5 ᠰᠠᠷ᠎ᠠ ᠶᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠰᠣᠨᠢᠨ ᠮᠡᠳᠡᠭᠡ ᠨᠡᠶᠢᠲᠡᠯᠡᠬᠦ | ᠬᠤᠷᠠᠯ ᠬᠢᠵᠦ᠂ ᠥᠪᠡᠷᠲᠡᠭᠡᠨ ᠵᠠᠰᠠᠬᠤ ᠣᠷᠣᠨ ᠤ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠷᠦᠩᠬᠡᠢ ᠠᠩᠭᠢ᠂ ᠥᠪᠡᠷᠲᠡᠭᠡᠨ ᠵᠠᠰᠠᠬᠤ | ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠢ ᠪᠠ ᠬᠥᠳᠡᠭᠡ ᠳᠤᠰᠬᠤᠨ ᠮᠠᠯᠵᠢᠬᠤ ᠣᠷᠣᠨ ᠤ ᠲᠢᠩᠬᠢᠮ ᠤᠨ ᠬᠠᠷᠢᠭᠤᠴᠠᠯᠭᠠᠲᠠᠨ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ | ᠨᠡᠶᠢᠲᠡ ᠶᠢᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠲᠥᠬᠦᠭᠡᠷᠦᠮᠵᠢ ᠶᠢᠨ ᠬᠠᠮᠢᠶᠠᠷᠤᠯᠲᠠ ᠶᠢᠨ ᠠᠷᠭ᠎ᠠ ︾ ᠳᠤ ᠲᠠᠶᠢᠯᠤᠮᠵᠢ ᠬᠢᠪᠡ᠃ | 2024 ᠣᠨ ᠤ 4 ᠰᠠᠷ᠎ᠠ ᠶᠢᠨ 30 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ 265 ᠳ᠋ᠤᠭᠠᠷ ᠲᠣᠭᠠᠲᠤ ᠵᠠᠷᠯᠢᠭ ᠲᠤ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠭᠠᠯ ᠤᠨᠲᠠᠷᠠᠭᠠᠬᠤ ᠲᠥᠬᠦᠭᠡᠷᠦᠮᠵᠢ ᠶᠢᠨ ᠬᠠᠮᠢᠶᠠᠷᠤᠯᠲᠠ ᠶᠢᠨ ᠠᠷᠭ᠎ᠠ ︾ ᠶᠢ | ᠨᠡᠶᠢᠲᠡᠯᠡᠵᠦ᠂ 2024 ᠣᠨ ᠤ 6 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠬᠦ ᠪᠣᠯᠣᠨ᠎ᠠ᠂ ᠡᠨᠡ ᠨᠢ ᠥᠪᠡᠷᠲᠡᠭᠡᠨ ᠵᠠᠰᠠᠬᠤ ᠣᠷᠣᠨ ᠤ ᠣᠯᠠᠨ | ᠨᠡᠶᠢᠲᠡ ᠶᠢᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠲᠥᠬᠦᠭᠡᠷᠦᠮᠵᠢ ᠶᠢᠨ ᠬᠠᠮᠢᠶᠠᠷᠤᠯᠲᠠ ᠶᠢᠨ ᠠᠵᠢᠯ ᠬᠠᠤᠯᠢᠵᠢᠭᠰᠠᠨ ᠵᠠᠮ ᠳᠤ ᠣᠷᠣᠭᠰᠠᠨ ᠢ ᠬᠠᠷᠠᠭᠤᠯᠵᠤ ᠪᠤᠶ᠃ | ︽ᠠᠷᠭ᠎ᠠ︾ ᠨᠢ ᠨᠡᠶᠢᠲᠡ 30 ᠵᠦᠢᠯ ᠢ ᠪᠠᠭᠲᠠᠭᠠᠵᠤ᠂ ᠪᠦᠭᠦ ᠣᠷᠣᠨ ᠤ ᠣᠯᠠᠨ ᠨᠡᠶᠢᠲᠡ ᠶᠢᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠲᠥᠬᠦᠭᠡᠷᠦᠮᠵᠢ ᠶᠢᠨ | ᠬᠠᠮᠢᠶᠠᠷᠤᠯᠲᠠ ᠶᠢ ᠬᠢᠵᠠᠭᠠᠷᠯᠠᠵᠤ ᠪᠠᠶᠢᠭ᠎ᠠ ᠪᠣᠭᠤᠮᠢ ᠶᠢᠨ ᠠᠰᠠᠭᠤᠳᠠᠯ ᠳᠤ ᠴᠢᠭᠯᠡᠭᠦᠯᠦᠨ᠂ ᠦᠵᠦ ᠲᠥᠯᠥᠪᠯᠡᠭᠡ ᠶᠢᠨ ᠲᠠᠯ᠎ᠠ ᠠᠴᠠ ᠳᠦᠷᠢᠮ ᠲᠣᠭᠲᠠᠭᠠᠯ ᠲᠣᠭᠲᠠᠭᠠᠵᠤ | ᠂ ᠬᠠᠷᠢᠭᠤᠴᠠᠯᠭ᠎ᠠ ᠶᠢ ᠨᠠᠷᠢᠯᠢᠭᠵᠢᠭᠤᠯᠤᠨ᠂ ᠪᠦᠭᠦ ᠣᠷᠣᠨ ᠤ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ ᠵᠠᠰᠠᠯᠲᠠ ᠶᠢᠨ ᠬᠢᠷᠢ ᠬᠡᠮᠵᠢᠶ᠎ᠡ ᠶᠢ | ᠴᠢᠨᠠᠭᠰᠢᠳᠠ ᠳᠡᠭᠡᠭᠰᠢᠯᠡᠭᠦᠯᠭᠦ ᠳᠤ ᠠᠰᠢᠭᠲᠠᠢ ᠶᠤᠮ᠃ ︽ᠠᠷᠭ᠎ᠠ ︾ ᠳᠠᠬᠢ ᠣᠯᠠᠨ ᠨᠡᠶᠢᠲᠡ ᠶᠢᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠲᠥᠬᠦᠭᠡᠷᠦᠮᠵᠢ ᠭᠡᠳᠡᠭ ᠨᠢ | ᠣᠯᠠᠨ ᠨᠡᠶᠢᠲᠡ ᠶᠢᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠢ ᠪᠠᠲᠤᠯᠠᠬᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠰᠠᠭᠤᠷᠢ ᠲᠥᠬᠦᠭᠡᠷᠦᠮᠵᠢ ᠶᠢ | ᠵᠢᠭᠠᠵᠤ ᠪᠠᠶᠢᠳᠠᠭ᠃ | ︽ᠠᠷᠭ᠎ᠠ ︾ ᠳᠤ ᠭᠤᠣᠯᠳᠠᠭᠤ ᠳᠣᠣᠷᠠᠬᠢ ᠵᠢᠷᠭᠤᠭᠠᠨ ᠲᠠᠯ᠎ᠠ ᠶᠢᠨ ᠠᠭᠤᠯᠭ᠎ᠠ ᠶᠢ ᠲᠣᠳᠣᠷᠬᠠᠶᠢᠯᠠᠪᠠ᠃ ᠠᠵᠢᠯ ᠤᠨ ᠬᠤᠪᠢᠶᠠᠷᠢᠯᠠᠯ ᠢ ᠨᠠᠷᠢᠯᠢᠭᠵᠢᠭᠤᠯᠬᠤ | ᠲᠠᠯ᠎ᠠ ᠪᠠᠷ᠂ ᠡᠯ᠎ᠡ ᠱᠠᠲᠤᠨ ᠤ ᠵᠠᠰᠠᠭ ᠤᠨ ᠣᠷᠳᠣᠨ᠂ ᠬᠠᠮᠢᠶ᠎ᠠ ᠪᠦᠬᠦᠢ ᠰᠠᠯᠠᠭ᠎ᠠ ᠮᠥᠴᠢᠷ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ | ᠪᠠᠶᠢᠭᠤᠯᠤᠮᠵᠢ ᠪᠠ ᠤᠰᠤ ᠴᠠᠭᠢᠯᠭᠠᠨ ᠬᠠᠩᠭᠠᠬᠤ ᠵᠡᠷᠭᠡ ᠨᠡᠶᠢᠲᠡ ᠶᠢᠨ ᠬᠡᠷᠡᠭᠯᠡᠭᠡᠨ ᠤ ᠠᠵᠤ ᠠᠬᠤᠶᠢᠯᠠᠯ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠪᠠ ︔ | ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ᠂ ᠣᠯᠠᠨ ᠨᠡᠶᠢᠲᠡ ᠶᠢᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠲᠥᠬᠦᠭᠡᠷᠦᠮᠵᠢ ᠶᠢ ᠨᠡᠮᠡᠵᠦ ᠪᠠᠶᠢᠭᠤᠯᠬᠤ᠂ ᠥᠭᠡᠷᠡᠴᠢᠯᠡᠨ | ᠪᠠᠶᠢᠭᠤᠯᠬᠤ᠂ ᠢᠵᠢ ᠪᠦᠷᠢᠳᠦᠭᠦᠯᠬᠦ ᠵᠡᠷᠭᠡ ᠲᠠᠯ᠎ᠠ ᠪᠠᠷ ᠪᠣᠳᠠᠲᠠᠢ ᠱᠠᠭᠠᠷᠳᠠᠯᠭ᠎ᠠ ᠳᠤᠷᠠᠳᠪᠠ ︔ ᠬᠠᠮᠠᠭᠠᠯᠠᠵᠤ ᠬᠠᠮᠢᠶᠠᠷᠬᠤ ᠲᠠᠯ᠎ᠠ ᠪᠠᠷ᠂ ᠶᠠᠮᠠᠷᠪᠠ ᠨᠢᠭᠡᠴᠢ ᠪᠠ ᠬᠤᠪᠢ | ᠬᠥᠮᠥᠨ ᠣᠯᠠᠨ ᠨᠡᠶᠢᠲᠡ ᠶᠢᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠲᠥᠬᠦᠭᠡᠷᠦᠮᠵᠢ ᠶᠢ ᠡᠪᠳᠡᠵᠦ᠂ ᠨᠡᠭᠦᠯᠭᠡᠨ ᠬᠡᠷᠡᠭᠯᠡᠬᠦ ᠪᠤᠶᠤ ᠳᠤᠷ᠎ᠠ ᠪᠠᠷ ᠢᠶᠠᠨ ᠨᠤᠷᠠᠭᠠᠬᠤ᠂ | ᠬᠡᠷᠡᠭᠯᠡᠬᠦ ᠶᠢ ᠨᠢ ᠵᠣᠭᠰᠣᠭᠠᠵᠤ ᠪᠤᠯᠬᠤ ᠦᠭᠡᠢ ᠭᠡᠬᠦ ᠵᠡᠷᠭᠡ ᠳᠤ ᠪᠣᠳᠠᠲᠠᠢ ᠱᠠᠭᠠᠷᠳᠠᠯᠭ᠎ᠠ ᠳᠤᠷᠠᠳᠴᠠᠶ ︔ ᠭᠠᠯ ᠰᠡᠷᠭᠡᠶᠢᠯᠡᠵᠦ ᠭᠠᠯ ᠤᠨᠲᠠᠷᠠᠭᠠᠵᠤ ᠠᠪᠤᠷᠠᠨ | ᠲᠤᠰᠠᠯᠠᠬᠤ ᠶᠢ ᠪᠠᠲᠤᠯᠠᠬᠤ ᠲᠠᠯ᠎ᠠ ᠪᠠᠷ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠵᠢᠯᠤᠭᠤᠳᠬᠤ ᠲᠥᠪ ᠨᠢ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠣᠨ ᠨᠢᠭᠡᠴᠢ ᠯᠦᠭᠡ | ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠲᠣᠬᠢᠷᠠᠭᠤᠯᠤᠨ ᠵᠢᠯᠤᠭᠤᠳᠬᠤ ᠲᠤᠰᠬᠠᠢ ᠤᠲᠠᠰᠤ ᠲᠣᠬᠢᠷᠠᠭᠤᠯᠵᠤ᠂ ᠬᠠᠮᠢᠶ᠎ᠠ ᠪᠦᠬᠦᠢ ᠠᠵᠢᠯ ᠢ ᠬᠠᠮᠵᠢᠯᠴᠠᠨ | ᠵᠣᠯᠭᠠᠭᠤᠯᠬᠤ ᠭᠡᠷᠡᠭᠲᠡᠢ ︔ ᠭᠠᠯ ᠰᠡᠷᠭᠡᠶᠢᠯᠡᠵᠦ ᠭᠠᠯ ᠤᠨᠲᠠᠷᠠᠭᠠᠬᠤ ᠲᠡᠷᠭᠡᠨ ᠤ ᠨᠡᠪᠲᠡᠷᠡᠬᠦ ᠵᠠᠮ ᠢ ᠬᠠᠮᠠᠭᠠᠯᠠᠨ ᠬᠠᠮᠢᠶᠠᠷᠬᠤ ᠲᠠᠯ᠎ᠠ ᠪᠠᠷ᠂ ᠭᠠᠯ ᠰᠡᠷᠭᠡᠶᠢᠯᠡᠵᠦ ᠭᠠᠯ | ᠤᠨᠲᠠᠷᠠᠭᠠᠬᠤ ᠲᠡᠷᠭᠡᠨ ᠤ ᠨᠡᠪᠲᠡᠷᠡᠬᠦ ᠵᠠᠮ ᠢ ᠰᠠᠭᠠᠳ ᠦᠭᠡᠢ ᠨᠡᠪᠲᠡᠷᠡᠭᠦᠯᠬᠦ ᠶᠢ ᠦᠨᠡᠨ ᠬᠦ ᠪᠠᠲᠤᠯᠠᠵᠤ᠂ ᠬᠤᠲᠠ ᠶᠢᠨ ᠵᠠᠮ ᠨᠢ ᠭᠠᠯ ᠰᠡᠷᠭᠡᠶᠢᠯᠡᠵᠦ ᠭᠠᠯ | ᠤᠨᠲᠠᠷᠠᠭᠠᠬᠤ ᠲᠡᠷᠭᠡᠨ ᠤ ᠨᠡᠪᠲᠡᠷᠡᠬᠦ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ ︔ ᠭᠠᠯ ᠤᠨᠲᠠᠷᠠᠭᠠᠬᠤ ᠳᠤ ᠬᠡᠷᠡᠭᠯᠡᠬᠦ ᠤᠰᠤᠨ ᠤ ᠠᠮᠤᠷ ᠲᠦᠪᠰᠢᠨ ᠢ ᠦᠨᠡᠨ ᠬᠦ | ᠪᠠᠲᠤᠯᠠᠬᠤ ᠲᠠᠯ᠎ᠠ ᠪᠠᠷ᠂ ᠤᠰᠤ ᠬᠠᠩᠭᠠᠬᠤ ᠨᠢᠭᠡᠴᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠯᠲᠠ ᠬᠢᠵᠦ᠂ ᠤᠰᠤ ᠬᠠᠩᠭᠠᠬᠤ ᠵᠠᠰᠠᠭ ᠵᠠᠬᠢᠷᠭᠠᠨ ᠤ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠪᠣᠯᠣᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠪᠠᠶᠢᠭᠤᠯᠤᠮᠵᠢ ᠳᠤ ᠭᠠᠯ ᠤᠨᠲᠠᠷᠠᠭᠠᠬᠤ ᠤᠰᠤᠨ ᠤ ᠰᠤᠷᠪᠤᠯᠵᠢ | ᠵᠡᠷᠭᠡ ᠬᠠᠮᠢᠶ᠎ᠠ ᠪᠦᠬᠦᠢ ᠮᠠᠲ᠋ᠧᠷᠢᠶᠠᠯ ᠢ ᠲᠣᠭᠲᠠᠮᠠᠯ ᠬᠤᠭᠤᠴᠠᠭ᠎ᠠ ᠲᠠᠢ ᠪᠠᠷ ᠬᠠᠩᠭᠠᠬᠤ ᠬᠡᠷᠡᠭᠲᠡᠢ ᠭᠡᠵᠦ ᠱᠠᠭᠠᠷᠳᠠᠪᠠ᠃ |