5 ᠳ᠋ᠤᠭᠠᠷ ᠰᠠᠷ᠎ᠠ ᠶᠢᠨ 19 ᠤ ᠡᠳᠦᠷ᠂ ᠭᠤᠴᠢᠨ ᠳᠥᠷᠪᠡᠳᠡᠬᠢ ᠪᠥᠬᠦ ᠤᠯᠤᠰ ᠤᠨ ᠵᠡᠮᠳᠡᠭᠴᠦᠳ ᠢ ᠲᠤᠰᠠᠯᠠᠬᠤ ᠡᠳᠦᠷ ᠵᠢᠴᠢ ︽ᠤᠮᠠᠷᠠᠲᠤ ᠬᠢᠯᠢ ᠶᠢᠨ ᠡᠨᠡᠷᠢᠯ | ᠣᠯᠠᠨ ᠬᠡᠯᠪᠡᠷᠢᠲᠦ ᠠᠮᠢᠳᠤᠷᠠᠯ︾ ᠥᠪᠥᠷ ᠮᠣᠩᠭᠤᠯ ᠤᠨ ᠠᠩᠬᠠᠳᠠᠭᠴᠢ ᠬᠤᠭᠤᠴᠠᠭᠠᠨ ᠤ ᠵᠡᠮᠳᠡᠭᠴᠦᠳ ᠤᠨ ᠤᠷᠠᠯᠢᠭ ᠤᠨ ᠪᠠᠶᠠᠷ ᠬᠥᠬᠡᠬᠤᠲᠠ ᠳᠤ ᠡᠬᠢᠯᠡᠪᠡ᠃ | ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠠᠵᠢᠯ ᠤᠨ ᠵᠥᠪᠯᠡᠯ ᠤᠨ ᠡᠷᠬᠢᠯᠡᠭᠴᠢ ᠴᠢ᠊ ᠪᠠᠲᠤ | ᠣᠷᠣᠯᠴᠠᠪᠠ᠃ | ᠲᠤᠬᠠᠢ ᠶᠢᠨ ᠲᠠᠯᠠᠪᠤᠷ ᠲᠤ᠂ ᠥᠪᠥᠷ ᠮᠣᠩᠭᠤᠯ ᠤᠨ ᠵᠡᠮᠳᠡᠭᠴᠦᠳ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠵᠢᠩᠬᠢᠨᠢ ᠪᠠᠷ ᠡᠬᠢᠯᠡᠨ ᠠᠵᠢᠯᠯᠠᠵᠤ᠂ | ᠪᠥᠬᠦ ᠣᠷᠣᠨ ᠤ ᠵᠡᠮᠳᠡᠭᠴᠦᠳ ᠲᠤ ᠨᠠᠷᠢᠯᠢᠭ ᠦᠢᠯᠡᠴᠢᠯᠡᠭᠡ ᠬᠠᠩᠭᠠᠬᠤ ᠪᠣᠯᠣᠨ᠎ᠠ︔ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠨᠥᠬᠦᠴᠡᠯ ᠳᠤ ᠨᠡᠶᠢᠴᠡᠭᠰᠡᠨ | 6 ᠵᠡᠮᠳᠡᠭ ᠬᠥᠮᠥᠨ ᠣᠶᠤᠨᠲᠤ ᠮᠠᠰᠢᠨ ᠬᠥᠮᠥᠨ ᠣᠯᠪᠠ︔ ᠳᠤᠮᠳᠠᠳᠤ ᠤᠯᠤᠰ ᠤᠨ ᠵᠡᠮᠳᠡᠭᠴᠦᠳ ᠤᠨ ᠤᠷᠠᠯᠢᠭ ᠤᠨ ᠪᠦᠯᠬᠦᠮ ᠭᠤᠶᠣ ᠰᠠᠶᠢᠬᠠᠨ ᠲᠣᠭᠯᠠᠯᠲᠠ | ᠭᠠᠷᠭᠠᠪᠠ᠃ | ᠣᠶᠢᠯᠠᠭᠠᠭᠰᠠᠨ ᠢᠶᠠᠷ᠂ ᠪᠥᠬᠦ ᠣᠷᠣᠨ ᠤ ᠡᠯ᠎ᠡ ᠱᠠᠲᠤᠨ ᠤ ᠵᠡᠮᠳᠡᠭᠴᠦᠳ ᠤᠨ ᠬᠤᠯᠪᠣᠭ᠎ᠠ ᠨᠢ ᠪᠥᠬᠦ ᠤᠯᠤᠰ ᠤᠨ ᠵᠡᠮᠳᠡᠭᠴᠦᠳ ᠢ ᠲᠤᠰᠠᠯᠠᠬᠤ ᠡᠳᠦᠷ ᠤᠨ | ᠲᠣᠭᠤᠷᠢᠨ ᠳᠤ ᠵᠡᠮᠳᠡᠭᠴᠦᠳ ᠢ ᠬᠠᠪᠰᠤᠷᠤᠨ ᠲᠡᠳᠬᠦᠬᠦ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠵᠡᠮᠳᠡᠭᠴᠦᠳ ᠲᠠᠬᠢ ᠬᠠᠶᠢᠷ᠎ᠠ ᠬᠠᠯᠠᠮᠵᠢ ᠪᠠᠨ ᠳᠠᠮᠵᠢᠭᠤᠯᠵᠤ᠂ | ᠵᠡᠮᠳᠡᠭᠴᠦᠳ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠠ᠃ |