5 ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ | ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠤᠯᠠᠮᠵᠢᠯᠠᠵᠤ᠂ ᠬᠤᠯᠪᠣᠭᠳᠠᠯ ᠪᠦᠬᠦᠢ ᠪᠠᠶᠢᠳᠠᠯ ᠢ ᠮᠡᠳᠡᠭᠳᠡᠵᠦ᠂ ᠠᠮᠢ ᠠᠬᠤᠢ ᠣᠷᠴᠢᠨ ᠲᠣᠭᠤᠷᠢᠨ ᠤ | ᠬᠠᠮᠠᠭᠠᠯᠠᠯᠲᠠ ᠪᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠥᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠡᠨᠡ ᠬᠦ ︽ | ᠤᠯᠤᠰ ᠤᠨ ᠶᠡᠭᠡ ᠶᠠᠪᠤᠳᠠᠯ︾ ᠢ ᠪᠠᠲᠤ ᠴᠡᠭᠡᠵᠢᠯᠡᠵᠦ᠂ ᠠᠮᠢ ᠠᠬᠤᠢ ᠣᠷᠴᠢᠨ ᠲᠣᠭᠤᠷᠢᠨ ᠤ ᠠᠮᠤᠷ ᠲᠦᠪᠰᠢᠨ ᠤ ᠡᠨᠡ ᠬᠦ ᠬᠦᠪᠴᠢ ᠶᠢ ᠴᠠᠭ ᠢᠮᠠᠭᠲᠠ | ᠴᠢᠩᠭᠠᠯᠠᠵᠤ᠂ ︽ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ︾ ᠬᠠᠷᠢᠭᠤᠴᠠᠯᠭᠠᠲᠦ ᠰᠡᠳᠬᠢᠯᠭᠡ ᠪᠠ ︽ᠶᠠᠪᠤᠳᠠᠯ ᠪᠣᠯᠭᠠᠨ ᠳᠤ ᠳᠣᠲᠣᠷ᠎ᠠ ᠪᠠᠨ ᠲᠤᠭ᠎ᠠ ᠲᠠᠢ | ᠪᠠᠶᠢᠬᠤ︾ ᠬᠡᠷᠡᠭᠵᠢᠭᠦᠯᠬᠦ ᠬᠦᠴᠦᠨ ᠢᠶᠠᠷ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠠᠶᠢᠲᠤᠷ | ᠨᠠᠶᠢᠳᠠᠪᠤᠷᠢᠵᠢᠭᠤᠯᠵᠤ᠂ ᠬᠠᠮᠠᠭᠠᠯᠠᠬᠤ᠂ ᠵᠠᠰᠠᠬᠤ᠂ ᠴᠡᠭᠴᠡᠯᠡᠨ ᠰᠠᠶᠢᠵᠢᠷᠠᠭᠤᠯᠬᠤ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ | ᠬᠥᠭᠵᠢᠯᠲᠡ ᠶᠢ ᠠᠳᠬᠤᠪᠠᠯ ᠬᠠᠮᠠᠭᠠᠯᠠᠯᠲᠠ ᠶᠢ ᠠᠳᠬᠤᠬᠤ ᠪᠠᠨ ᠮᠠᠷᠲᠠᠬᠤ ᠶᠢ ᠡᠷᠡᠰ ᠰᠡᠷᠭᠡᠶᠢᠯᠡᠵᠦ᠂ ᠨᠢᠭᠡ ᠲᠦᠯᠬᠢᠪᠡᠯ ᠨᠢᠭᠡ ᠬᠦᠴᠦᠯᠡᠵᠦ᠂ ᠲᠦᠯᠬᠢᠬᠦ ᠦᠭᠡᠢ ᠪᠣᠯ | ᠬᠦᠳᠡᠯᠬᠦ ᠦᠭᠡᠢ ᠪᠠᠶᠢᠬᠤ ᠶᠢ ᠡᠷᠡᠰ ᠰᠡᠷᠭᠡᠶᠢᠯᠡᠵᠦ᠂ ᠨᠢᠭᠤᠷ ᠲᠠᠯ᠎ᠠ ᠬᠠᠷᠠᠬᠤ᠂ ᠰᠠᠶᠢᠨ ᠬᠦᠮᠦᠨ ᠪᠣᠯᠬᠤ᠂ ᠬᠢᠨᠠᠯᠲᠡ ᠬᠠᠮᠢᠶᠠᠷᠤᠯᠲᠠ ᠳᠤ ︽ᠠᠭᠤᠵᠢᠭᠤ ᠰᠤᠯᠠ | ᠵᠥᠭᠡᠯᠡᠨ︾ ᠪᠠᠶᠢᠬᠤ ᠶᠢ ᠡᠷᠡᠰ ᠰᠡᠷᠭᠡᠶᠢᠯᠡᠵᠦ᠂ ︽ᠪᠠᠷᠤᠭ ᠲᠥᠯᠥᠪ︾᠂ ︽ᠠᠷᠭᠠᠴᠠᠭᠠᠵᠤ ᠳᠡᠶᠢᠯᠬᠦ︾ ᠣᠪᠣᠷ ᠢᠶᠠᠷ ᠴᠡᠭᠴᠡᠯᠡᠨ ᠥᠭᠡᠷᠡᠴᠢᠯᠡᠬᠦ ᠠᠵᠢᠯ ᠢ | ᠠᠳᠬᠤᠬᠤ ᠶᠢ ᠡᠷᠡᠰ ᠰᠡᠷᠭᠡᠶᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠦᠴᠢᠷ ᠤᠨ ᠬᠢᠨ ᠡᠯ᠎ᠡ ᠲᠦᠷᠦᠯ ᠤᠨ ᠱᠠᠯᠠᠪᠳᠠᠭᠤᠯᠤᠨ ᠪᠠᠶᠢᠴᠠᠭᠠᠵᠤ ᠬᠢᠨᠠᠨ ᠰᠢᠯᠭᠠᠭᠰᠠᠨ᠂ ᠣᠯᠠᠨ | ᠲᠦᠮᠡᠨ ᠤ ᠲᠤᠰᠬᠠᠭᠰᠠᠨ ᠠᠰᠠᠭᠤᠳᠠᠯ ᠢ ᠴᠢᠩᠭ᠎ᠠ ᠠᠩᠬᠠᠷᠴᠤ᠂ ᠦᠨᠡᠨ ᠪᠤᠲᠠᠲᠠᠢ ᠠᠵᠢᠯᠯᠠᠵᠤ᠂ ᠬᠦᠴᠦᠲᠡᠢ ᠠᠷᠭ᠎ᠠ ᠬᠡᠮᠵᠢᠶ᠎ᠠ ᠠᠪᠴᠤ᠂ ᠰᠠᠮᠠᠭᠤᠨ ᠦᠵᠡᠭᠳᠡᠯ ᠢ | ᠵᠠᠰᠠᠵᠤ᠂ ᠲᠤᠰᠬᠠᠢ ᠠᠵᠢᠯᠯᠠᠭ᠎ᠠ ᠦᠷᠨᠢᠭᠦᠯᠵᠦ᠂ ᠲᠣᠭᠲᠠᠭᠠᠯ ᠠᠴᠠ ᠵᠦᠷᠢᠴᠡᠨ ᠤᠰᠤ ᠠᠪᠴᠤ ᠬᠡᠷᠡᠭᠯᠡᠬᠦ᠂ ᠬᠠᠤᠯᠢ ᠪᠤᠰᠤ ᠪᠠᠷ ᠪᠣᠬᠢᠷᠳᠤᠯ ᠪᠤᠳᠠᠰ | ᠭᠠᠳᠠᠭᠰᠢᠯᠠᠭᠤᠯᠬᠤ᠂ ᠳᠤᠷ᠎ᠠ ᠪᠠᠷ ᠢᠶᠠᠨ ᠬᠤᠭ ᠨᠣᠪᠰᠢ ᠬᠠᠶᠠᠬᠤ᠂ ᠨᠤᠲᠤᠭ ᠪᠡᠯᠴᠢᠭᠡᠷ ᠣᠶᠢᠲᠦ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠬᠦ᠂ ᠰᠣᠬᠤᠷ | ᠪᠠᠯᠠᠢ ᠪᠠᠷ ︽ᠬᠤᠶᠠᠷ ᠦᠨᠳᠦᠷ ᠨᠢᠭᠡ ᠳᠣᠣᠷ᠎ᠠ︾ ᠲᠦᠷᠦᠯ ᠵᠦᠢᠯ ᠢ ᠬᠡᠷᠡᠭᠵᠢᠭᠦᠯᠬᠦ ᠵᠡᠷᠭᠡ ᠳᠣᠪᠤᠶᠢᠮ᠎ᠠ ᠠᠰᠠᠭᠤᠳᠠᠯ ᠢ ᠶᠡᠭᠡ ᠪᠠᠷ ᠴᠡᠭᠴᠡᠯᠡᠨ ᠵᠠᠰᠠᠵᠤ᠂ ᠨᠢᠭᠡ ᠠᠴᠠ | ᠨᠥᠭᠦᠭᠡ ᠶᠢ ᠵᠦᠢᠴᠢᠯᠡᠨ ᠠᠰᠠᠭᠤᠳᠠᠯ ᠢ ᠨᠢᠭᠡᠳ ᠨᠢᠭᠡ ᠪᠠᠷ ᠪᠤᠲᠠᠲᠠᠢ ᠴᠡᠭᠴᠡᠯᠡᠨ ᠰᠠᠶᠢᠵᠢᠷᠠᠭᠤᠯᠵᠤ᠂ ᠲᠦᠢᠯᠪᠤᠷᠢᠲᠠᠢ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ | ᠠᠶᠢᠮᠠᠭ ᠬᠤᠲᠠ᠂ ᠬᠤᠰᠢᠭᠤ ᠰᠢᠶᠠᠨ ᠤ ︽ᠨᠢᠭᠡᠳᠦᠭᠡᠷ ᠭᠠᠷ︾ ᠡᠷᠬᠡᠪᠰᠢ ᠦᠨᠡᠨ ᠬᠦ ᠭᠠᠷᠳᠠᠨ ᠬᠢᠵᠦ᠂ ︽ᠤᠳᠠᠭᠠᠨ᠂ ᠪᠦᠳᠦᠭᠦᠯᠢᠭ᠂ ᠬᠤᠳᠠᠯ︾ ᠪᠠᠶᠢᠬᠤ | ᠠᠰᠠᠭᠤᠳᠠᠯ ᠢ ᠡᠷᠡᠰ ᠲᠡᠪᠴᠢᠵᠤ᠂ ᠱᠠᠲᠤ ᠳᠠᠷᠠᠭᠠᠯᠠᠨ ᠬᠠᠷᠢᠭᠤᠴᠠᠯᠭ᠎ᠠ ᠶᠢᠨ ᠬᠡᠯᠬᠢᠶ᠎ᠡ ᠶᠢ ᠴᠢᠩᠭᠠᠯᠠᠵᠤ᠂ ᠠᠰᠠᠭᠤᠳᠠᠯ ᠤᠨ ᠨᠠᠷᠢᠨ ᠳᠠᠩᠰᠠ᠂ ᠠᠷᠭ᠎ᠠ ᠬᠡᠮᠵᠢᠶ᠎ᠡ ᠶᠢᠨ | ᠨᠠᠷᠢᠨ ᠳᠠᠩᠰᠠ᠂ ᠬᠠᠷᠢᠭᠤᠴᠠᠯᠭ᠎ᠠ ᠶᠢᠨ ᠨᠠᠷᠢᠨ ᠳᠠᠩᠰᠠ ᠶᠢ ᠪᠠᠶᠢᠭᠤᠯᠵᠤ᠂ ᠲᠤᠰᠬᠠᠢ ᠬᠦᠮᠦᠨ ᠬᠠᠷᠢᠭᠤᠴᠠᠵᠤ᠂ ᠲᠤᠰᠬᠠᠢ ᠵᠦᠢᠯ ᠢᠶᠠᠷ ᠱᠠᠯᠠᠪᠳᠠᠭᠤᠯᠤᠨ | ᠭᠦᠢᠴᠡᠳᠬᠡᠵᠦ᠂ ᠴᠡᠭᠴᠡᠯᠡᠨ ᠰᠠᠶᠢᠵᠢᠷᠠᠭᠤᠯᠬᠤ ᠶᠢ ᠲᠦᠷᠭᠡᠳᠬᠡᠨ᠂ ᠣᠨᠢᠨ ᠳᠡᠭᠡᠷ᠎ᠡ ᠨᠢ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠰᠠᠯᠠᠭ᠎ᠠ | ᠮᠦᠴᠢᠷ ᠤᠨ ᠬᠢᠨ ᠤᠬᠠᠭᠤᠯᠵᠤ ᠬᠦᠲᠦᠯᠦᠨ ᠵᠢᠯᠣᠭᠤᠳᠬᠤ ᠪᠠᠨ ᠴᠢᠩᠭᠠᠳᠬᠠᠵᠤ᠂ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠵᠦ᠂ ᠬᠠᠮᠠᠭᠠᠯᠠᠵᠤ ᠵᠠᠰᠠᠬᠤ | ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠲᠡᠭᠦᠯᠳᠡᠷᠵᠢᠭᠦᠯᠵᠦ᠂ ᠴᠢᠬᠤᠯᠠ ᠶᠡᠭᠡ ᠠᠮᠢ ᠠᠬᠤᠢ ᠶᠢ ᠵᠠᠰᠠᠨ ᠰᠡᠷᠭᠦᠭᠡᠬᠦ ᠢᠨᠵᠧᠨᠧᠷᠢᠩ ᠢ ᠰᠠᠶᠢᠲᠤᠷ | ᠬᠡᠷᠡᠭᠵᠢᠭᠦᠯᠵᠦ᠂ ᠨᠠᠮ ᠤᠨ ᠲᠥᠪ ᠬᠤᠷᠢᠶ᠎ᠠ ᠳᠤ ᠰᠠᠶᠢᠲᠤᠷ ᠳᠠᠩᠰᠠ ᠲᠤᠰᠢᠶᠠᠵᠤ᠂ ᠠᠷᠠᠳ ᠣᠯᠠᠨ ᠳᠤ ᠰᠠᠶᠢᠲᠤᠷ ᠬᠠᠭᠤᠳᠠᠰᠤ ᠲᠤᠰᠢᠶᠠᠬᠤ ᠬᠡᠷᠡᠭᠲᠡᠢ ᠭᠡᠵᠦ | ᠱᠠᠭᠠᠷᠳᠠᠪᠠ᠃ | ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠣᠣ ᠶᠦᠩ ᠪᠦᠸᠧ ᠬᠤᠷᠠᠯ ᠳᠤ ᠣᠷᠣᠯᠴᠠᠵᠠᠢ᠃ |