᠷᠢᠯᠢᠭ  ᠪᠣᠳᠠᠲᠠᠶ ᠪᠠᠷ ᠬᠢᠬᠦ ᠶᠢᠨ ᠲᠥᠯᠥᠭᠡ᠂ 5 ᠰᠠᠷ᠎ᠠ ᠶᠢᠨ 15 ᠤ ᠡᠳᠦᠷ᠂ ᠮᠥᠬᠦᠴᠢ ᠪᠠᠯᠭᠠᠰᠤ ᠦᠨᠳᠦᠰᠦᠲᠡᠨ ᠤ ᠲᠥᠷᠥ ᠶᠢᠨ ᠪᠣᠳᠣᠯᠭ᠎ᠠ᠂ ᠬᠠᠤᠯᠢ ᠴᠠᠭᠠᠵᠠ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃    ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ᠂ ᠠᠵᠢᠯᠲᠠᠳ ᠣᠯᠠᠨ ᠲᠦᠮᠡᠨ ᠳᠤ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠵᠢᠴᠢ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠬᠠᠭᠤᠳᠠᠰᠤ ᠶᠢ 500 ᠭᠠᠷᠤᠶ ᠬᠤᠪᠢ ᠲᠠᠷᠬᠠᠭᠠᠵᠤ᠂ 40 ᠭᠠᠷᠤᠶ ᠲᠣᠮᠣ ᠵᠠᠷ ᠨᠠᠭᠠᠬᠤ ᠶᠢᠨ ᠬᠠᠮᠲᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠥᠯᠢᠭᠡᠷ᠂ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠣᠶᠣᠯ ᠵᠡᠷᠭᠡ ᠠᠭᠤᠯᠭ᠎ᠠ ᠶᠢ ᠨᠠᠷᠢᠨ ᠬᠢᠨᠠᠮᠠᠭᠠᠶ ᠲᠠᠶᠢᠯᠪᠤᠷᠢᠯᠠᠨ ᠶᠠᠷᠢᠵᠤ᠂ ᠦᠨᠳᠦᠰᠦᠲᠡᠨ ᠤ ᠲᠥᠷᠥ ᠶᠢᠨ ᠪᠣᠳᠣᠯᠭ᠎ᠠ᠂ ᠬᠠᠤᠯᠢ ᠲᠣᠭᠲᠠᠭᠠᠯ ᠤᠨ ᠮᠡᠳᠡᠯᠭᠡ ᠶᠢ ᠬᠥᠮᠦᠨ ᠪᠦᠬᠦᠨ ᠳᠤ ᠮᠡᠳᠡᠭᠦᠯᠵᠦ᠂ ᠬᠥᠮᠦᠰ ᠤᠨ ᠰᠡᠳᠬᠢᠯ ᠳᠤ ᠬᠠᠳᠠᠩᠰᠢᠭᠤᠯᠬᠤ ᠪᠠᠷ ᠴᠢᠷᠮᠠᠶᠢᠵᠠᠶ᠃ ᠠᠵᠢᠯᠯᠠᠭ᠎ᠠ ᠶᠢᠨ ᠠᠬᠤᠶ ᠲᠠᠯᠠᠪᠠᠶ ᠶᠢᠨ ᠠᠭᠤᠷ ᠠᠮᠢᠰᠬᠤᠯ ᠬᠥᠷ ᠬᠥᠭᠵᠢᠶᠡᠨ ᠢᠶᠠᠷ ᠪᠢᠯᠬᠠᠵᠤ᠂ ᠣᠯᠠᠨ ᠲᠦᠮᠡᠨ ᠲᠣᠰ ᠠᠵᠢᠯᠯᠠᠭ᠎ᠠ ᠳᠤ ᠣᠷᠣᠯᠴᠠᠬᠤ ᠪᠠᠷ ᠳᠡᠮᠵᠢᠨ᠂ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠲᠤᠬᠠᠶ ᠨᠠᠩ ᠭᠦᠨᠵᠡᠭᠡᠶ ᠣᠶᠢᠯᠠᠭᠠᠯᠲᠠ ᠪᠠ ᠲᠠᠨᠢᠯᠲᠠ ᠲᠠᠢ ᠪᠣᠯᠪᠠ ᠭᠡᠵᠦ ᠢᠯᠡᠳᠬᠡᠵᠡᠭᠡᠪᠡ᠃    ᠲᠤᠰ ᠤᠳᠠᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠳᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠣᠯᠭᠠᠬᠤ︾ ᠭᠤᠣᠯ ᠰᠢᠵᠢᠮ ᠢ ᠴᠢᠩᠭ᠎ᠠ ᠠᠳᠬᠤᠵᠤ᠂ ᠦᠨᠳᠦᠰᠦᠲᠡᠨ ᠤ ᠤᠨᠤᠯ ᠲᠦᠷᠦ ᠶᠢᠨ ᠪᠤᠳᠤᠯᠭ᠎ᠠ ᠶᠢ ᠢᠯᠡ ᠪᠥᠭᠡᠳ ᠪᠦᠲᠦᠮᠵᠢᠲᠡᠢ ᠤᠬᠠᠭᠤᠯᠪᠠ᠃ ᠲᠠᠷᠠᠭᠠᠴᠢ ᠶᠢᠨ ᠠᠯᠬᠤᠮ ᠳᠤ᠂ ᠮᠥᠬᠦᠴᠢ ᠪᠠᠯᠭᠠᠰᠤ ᠨᠢ ᠰᠢ ᠶᠢᠨ ᠫᠢᠩ ᠶᠡᠷᠦᠩᠬᠡᠶ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠦᠷᠭᠦᠯᠵᠢᠯᠡᠨ ᠲᠦᠦᠱᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠤᠨ ᠠᠵᠢᠯ ᠢ ᠲᠠᠰᠤᠷᠠᠯᠲᠠ ᠥᠬᠡᠶ ᠴᠢᠩᠭᠠᠳᠬᠠᠨ᠂ ᠬᠠᠷᠢᠶᠠᠲᠤ ᠣᠷᠣᠨ ᠤ ᠣᠯᠠᠨ ᠲᠦᠮᠡᠨ ᠢ ᠴᠢᠮᠡᠭᠡ ᠢᠮᠡᠭᠡ ᠥᠬᠡᠶ ᠪᠣᠯᠭᠠᠬᠤ ᠳᠤᠮᠳᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠦᠨᠳᠦᠰᠦᠲᠡᠨ ᠤ ᠪᠦᠯᠬᠦᠮᠳᠡᠯ ᠤᠨ ᠴᠡᠴᠡᠭ ᠢ ᠥᠨᠢ ᠡᠭᠦᠷᠢᠳᠡ ᠴᠡᠴᠡᠭᠯᠡᠭᠦᠯᠦᠨ ᠳᠡᠯᠭᠡᠷᠡᠭᠦᠯᠦᠨ᠎ᠡ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ