5 ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ | ᠸᠠᠩ ᠯᠢ ᠰᠢᠶᠠ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠠᠴᠠ ︽ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠪᠣᠯᠣᠨ ᠭᠤᠣᠯᠳᠠᠯᠭ᠎ᠠ ᠲᠠᠢ ᠬᠦᠷᠢᠶᠡᠨ ᠤ ᠠᠮᠤᠷ ᠲᠦᠪᠰᠢᠨ ᠤ | ᠴᠢᠳᠠᠪᠤᠷᠢ ᠶᠢᠨ ᠪᠠᠶᠢᠭᠤᠯᠤᠯᠲᠠ ︾ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠦᠷᠦᠯ ᠵᠦᠢᠯ ᠢ | ᠮᠡᠳᠡᠭᠦᠯᠦᠨ ᠬᠦᠷᠭᠡᠬᠦ ᠠᠵᠢᠯ ᠢ ᠨᠠᠷᠢᠨ ᠨᠢᠮᠪᠠᠢ ᠰᠠᠶᠢᠲᠤᠷ ᠬᠢᠵᠦ᠂ ᠲᠦᠷᠦ ᠶᠢᠨ ᠪᠣᠳᠣᠯᠭ᠎ᠠ ᠶᠢᠨ ᠵᠢᠯᠣᠭᠤᠳᠤᠯᠭ᠎ᠠ ᠪᠣᠯᠪᠠᠰᠤᠷᠠᠯ ᠢ ᠴᠢᠩᠭᠠᠳᠬᠠᠵᠤ᠂ ᠲᠦᠷᠦᠯ | ᠵᠦᠢᠯ ᠤᠨ ᠶᠠᠰᠤ ᠴᠢᠨᠠᠷ ᠢ ᠪᠦᠭᠦ ᠲᠠᠯ᠎ᠠ ᠪᠠᠷ ᠳᠡᠭᠡᠭᠰᠢᠯᠡᠭᠦᠯᠵᠦ᠂ ︽ ᠰᠠᠭᠠᠳ ᠦᠭᠡᠢ ᠨᠡᠪᠲᠡᠷᠡᠬᠦ ᠵᠠᠮ ︾ ᠢ ᠪᠠᠶᠢᠭᠤᠯᠵᠤ ᠡᠮᠦᠨᠡᠬᠢ ᠬᠤᠭᠤᠴᠠᠭᠠᠨ ᠤ ᠠᠵᠢᠯ ᠢ | ᠱᠠᠯᠠᠪᠳᠠᠭᠤᠯᠵᠤ᠂ ᠡᠯᠧᠮᠧᠨ᠋ᠲ ᠤᠨ ᠪᠠᠲᠤᠯᠠᠭ᠎ᠠ ᠶᠢ ᠰᠠᠶᠢᠲᠤᠷ ᠬᠢᠵᠦ᠂ ᠡᠷᠲᠡᠬᠡᠨ ᠠᠵᠢᠯ ᠡᠬᠢᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠢᠷᠡᠬᠦ ᠵᠢᠯ ᠤᠨ ᠲᠦᠷᠦᠯ | ᠵᠦᠢᠯ ᠢ ᠡᠷᠲᠡᠬᠡᠨ ᠲᠥᠯᠥᠪᠵᠢᠭᠦᠯᠦᠨ ᠨᠥᠭᠡᠴᠡᠯᠡᠵᠦ᠂ ᠤᠯᠤᠰ ᠤᠨ ᠲᠠᠪᠴᠠᠩ ᠳᠤ ᠨᠡᠩ ᠤᠯᠠᠨ ᠣᠷᠣᠭᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠬᠢᠨᠠᠨ ᠰᠢᠯᠭᠠᠵᠤ ᠦᠨᠡᠯᠡᠨ ᠵᠢᠱᠢᠵᠦ ᠴᠡᠭᠴᠡᠯᠡᠨ ᠰᠠᠶᠢᠵᠢᠷᠠᠭᠤᠯᠬᠤ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠪᠦᠭᠦ ᠲᠠᠯ᠎ᠠ ᠪᠠᠷ | ᠲᠣᠳᠣᠷᠬᠠᠢ ᠣᠶᠢᠯᠠᠭᠠᠵᠤ᠂ ᠦᠵᠡᠯ ᠰᠠᠨᠠᠭ᠎ᠠ ᠦᠢᠯᠡ ᠠᠵᠢᠯᠯᠠᠭ᠎ᠠ ᠶᠢᠨ ᠲᠠᠯ᠎ᠠ ᠠᠴᠠ ᠵᠥᠷᠢᠶ᠎ᠡ ᠪᠠᠨ ᠡᠷᠢᠵᠦ᠂ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ | ᠲᠣᠭᠲᠠᠭᠠᠵᠤ᠂ ᠲᠤᠰᠬᠠᠢ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠬᠡᠷᠡᠭᠲᠡᠢ᠃ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠲᠠᠢ | ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ ᠤ ᠮᠠᠯ ᠠᠵᠤ ᠠᠬᠤᠢ ᠲᠠᠷᠢᠶᠠᠯᠠᠩ ᠤᠨ ᠬᠦᠷᠢᠶᠡᠨ ᠳᠠᠬᠢ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠦᠨᠡᠨ | ᠪᠣᠳᠠᠲᠠᠢ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠬᠤᠳᠠ ᠶᠢᠨ ᠪᠠᠶᠢᠭᠠᠯᠢ ᠶᠢᠨ ᠰᠢᠲᠠᠮᠠᠬᠠᠢ ᠬᠡᠢ ᠶᠢᠨ ᠬᠤᠭᠤᠯᠠᠢ ᠶᠢ ᠰᠢᠨᠡᠳᠬᠡᠨ ᠥᠭᠡᠷᠡᠴᠢᠯᠡᠬᠦ ᠠᠬᠢᠴᠠ ᠶᠢᠨ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠰᠣᠨᠣᠰᠴᠤ᠂ ᠳᠤᠯᠠᠭᠠᠯᠠᠭ᠎ᠠ ᠶᠢᠨ ᠢᠨᠵᠧᠨᠧᠷᠢᠩ ᠲᠠᠢ ᠤᠶᠠᠯᠳᠤᠭᠤᠯᠤᠨ ᠠᠬᠢᠭᠤᠯᠵᠤ᠂ ᠶᠠᠰᠤ ᠴᠢᠨᠠᠷ ᠢ ᠮᠥᠷᠳᠡᠬᠦ᠂ ᠪᠠᠷᠢᠯᠭ᠎ᠠ ᠶᠢᠨ ᠠᠵᠢᠯ ᠢ | ᠬᠠᠮᠢᠶᠠᠷᠬᠤ᠂ ᠵᠢᠭᠠᠨ ᠵᠢᠯᠤᠭᠤᠳᠴᠤ ᠱᠠᠯᠠᠪᠳᠠᠭᠤᠯᠤᠨ ᠭᠦᠢᠴᠡᠳᠬᠡᠬᠦ ᠲᠣᠭᠲᠠᠴᠠ ᠶᠢ ᠪᠠᠶᠢᠭᠤᠯᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ | ᠡᠯ᠎ᠡ ᠵᠦᠢᠯ ᠤᠨ ᠠᠵᠢᠯ ᠢ ᠣᠨᠣᠴᠠᠲᠠᠢ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠣᠯᠠᠨ ᠲᠠᠰ ᠳᠠᠪᠬᠤᠷᠭ᠎ᠠ ᠣᠯᠠᠨ ᠲᠤᠯᠭᠠᠭᠤᠷᠢᠯᠠᠯ ᠪᠦᠬᠦᠢ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠢᠰᠲ᠋ᠧᠮ ᠢ ᠪᠠᠶᠢᠭᠤᠯᠬᠤ ᠰᠠᠨᠠᠯ ᠢ | ᠬᠢᠨᠠᠨ ᠵᠥᠪᠯᠡᠵᠦ ᠪᠠᠲᠤᠯᠠᠨ᠂ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠠᠷᠭ᠎ᠠ ᠬᠡᠮᠵᠢᠶ᠎ᠡ ᠪᠠᠨ ︽ ᠡᠴᠦᠰ ᠤᠨ ᠨᠢᠭᠡ ᠮᠧᠳ᠋ᠷ ︾ ᠭᠦᠷᠲᠡᠯ᠎ᠡ | ᠨᠠᠶᠢᠳᠠᠪᠤᠷᠢᠵᠢᠭᠤᠯᠬᠤ ᠶᠢᠨ ᠵᠡᠷᠭᠡ ᠪᠠᠷ ᠪᠤᠭᠤᠷᠤᠯᠴᠤᠳ ᠤᠨ ᠠᠵᠤ ᠠᠬᠤᠢ ᠶᠢ ᠰᠠᠶᠢᠲᠤᠷ ᠬᠥᠭᠵᠢᠭᠦᠯᠵᠦ᠂ ᠨᠠᠰᠤᠲᠠᠶᠢᠴᠤᠳ ᠲᠤ ᠡᠮᠴᠢᠯᠡᠭᠡ ᠡᠷᠡᠭᠦᠯᠵᠢᠯ | ᠰᠤᠪᠢᠯᠠᠯᠲᠠ ᠠᠴᠠ ᠨᠡᠶᠢᠭᠡᠮ ᠤᠨ ᠬᠠᠷᠢᠯᠴᠠᠭ᠎ᠠ ᠵᠤᠭ᠎ᠠ ᠴᠡᠩᠭᠡᠯ ᠤᠨ ᠪᠦᠭᠦ ᠲᠠᠯ᠎ᠠ ᠬᠦᠷᠲᠡᠯᠡᠬᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠬᠠᠩᠭᠠᠬᠤ ᠬᠡᠷᠡᠭᠲᠡᠢ | ᠭᠡᠵᠦ ᠴᠢᠬᠤᠯᠠᠴᠢᠯᠠᠪᠠ᠃ | ᠬᠤᠷᠠᠯ ᠠᠴᠠ ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ | ᠬᠢᠨᠠᠨ ᠵᠥᠪᠯᠡᠵᠦ ᠪᠠᠲᠤᠯᠠᠨ᠂ ᠪᠠᠶᠢᠷᠢᠰᠢᠭᠤᠯᠤᠯᠲᠠ ᠶᠢ ᠪᠦᠭᠦ ᠣᠷᠣᠨ ᠳᠤ ᠨᠢᠭᠡᠳᠦᠯᠲᠡᠢ ᠲᠥᠯᠥᠪᠵᠢᠭᠦᠯᠬᠦ᠂ ᠡᠯᠧᠮᠧᠨ᠋ᠲ ᠢ ᠪᠦᠭᠦ ᠲᠠᠯ᠎ᠠ ᠪᠠᠷ ᠪᠠᠲᠤᠯᠠᠬᠤ ᠶᠢ | ᠪᠡᠶᠡᠯᠡᠭᠦᠯᠵᠦ᠂ ᠳᠠᠭᠠᠭᠤᠯᠤᠭᠴᠢ ᠠᠵᠤ ᠠᠬᠤᠶᠢᠯᠠᠯ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠢᠶᠠᠷ ᠬᠥᠭᠵᠢᠯᠲᠡ ᠶᠢ | ᠬᠥᠲᠥᠯᠥᠨ ᠳᠠᠭᠠᠭᠤᠯᠬᠤ᠂ ᠦᠷ᠎ᠡ ᠪᠦᠲᠦᠭᠡᠯ ᠢ ᠣᠨᠳᠣᠣᠰᠢᠭᠤᠯᠤᠨ ᠬᠡᠷᠡᠭᠯᠡᠬᠦ ᠶᠢ ᠴᠢᠬᠤᠯᠠᠴᠢᠯᠠᠵᠤ᠂ ᠤᠰᠤᠲᠥ᠋ᠷᠥᠭᠴᠢ ᠶᠢᠨ ᠲᠣᠨᠣᠭᠯᠠᠯ ᠦᠢᠯᠡᠳᠬᠦ ᠦᠢᠯᠡᠰ ᠤᠨ | ᠲᠦᠷᠭᠡᠨ ᠬᠥᠭᠵᠢᠯᠲᠡ ᠶᠢ ᠵᠡᠷᠭᠡ ᠪᠠᠷ ᠳᠠᠶᠢᠴᠢᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠤᠳᠤᠷᠢᠳᠬᠤ ᠪᠠᠭ ᠵᠢᠴᠢ ᠲᠡᠭᠦᠨ ᠤ ᠪᠦᠷᠢᠯᠳᠦᠭᠦᠨ ᠤ ᠡᠮ ᠤᠨ ᠵᠦᠢᠯᠡᠰ ᠤᠨ ᠠᠮᠤᠷ | ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠤᠨ ᠲᠣᠭᠲᠠᠭᠠᠯ᠂ ᠵᠠᠰᠠᠭ ᠤᠨ ᠶᠠᠪᠤᠳᠠᠯ ᠢ ᠢᠯᠡ ᠪᠤᠯᠭᠠᠬᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠰᠤᠳᠤᠯᠵᠤ᠂ | ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠬᠠᠮᠢᠶᠠᠷᠤᠯᠲᠠ᠂ ᠡᠷᠬᠡ ᠣᠯᠭᠤᠭᠰᠠᠨ ᠡᠵᠡᠩᠨᠡᠯᠲᠡ ᠬᠠᠮᠢᠶᠠᠷᠤᠯᠲᠠ ᠶᠢᠨ ᠲᠦᠷ | ᠬᠡᠷᠡᠭᠵᠢᠭᠦᠯᠬᠦ ᠠᠷᠭ᠎ᠠ ᠪᠣᠯᠣᠨ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠱᠠᠩᠨᠠᠯ ᠢ ᠰᠢᠯᠭᠠᠷᠠᠭᠤᠯᠤᠨ ᠱᠠᠩᠨᠠᠬᠤ ᠠᠷᠭ᠎ᠠ ᠶᠢ ᠬᠢᠨᠠᠨ ᠵᠥᠪᠯᠡᠵᠦ ᠪᠠᠲᠤᠯᠠᠪᠠ | ᠃ |