ᠮᠠᠨ ᠤ ᠬᠤᠲᠠ 2024 ᠣᠨ ᠤ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠶᠠᠰᠤ ᠴᠢᠨᠠᠷ ᠢ ᠬᠢᠨᠠᠨ ᠰᠢᠯᠭᠠᠬᠤ ᠠᠵᠢᠯ ᠢ ᠤᠷᠤᠭᠰᠢᠲᠠᠶ ᠪᠡᠶᠡᠯᠡᠭᠦᠯᠪᠡ
ᠨᠡᠶᠢᠲᠡᠯᠡᠭᠰᠡᠨ ᠴᠠᠭ᠄
2024/5/27
    2024 ᠣᠨ ᠳᠤ᠂ ᠰᠤᠷᠭᠠᠨ ᠬᠥᠮᠦᠵᠢᠯ ᠤᠨ ᠶᠠᠮᠤᠨ ᠤ ᠰᠠᠭᠤᠷᠢ ᠰᠤᠷᠭᠠᠨ ᠬᠥᠮᠦᠵᠢᠯ ᠤᠨ ᠶᠠᠰᠤ ᠴᠢᠨᠠᠷ ᠤᠨ ᠬᠢᠨᠠᠨ ᠬᠡᠮᠵᠢᠯᠲᠡ ᠶᠢᠨ ᠲᠥᠪ ᠠᠴᠠ ᠵᠠᠯᠠᠨ ᠠᠶᠢᠯ ᠬᠤᠲᠠ ᠶᠢ 2024 ᠣᠨ ᠤ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠶᠠᠰᠤ ᠴᠢᠨᠠᠷ ᠤᠨ ᠬᠢᠨᠠᠨ ᠬᠡᠮᠵᠢᠯᠲᠡ ᠶᠢᠨ ᠵᠠᠭᠪᠤᠷ ᠰᠢᠶᠠᠨ ᠢᠶᠠᠷ ᠨᠤᠲᠠᠯᠠᠨ ᠲᠣᠭᠲᠠᠭᠠᠵᠤ᠂ ᠮᠠᠨ ᠤ ᠬᠤᠲᠠ ᠬᠤᠯᠪᠣᠭᠳᠠᠯ ᠪᠥᠬᠦᠶ ᠭᠠᠷ ᠳᠡᠪᠲᠡᠷ ᠢ ᠴᠢᠩᠭ᠎ᠠ ᠵᠢᠷᠤᠮᠯᠠᠨ ᠬᠢᠨᠠᠨ ᠬᠡᠮᠵᠢᠯᠲᠡ ᠶᠢᠨ ᠠᠵᠢᠯ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠵᠠᠶ᠃    ᠰᠤᠷᠭᠠᠨ ᠬᠥᠮᠦᠵᠢᠯ ᠤᠨ ᠲᠣᠪᠴᠢᠶ᠎ᠠ ᠠᠴᠠ ᠡᠯ᠎ᠡ ᠲᠦᠷᠦᠯ ᠤᠨ ᠰᠤᠷᠭᠠᠭᠤᠯᠢ ᠶᠢᠨ ᠪᠡᠯᠡᠳᠬᠡᠯ ᠠᠵᠢᠯ ᠢ ᠨᠠᠷᠢᠨ ᠨᠢᠭᠲᠠ ᠪᠠᠶᠢᠷᠢᠯᠠᠭᠤᠯᠵᠤ᠂ ᠦᠯᠢᠭᠡᠷ ᠤᠨ ᠰᠤᠷᠭᠠᠭᠤᠯᠢ ᠶᠢᠨ ᠵᠠᠬᠢᠷᠤᠯ᠂ ᠬᠠᠷᠢᠭᠤᠴᠠᠯᠭ᠎ᠠ ᠶᠢᠨ ᠰᠤᠷᠭᠠᠭᠤᠯᠢ ᠪᠠᠶᠢᠴᠠᠭᠠᠭᠴᠢ᠂ ᠬᠢᠨᠠᠨ ᠰᠢᠯᠭᠠᠭᠴᠢ ᠵᠡᠷᠭᠡ ᠠᠵᠢᠯᠲᠠᠳ ᠲᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠬᠦᠷᠲᠡᠭᠡᠬᠦ ᠶᠢᠨ ᠬᠠᠮᠲᠤ ᠡᠯ᠎ᠡ ᠲᠦᠷᠦᠯ ᠤᠨ ᠰᠤᠷᠭᠠᠭᠤᠯᠢ ᠳᠤ ᠭᠦᠨᠵᠡᠭᠡᠶᠢᠷᠡᠨ ᠬᠢᠨᠠᠨ ᠰᠢᠯᠭᠠᠬᠤ ᠪᠡᠯᠡᠳᠬᠡᠯ ᠠᠵᠢᠯ ᠢ ᠪᠠᠶᠢᠴᠠᠭᠠᠬᠤ᠂ ᠰᠢᠪᠠᠳᠠᠬᠤ᠂ ᠵᠢᠯᠣᠭᠤᠳᠬᠤ ᠠᠵᠢᠯ ᠢ ᠵᠣᠬᠢᠶᠠᠨ ᠪᠠᠶᠢᠭᠤᠯᠪᠠ᠃ ᠲᠣᠰ ᠰᠤᠷᠭᠠᠭᠤᠯᠢ ᠨᠤᠭᠤᠳ ᠴᠤ ᠰᠣᠷᠢᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠪᠥᠬᠦ ᠠᠵᠢᠯᠲᠠᠨ ᠤ ᠪᠥᠬᠦ ᠶᠠᠪᠤᠴᠠ ᠶᠢᠨ ᠬᠢᠨᠠᠨ ᠬᠡᠮᠵᠢᠯᠲᠡ ᠶᠢᠨ ᠶᠠᠪᠤᠴᠠ ᠶᠢᠨ ᠳᠠᠭᠤᠷᠢᠶᠠᠮᠠᠯ ᠰᠣᠷᠢᠯᠲᠠ ᠶᠢ ᠣᠯᠠᠨ ᠤᠳᠠᠭ᠎ᠠ ᠬᠢᠭᠰᠡᠨ ᠪᠠᠶᠢᠨ᠎ᠠ᠃ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠪᠦᠷᠢᠨ ᠭᠦᠢᠴᠡᠳ ᠪᠠᠶᠢᠭᠰᠠᠨ ᠠᠴᠠ 2024 ᠣᠨ ᠤ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠶᠠᠰᠤ ᠴᠢᠨᠠᠷ ᠤᠨ ᠬᠢᠨᠠᠨ ᠬᠡᠮᠵᠢᠯᠲᠡ ᠶᠢ ᠲᠣᠭᠲᠠᠭᠰᠠᠨ ᠬᠤᠭᠤᠴᠠᠭᠠᠨ ᠳᠤ᠂ ᠡᠮᠬᠢ ᠵᠢᠷᠤᠮ ᠲᠠᠢ᠂ ᠤᠷᠤᠭᠰᠢᠲᠠᠶ ᠶᠠᠪᠤᠭᠳᠠᠭᠤᠯᠬᠤ ᠶᠢ ᠦᠨᠡᠨ ᠬᠦ ᠪᠠᠲᠤᠯᠠᠵᠤ᠂ ︽  ᠲᠡᠭᠠᠯᠳᠠᠭ᠎ᠠ ︾ ᠭᠡᠬᠦ ᠥᠨᠳᠥᠷ ᠪᠠᠷᠢᠮᠵᠢᠶ᠎ᠠ ᠶᠢᠨ ᠱᠠᠭᠠᠷᠳᠠᠯᠭ᠎ᠠ ᠳᠤ ᠭᠦᠷᠦᠭᠰᠡᠨ ᠪᠠᠶᠢᠨ᠎ᠠ᠃    ᠣᠶᠢᠯᠠᠭᠠᠭᠰᠠᠨ ᠢᠶᠠᠷ᠂ ᠪᠥᠬᠦ ᠬᠤᠲᠠ ᠳᠤ ᠨᠡᠶᠢᠲᠡ 24 ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ︵10 ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ᠂ 14 ᠪᠠᠭ᠎ᠠ ᠰᠤᠷᠭᠠᠭᠤᠯᠢ︶ ᠰᠢᠯᠭᠠᠯᠲᠠ ᠳᠤ ᠣᠷᠣᠯᠴᠠᠵᠤ᠂ ᠲᠣᠰ ᠤᠳᠠᠭᠠᠨ ᠤ ᠰᠢᠯᠭᠠᠯᠲᠠ ᠶᠢ 5 ᠰᠠᠷ᠎ᠠ ᠶᠢᠨ 22 ᠤᠨ ᠡᠳᠦᠷ ᠠᠴᠠ 23 ᠤ ᠡᠳᠦᠷ ᠤᠨ ᠦᠳᠡ ᠶᠢᠨ ᠡᠮᠦᠨ᠎ᠡ ᠪᠣᠯᠲᠠᠯ᠎ᠠ ᠨᠢᠭᠡ ᠡᠳᠦᠷ ᠬᠠᠭᠠᠰ ᠶᠠᠪᠤᠭᠳᠠᠭᠤᠯᠤᠨ᠎ᠠ᠂ ᠬᠢᠨᠠᠨ ᠰᠢᠯᠭᠠᠭᠰᠠᠨ ᠠᠭᠤᠯᠭ᠎ᠠ ᠨᠢ ᠲᠣᠭᠠᠨ ᠤ ᠤᠬᠠᠭᠠᠨ᠂ ᠰᠡᠳᠬᠢᠴᠡ ᠶᠢᠨ ᠡᠷᠡᠭᠦᠯ ᠮᠡᠨᠳᠦ᠂ ᠪᠡᠶ᠎ᠡ ᠶᠢᠨ ᠲᠠᠮᠢᠷ ᠬᠢᠭᠡᠳ ᠡᠷᠡᠭᠦᠯ ᠮᠡᠨᠳᠦ ᠵᠡᠷᠭᠡ ᠭᠤᠷᠪᠠᠨ ᠬᠢᠴᠢᠶᠡᠯ ᠲᠥᠷᠥᠯ ᠳᠤ ᠬᠤᠯᠪᠣᠭᠳᠠᠵᠤ᠂ ᠡᠯᠤᠺᠲᠷᠤᠨᠴᠢᠯᠡᠭᠰᠡᠨ ᠬᠠᠷᠢᠭᠤᠯᠲᠠ ᠶᠢ ᠬᠡᠷᠡᠭᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠧᠯᠸᠢᠰ ᠤᠨ ᠤᠳᠤᠷᠢᠳᠤᠭᠠᠴᠢ ᠵᠧᠤ ᠰᠢᠶᠤᠤ ᠹᠤᠩ᠂ ᠬᠥᠯᠥᠨ ᠪᠤᠶᠢᠷ ᠬᠤᠲᠠ ᠶᠢᠨ ᠲᠧᠯᠸᠢᠰ ᠤᠨ ᠤᠳᠤᠷᠢᠳᠤᠭᠠᠴᠢ ᠰᠢᠤᠢ ᠼᠠᠢ ᠰᠢᠶᠠ ᠪᠥᠬᠦ ᠶᠠᠪᠤᠴᠠ ᠳᠤ ᠲᠧᠯᠸᠢᠰ ᠤᠨ ᠤᠳᠤᠷᠢᠳᠤᠭᠠᠴᠢ ᠪᠣᠯᠤᠭᠰᠠᠨ ᠪᠠᠶᠢᠨ᠎ᠠ᠃    ᠪᠦᠬᠦ ᠰᠢᠯᠭᠠᠯᠲᠠ ᠶᠢᠨ ᠠᠵᠢᠯᠲᠠᠨ ᠤ ᠴᠢᠷᠮᠠᠶᠢᠯᠭ᠎ᠠ ᠪᠠᠷ ᠳᠠᠮᠵᠢᠨ᠂ ᠮᠠᠨ ᠤ ᠬᠤᠲᠠ ᠰᠤᠷᠭᠠᠭᠤᠯᠢ ᠶᠢᠨ ᠵᠠᠬᠢᠷᠤᠯ᠂ ᠪᠠᠭᠰᠢ ᠪᠣᠯᠤᠨ ᠰᠤᠷᠤᠭᠴᠢ ᠶᠢᠨ ᠰᠢᠯᠭᠠᠯᠲᠠ ᠶᠢᠨ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠪᠡ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ