5 ᠳ᠋ᠤᠭᠠᠷ ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠥᠬᠦ ᠣᠷᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ | ᠵᠡᠷᠭᠡ ᠵᠠᠯᠠᠭᠤᠴᠤᠳ ᠤᠨ ᠠᠵᠢᠯ ᠣᠯᠬᠤ ᠦᠢᠯᠡᠰ ᠪᠣᠰᠬᠠᠬᠤ ᠠᠵᠢᠯ ᠤᠨ ᠲᠧᠯᠸᠢᠰ ᠤᠲᠠᠰᠤᠲᠤ ᠬᠤᠷᠠᠯ ᠢ ᠡᠷᠬᠢᠯᠡᠨ ᠬᠤᠷᠠᠯᠳᠤᠭᠤᠯᠪᠠ᠃ | ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠴᠢ᠊ ᠪᠠᠲᠤ᠂ ᠪᠦᠦ ᠰᠢᠶᠠᠨ ᠬᠤᠸᠠ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ | ᠵᠥᠪᠯᠡᠯᠭᠡᠨ ᠤ ᠳᠡᠳ᠋ ᠲᠡᠷᠢᠭᠦᠯᠡᠭᠴᠢ ᠶᠠᠩ ᠵᠢᠶᠧ ᠬᠤᠷᠠᠯ ᠳᠤ ᠣᠷᠣᠯᠴᠠᠪᠠ᠃ | ᠬᠤᠷᠠᠯ ᠳᠤ ᠱᠠᠭᠠᠷᠳᠠᠭᠰᠠᠨ ᠨᠢ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠵᠠᠯᠠᠭᠤᠴᠤᠳ ᠤᠨ ᠠᠵᠢᠯ ᠣᠯᠬᠤ ᠦᠢᠯᠡᠰ ᠪᠣᠰᠬᠠᠬᠤ ᠠᠵᠢᠯ ᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠠᠵᠢᠯ ᠣᠯᠬᠤ ᠶᠢ ᠲᠡᠷᠢᠭᠦᠨ ᠳᠤ ᠲᠠᠯᠪᠢᠬᠤ ᠤᠳᠤᠷᠢᠳᠤᠮᠵᠢ ᠶᠢ ᠴᠢᠩᠭᠠᠳᠬᠠᠵᠤ᠂ ᠤᠯᠠᠨ ᠠᠷᠭ᠎ᠠ ᠪᠠᠷ ᠠᠵᠢᠯ ᠤᠨ ᠪᠠᠶᠢᠷᠢ ᠶᠢ | ᠠᠭᠤᠳᠠᠯᠵᠤ᠂ ᠲᠦᠷᠦ ᠶᠢᠨ ᠪᠣᠳᠣᠯᠭ᠎ᠠ ᠶᠢᠨ ᠴᠢᠨᠠᠷᠲᠠᠢ ᠠᠵᠢᠯ ᠤᠨ ᠪᠠᠶᠢᠷᠢ ᠶᠢᠨ ᠡᠯᠰᠡᠯᠲᠡ ᠶᠢ ᠰᠢᠯᠢᠳᠡᠭᠵᠢᠭᠦᠯᠵᠦ᠂ ᠪᠡᠶ᠎ᠡ ᠪᠠᠨ ᠳᠠᠭᠠᠭᠠᠵᠤ ᠦᠢᠯᠡᠰ ᠪᠣᠰᠬᠠᠬᠤ ᠪᠠ | ᠠᠮᠢᠳᠤᠯᠢᠭ ᠢᠶᠠᠷ ᠠᠵᠢᠯ ᠣᠯᠬᠤ ᠶᠢ ᠳᠡᠮᠵᠢᠵᠦ᠂ ᠦᠨᠳᠦᠰᠦᠨ ᠱᠠᠲᠤᠨ ᠳᠤ ᠣᠴᠢᠵᠤ ᠠᠵᠢᠯ ᠣᠯᠬᠤ ᠶᠢ ᠵᠣᠷᠢᠭᠵᠢᠭᠤᠯᠵᠤ᠂ ᠦᠨᠳᠦᠰᠦᠨ ᠵᠦᠢᠯ ᠢ ᠪᠠᠲᠤᠯᠠᠵᠤ | ᠬᠠᠪᠰᠤᠷᠤᠨ ᠲᠡᠳᠬᠦᠬᠦ ᠲᠣᠭᠲᠠᠴᠠ ᠶᠢ ᠲᠡᠭᠦᠯᠳᠡᠷᠵᠢᠭᠦᠯᠦᠨ᠂ ᠠᠵᠢᠯ ᠣᠯᠬᠤ ᠪᠠ ᠦᠢᠯᠡᠰ ᠪᠣᠰᠬᠠᠬᠤ ᠶᠢ ᠵᠢᠯᠤᠭᠤᠳᠬᠤ ᠦᠢᠯᠡᠴᠢᠯᠡᠭᠡ ᠶᠢ ᠰᠠᠶᠢᠲᠤᠷ ᠬᠢᠵᠦ᠂ | ᠲᠦᠷᠦ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠤᠬᠠᠭᠤᠯᠵᠤ ᠬᠥᠲᠥᠯᠥᠨ ᠵᠢᠯᠤᠭᠤᠳᠬᠤ ᠪᠠᠨ ᠴᠢᠩᠭᠠᠳᠬᠠᠵᠤ᠂ ᠶᠡᠭᠡ ᠳᠡᠭᠡᠳᠦ | ᠰᠤᠷᠭᠠᠭᠤᠯᠢ ᠲᠡᠭᠦᠰᠦᠭᠰᠡᠳ ᠵᠡᠷᠭᠡ ᠵᠠᠯᠠᠭᠤᠴᠤᠳ ᠤᠨ ᠴᠢᠨᠠᠷ ᠰᠠᠶᠢᠲᠠᠢ ᠮᠥᠷᠲᠡᠭᠡᠨ ᠭᠦᠢᠴᠡᠳ ᠠᠵᠢᠯ ᠣᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ ᠭᠡᠵᠡᠢ | ᠃ |