ᠴᠢᠩᠭᠢᠰ ᠬᠠᠭᠠᠨ ᠪᠠᠯᠭᠠᠰᠤ ᠲᠣᠰᠬᠤᠨ ᠤ ᠬᠠᠮᠲᠤ ᠶᠢᠨ ︽ᠭᠤᠷᠪᠠᠨ ᠪᠠᠯᠠ‌ᠮᠥ᠋ᠩᠭᠦ︾ ᠶᠢᠨ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/5/24
    ᠭᠠᠴᠠᠭᠠᠨ ᠤ ᠬᠠᠮᠲᠤ ᠶᠢᠨ ᠪᠡᠯᠡ ᠮᠥᠩᠭᠦ᠂ ᠡᠳ᠋ ᠬᠦᠷᠦᠩᠭᠡ ᠪᠠ ᠡᠬᠢ ᠪᠠᠶᠠᠯᠢᠭ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠬᠥᠳᠡᠭᠡ ᠲᠣᠰᠬᠤᠨ ᠤ ᠭᠤᠷᠪᠠᠨ ᠪᠡᠯᠡ ᠮᠥᠩᠭᠦ ᠶᠢᠨ ᠠᠯᠳᠠᠭᠳᠠᠬᠤ ᠪᠠ ᠪᠦᠷᠢᠯᠭᠡᠬᠦ ᠶᠢ ᠰᠡᠷᠭᠡᠶᠢᠯᠡᠵᠦ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠬᠠᠮᠠᠭᠠᠯᠠᠬᠤ ᠶᠢᠨ ᠲᠥᠯᠥᠭᠡ᠂ ᠬᠥᠳᠡᠭᠡ ᠲᠣᠰᠬᠤᠨ ᠤ ᠬᠠᠮᠲᠤ ᠶᠢᠨ ︽ᠭᠤᠷᠪᠠᠨ ᠪᠡᠯᠡ ᠮᠥᠩᠭᠦ︾ ᠶᠢᠨ ᠬᠠᠮᠢᠶᠠᠷᠤᠯᠲᠠ ᠶᠢᠨ ᠠᠵᠢᠯ ᠢ ᠳᠡᠰ ᠳᠠᠷᠠᠭᠠᠵᠢᠭᠤᠯᠬᠤ᠂ ᠳᠦᠷᠢᠮᠵᠢᠭᠦᠯᠬᠦ ᠶᠢ ᠲᠦᠯᠬᠢᠨ ᠠᠬᠢᠭᠤᠯᠤᠨ᠎ᠠ᠃ ᠣᠶᠢᠷ᠎ᠠ ᠳᠤ᠂ ᠴᠢᠩᠭᠢᠰ ᠬᠠᠭᠠᠨ ᠪᠠᠯᠭᠠᠰᠤ ᠲᠣᠰᠬᠤᠨ ᠤ ᠬᠠᠮᠲᠤ ᠶᠢᠨ ︽ᠭᠤᠷᠪᠠᠨ ᠪᠡᠯᠡ ᠮᠥᠩᠭᠦ ︾ ᠤᠨ ᠬᠦᠷᠢᠶᠡᠨ ᠳᠠᠬᠢ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠂ ᠬᠤᠷᠠᠯ ᠢ ᠪᠠᠯᠭᠠᠰᠤᠨ ᠤ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠢ ᠳᠡᠯᠭᠡᠷᠡᠭᠦᠯᠬᠦ ᠦᠢᠯᠡᠴᠢᠯᠡᠭᠡᠨ ᠤ ᠲᠥᠪ ᠤᠨ ᠡᠷᠬᠢᠯᠡᠭᠴᠢ ᠡᠷᠭᠢᠯᠡᠵᠦ᠂ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠪᠠᠯᠭᠠᠰᠤᠨ ᠳᠠᠷᠤᠭ᠎ᠠ ᠬᠠᠨ ᠸᠧᠶ ᠯᠢᠶᠠᠨ᠂ ᠲᠠᠷᠢᠶᠠᠯᠠᠩ ᠠᠵᠤ ᠠᠬᠤᠶ ᠶᠢᠨ ᠲᠤᠬᠠᠶᠢᠯᠠᠭᠰᠠᠨ ᠠᠵᠢᠯ ᠤᠨ ᠠᠵᠢᠯᠲᠠᠨ᠂ ᠡᠯ᠎ᠡ ᠲᠣᠰᠬᠤᠨ ︵ᠨᠡᠶᠢᠭᠡᠮ ᠲᠣᠭᠤᠷᠢᠭ︶ ᠤ ᠱᠦᠵᠢ ᠬᠤᠷᠠᠯ ᠳᠤ ᠣᠷᠣᠯᠴᠠᠵᠠᠶ᠃    ᠬᠤᠷᠠᠯ ᠳᠤ ᠬᠥᠳᠡᠭᠡ ᠲᠣᠰᠬᠤᠨ ᠤ ᠬᠠᠮᠲᠤ ᠶᠢᠨ ᠪᠠᠯᠠ ᠮᠥᠩᠭᠦ ᠶᠢᠨ ᠬᠡᠷᠡᠭᠯᠡᠯᠲᠡ ᠵᠢᠴᠢ ᠡᠳ᠋ ᠤᠨ ᠶᠠᠪᠤᠳᠠᠯ ᠤᠨ ᠬᠠᠮᠢᠶᠠᠷᠤᠯᠲᠠ ᠨᠢ ᠵᠢᠷᠤᠮᠵᠢᠭᠤᠨ ᠪᠠᠶᠢᠬᠤ ᠡᠰᠡᠬᠦ᠂ ᠴᠠᠭ ᠲᠤᠬᠠᠶ ᠳᠤᠨᠢ ᠲᠠᠩᠰᠠ ᠮᠡᠳᠡᠭᠦᠯᠦᠭᠰᠡᠨ ᠡᠰᠡᠬᠦ᠂ ᠲᠣᠰᠬᠤᠨ ᠤ ᠱᠠᠲᠤᠨ ᠤ ᠣᠷᠣᠯᠭ᠎ᠠ ᠵᠠᠷᠤᠯᠭ᠎ᠠ ᠶᠢᠨ ᠠᠰᠠᠭᠤᠳᠠᠯ ᠣᠷᠣᠰᠢᠵᠤ ᠪᠠᠶᠢᠬᠤ ᠡᠰᠡᠬᠦ᠂ ᠰᠤᠯᠠ ᠪᠠᠷᠢᠮᠲᠠ ᠶᠢ ᠲᠠᠩᠰᠠᠨ ᠳᠤ ᠣᠷᠣᠭᠤᠯᠬᠤ᠂ ᠬᠤᠪᠢ ᠪᠠᠷ ᠢᠶᠠᠨ ︽ᠵᠢᠵᠢᠭ ᠮᠥᠩᠭᠦᠨ ᠬᠥᠮᠥᠷᠭᠡ︾ ᠭᠠᠷᠭᠠᠭᠰᠠᠨ ᠵᠡᠷᠭᠡ ᠦᠵᠡᠭᠳᠡᠯ ᠣᠷᠣᠰᠢᠵᠤ ᠪᠠᠶᠢᠬᠤ ᠡᠰᠡᠬᠦ ᠶᠢ ᠭᠤᠤᠯᠳᠠᠯᠭ᠎ᠠ ᠲᠠᠢ ᠪᠠᠷ ᠪᠠᠶᠢᠴᠠᠭᠠᠨ‌‍ᠰᠢᠢᠳᠪᠦᠷᠢᠯᠡᠬᠦ ᠶᠢ ᠪᠠᠭᠲᠠᠭᠠᠭᠰᠠᠨ ᠬᠥᠳᠡᠭᠡ ᠲᠣᠰᠬᠤᠨ ᠤ ᠠᠵᠤ ᠠᠬᠤᠶ ᠶᠢᠨ ᠲᠤᠬᠠᠶᠢᠯᠠᠭᠰᠠᠨ ᠠᠵᠢᠯ ᠤᠨ ᠲᠠᠰᠤᠭ ᠤᠨ ᠬᠠᠷᠢᠭᠤᠴᠠᠯᠭᠠᠲᠠᠨ ᠹᠦ᠋ ᠶᠠ ᠬᠤᠶ ᠲᠣᠰᠬᠤᠨ ᠤ ᠬᠠᠮᠲᠤ ᠶᠢᠨ ︽ᠭᠤᠷᠪᠠᠨ ᠪᠠᠯᠠ ᠮᠥᠩᠭᠦ︾ ᠶᠢᠨ ᠬᠢᠨᠠᠯᠲᠠ ᠬᠠᠮᠢᠶᠠᠷᠤᠯᠲᠠ ᠶᠢᠨ ᠠᠰᠠᠭᠤᠳᠠᠯ ᠢ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠬᠤ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠡᠳ᠋ ᠬᠥᠷᠥᠩᠭᠡ ᠶᠢᠨ ᠡᠬᠢ ᠪᠠᠶᠠᠯᠢᠭ ᠢ ᠴᠠᠭ ᠲᠤᠬᠠᠶ ᠳᠤᠨᠢ ᠲᠠᠩᠰᠠᠨ ᠳᠤ ᠣᠷᠣᠭᠤᠯᠤᠭᠰᠠᠨ ᠡᠰᠡᠬᠦ᠂ ᠡᠳ᠋ ᠬᠥᠷᠥᠩᠭᠡ ᠶᠢᠨ ᠡᠬᠢ ᠪᠠᠶᠠᠯᠢᠭ ᠢ ᠰᠢᠢᠳᠪᠦᠷᠢᠯᠡᠬᠦ ᠳᠤ ︽ᠳᠥᠷᠪᠡ ᠶᠢ ᠵᠥᠪᠯᠡᠵᠦ ᠬᠤᠶᠠᠷ ᠢ ᠢᠯᠡ ᠪᠣᠯᠭᠠᠬᠤ︾ ᠲᠦᠷᠢᠮ ᠢ ᠬᠡᠷᠡᠭᠵᠢᠭᠦᠯᠦᠭᠰᠡᠨ ᠡᠰᠡᠬᠦ᠂ ᠭᠠᠵᠠᠷ ᠰᠢᠷᠣᠶ ᠶᠢᠨ ᠡᠷᠭᠢᠯᠲᠡ ᠶᠢᠨ ᠳᠠᠭᠠᠭᠠᠴᠢᠯᠠᠯᠲᠠ ᠶᠢᠨ ᠶᠠᠪᠤᠴᠠ ᠨᠢ ᠵᠢᠷᠤᠮᠵᠢᠭᠰᠠᠨ ᠡᠰᠡᠬᠦ᠂ ︽ᠭᠤᠷᠪᠠᠨ ᠪᠠᠯᠠ ᠮᠦᠩᠭᠬᠦ︾ ᠶᠢᠨ ᠬᠠᠮᠢᠶᠠᠷᠤᠯᠲᠠ ᠨᠢ ᠲᠠᠩᠰᠠ ᠲᠠᠩᠰᠠ ᠨᠢ ᠬᠠᠷᠢᠯᠴᠠᠨ ᠨᠡᠶᠢᠴᠡᠭᠰᠡᠨ ᠡᠰᠡᠬᠦ᠂ ᠲᠠᠩᠰᠠ ᠪᠣᠳᠠᠲᠤ ᠨᠢ ᠬᠠᠷᠢᠯᠴᠠᠨ ᠨᠡᠶᠢᠴᠡᠭᠰᠡᠨ ᠡᠰᠡᠬᠦ᠂ ᠢᠯᠠᠩᠭᠤᠶ᠎ᠠ ᠲᠣᠭᠲᠠᠮᠠᠯ ᠬᠥᠷᠥᠩᠭᠡ ᠶᠢᠨ ᠬᠠᠮᠢᠶᠠᠷᠤᠯᠲᠠ ᠵᠡᠷᠭᠡ ᠪᠠᠶᠢᠳᠠᠯ ᠳᠤ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠠᠵᠢᠯ ᠢ ᠬᠢᠬᠦ ᠬᠡᠷᠡᠭᠲᠡᠶ᠃    ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠲᠣᠰᠬᠤᠨ ᠤ ᠬᠢᠨ ᠣᠳᠣᠬᠠᠨ ᠤ ᠪᠠᠶᠢᠳᠠᠯ ᠢ ᠰᠡᠷᠭᠡᠭ ᠢᠶᠠᠷ ᠲᠠᠨᠢᠵᠤ᠂ ᠲᠤᠰ ᠠᠵᠢᠯ ᠢ ᠥᠷᠨᠢᠭᠦᠯᠬᠦ ᠶᠢᠨ ᠴᠢᠬᠤᠯᠠ ᠴᠢᠨᠠᠷ ᠢ ᠲᠣᠳᠣᠷᠬᠠᠶ ᠲᠠᠨᠢᠵᠤ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ ᠪᠣᠯᠤᠨ ᠳᠤᠭᠤᠶᠢᠯᠠᠩ ᠳᠠᠭᠠᠭᠠᠴᠢᠯᠠᠭᠰᠠᠨ ᠭᠠᠴᠠᠭᠠᠨ ᠤ ᠺᠠᠳ᠋ᠷ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠴᠡᠭᠴᠡᠯᠡᠨ ᠵᠠᠰᠠᠬᠤ ᠶᠢ ᠠᠳᠬᠤᠵᠤ᠂ ᠵᠠᠰᠠᠯᠲᠠ ᠶᠢᠨ ᠭᠤᠣᠯᠳᠠᠯᠭ᠎ᠠ ᠲᠠᠢ ᠬᠠᠷᠢᠴᠠᠭᠤᠯᠵᠤ᠂ ᠪᠦᠬᠦ ᠲᠠᠯ᠎ᠠ ᠪᠠᠷ ᠡᠮᠬᠢᠯᠡᠵᠦ᠂ ᠬᠥᠳᠡᠭᠡ ᠲᠣᠰᠬᠤᠨ ᠤ ᠬᠠᠮᠲᠤ ᠶᠢᠨ ︽ᠪᠡᠯᠡ ᠮᠥᠩᠭᠦ ᠡᠬᠢ ᠪᠠᠶᠠᠯᠢᠭ︾ ᠤᠨ ᠬᠦᠷᠢᠶᠡᠨ ᠳᠠᠬᠢ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠠᠵᠢᠯ ᠤᠨ ᠨᠠᠶᠢᠳᠠᠪᠤᠷᠢᠵᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠬᠥᠳᠡᠭᠡ ᠲᠣᠰᠬᠤᠨ ᠤ ᠬᠠᠮᠲᠤ ᠶᠢᠨ ᠡᠷᠬᠡ ᠠᠰᠢᠭ ᠢ ᠦᠨᠡᠨᠬᠦ ᠬᠠᠮᠠᠭᠠᠯᠠᠵᠤ᠂ ᠤᠯᠠᠨ ᠲᠦᠮᠡᠨ ᠤ ᠬᠠᠤᠯᠢ ᠶᠣᠰᠣᠨ ᠤ ᠠᠰᠢᠭ ᠲᠤᠰᠠ ᠶᠢ ᠪᠠᠲᠤᠯᠠᠵᠤ᠂ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠡᠷᠡᠭᠦᠯ ᠪᠥᠭᠡᠳ ᠥᠨᠳᠥᠷ ᠪᠦᠲᠦᠮᠵᠢᠲᠡᠢ ᠬᠥᠭᠵᠢᠯᠲᠡ ᠶᠢ ᠪᠡᠶᠡᠯᠡᠭᠦᠯᠬᠦ ᠬᠡᠷᠡᠭᠲᠡᠢ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ