ᠵᠠᠯᠠᠨ ᠠᠶᠢᠯ ᠬᠤᠲᠠ 2024 ᠣᠨ ᠤ ᠪᠥᠬᠦ ᠬᠤᠲᠠ ᠶᠢᠨ ᠠᠵᠢᠯᠲᠠᠨ ᠠᠵᠢᠯᠴᠢᠨ ᠤ ᠰᠠᠭᠰᠤᠨ ᠪᠥᠮᠪᠦᠭᠡ ᠶᠢᠨ ᠤᠷᠤᠯᠳᠤᠭᠠᠨ ᠶᠠᠪᠤᠭᠤᠯᠪᠠ
ᠨᠡᠶᠢᠲᠡᠯᠡᠭᠰᠡᠨ ᠴᠠᠭ᠄
2024/5/27
    ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠵᠦ᠂ ᠪᠥᠬᠦ ᠬᠤᠲᠠ ᠶᠢᠨ ᠦᠨᠳᠦᠰᠦᠲᠡᠨ ᠨᠦᠭᠦᠳ ᠤᠨ ᠠᠵᠢᠯᠲᠠᠨ ᠠᠵᠢᠯᠴᠢᠨ ᠤ ᠪᠦᠯᠬᠦᠮᠳᠡᠯ ᠲᠠᠢ ᠡᠶ᠎ᠡ ᠵᠣᠬᠢᠴᠠᠯ ᠲᠠᠢ᠂ ᠢᠳᠡᠪᠬᠢᠲᠡᠶ ᠪᠠᠷ ᠥᠭᠡᠳᠡᠯᠡᠨ ᠳᠠᠪᠰᠢᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ 5 ᠰᠠᠷ᠎ᠠ ᠶᠢᠨ 16 ᠤ ᠡᠳᠦᠷ᠂ ᠵᠠᠯᠠᠨ ᠠᠶᠢᠯ ᠬᠤᠲᠠ 2024 ᠣᠨ ᠤ ᠪᠥᠬᠦ ᠬᠤᠲᠠ ᠶᠢᠨ ᠠᠵᠢᠯᠲᠠᠨ ᠠᠵᠢᠯᠴᠢᠨ ᠤ ᠰᠠᠭᠰᠤᠨ ᠪᠥᠮᠪᠦᠭᠡ ᠶᠢᠨ ᠤᠷᠤᠯᠳᠤᠭᠠᠨ ᠢ ᠡᠷᠭᠢᠯᠡᠪᠡ᠃ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠨ ᠰᠢᠶᠤᠤ ᠬᠤᠶ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃    ᠲᠣᠰ ᠤᠳᠠᠭᠠᠨ ᠤ ᠤᠷᠤᠯᠳᠤᠭᠠᠨ ᠢ ᠵᠠᠯᠠᠨ ᠠᠶᠢᠯ ᠬᠤᠲᠠ ᠶᠢᠨ ᠠᠵᠢᠯᠴᠢᠨ ᠤ ᠶᠡᠷᠦᠩᠬᠡᠶ ᠡᠪᠯᠡᠯ ᠠᠴᠠ ᠭᠤᠤᠯᠯᠠᠨ ᠡᠷᠭᠢᠯᠡᠵᠦ᠂ ᠬᠤᠲᠠ ᠶᠢᠨ ᠰᠠᠭᠰᠤᠨ ᠪᠥᠮᠪᠦᠭᠡ ᠶᠢᠨ ᠨᠡᠶᠢᠭᠡᠮᠯᠢᠭ ᠠᠴᠠ ᠳᠠᠭᠠᠭᠠᠴᠢᠯᠠᠨ ᠡᠷᠭᠢᠯᠡᠪᠡ᠃ ᠪᠥᠬᠦ ᠬᠤᠲᠠ ᠶᠢᠨ ᠡᠯ᠎ᠡ ᠪᠠᠶᠢᠭᠤᠯᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠨᠡᠶᠢᠲᠡ 24 ᠲᠥᠯᠥᠭᠡᠯᠡᠭᠴᠢᠳ ᠤᠨ ᠠᠩᠭᠢ ᠶᠢᠨ 200 ᠭᠠᠷᠤᠶ ᠲᠠᠮᠢᠷᠴᠢᠨ ᠤᠷᠤᠯᠳᠤᠭᠠᠨ ᠳᠤ ᠣᠷᠣᠯᠴᠠᠵᠤ᠂ 5 ᠡᠳᠦᠷ ᠤᠨ ᠬᠤᠭᠤᠴᠠᠭ᠎ᠠ ᠲᠠᠢ ᠤᠷᠤᠯᠳᠤᠭᠠᠨ ᠳᠤ ᠣᠷᠣᠯᠴᠠᠵᠤ᠂ 80 ᠤᠳᠠᠭᠠᠨ ᠤ ᠰᠢᠷᠦᠭᠦᠨ ᠥᠷᠢᠰᠥᠯᠳᠦᠭᠡᠨ ᠶᠠᠪᠤᠭᠤᠯᠪᠠ᠃ ᠤᠷᠤᠯᠳᠤᠭᠠᠨ ᠤ ᠲᠠᠯᠠᠪᠠᠢ ᠳᠤ᠂ ᠠᠩᠭᠢ ᠶᠢᠨ ᠭᠡᠰᠢᠭᠦᠳ ᠪᠦᠬᠦ ᠬᠦᠴᠦᠨ ᠢᠶᠠᠷ ᠢᠶᠠᠨ ᠲᠡᠮᠡᠴᠡᠵᠦ᠂ ᠬᠤᠷᠴᠠ ᠰᠢᠷᠦᠭᠦᠨ ᠢᠶᠠᠷ ᠲᠡᠮᠡᠴᠡᠵᠦ᠂ ᠴᠢᠩ ᠦᠨᠡᠨᠴᠢ ᠪᠠᠷ ᠬᠠᠮᠲᠤᠷᠠᠯᠴᠠᠬᠤ᠂ ᠡᠷᠡᠯᠬᠡᠭᠯᠡᠨ ᠲᠡᠮᠡᠴᠡᠬᠦ ᠪᠦᠯᠬᠦᠮ ᠤᠨ ᠵᠣᠷᠢᠭ ᠰᠠᠨᠠᠭ᠎ᠠ ᠶᠢ ᠢᠯᠡᠷᠡᠭᠦᠯᠵᠦ᠂ ᠦᠵᠡᠭᠴᠢᠳ ᠤᠨ ᠬᠠᠯᠠᠭᠤᠨ ᠠᠯᠠᠭ᠎ᠠ ᠲᠠᠰᠢᠯᠳᠠ ᠶᠢ ᠤᠯᠪᠠ᠃     ᠵᠠᠯᠠᠨ ᠠᠶᠢᠯ ᠬᠤᠲᠠ ᠶᠢᠨ ᠠᠵᠢᠯᠴᠢᠨ ᠤ ᠶᠡᠷᠦᠩᠬᠡᠶ ᠡᠪᠯᠡᠯ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ︽ᠶᠢᠰᠦᠨ ᠲᠡᠷᠢᠭᠦᠨ ᠳᠤ ᠣᠷᠣᠬᠤ ᠪᠠᠷ ᠴᠢᠷᠮᠠᠶᠢᠬᠤ︾ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠭᠦᠨᠵᠡᠭᠡᠶ ᠲᠦᠦᠱᠯᠠᠭᠤᠯᠤᠨ ᠨᠠᠶᠢᠳᠠᠪᠤᠷᠢᠵᠢᠭᠤᠯᠵᠤ᠂ ᠦᠢᠯᠡᠴᠢᠯᠡᠭᠡ ᠶᠢ ᠲᠡᠷᠢᠭᠦᠨ ᠴᠢᠬᠤᠯᠠ ᠡᠭᠦᠷᠭᠡ ᠪᠣᠯᠭᠠᠨ᠂ ᠣᠯᠠᠨ ᠶᠠᠩᠵᠤ ᠶᠢᠨ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠪᠠᠷ ᠠᠴᠢᠶᠠᠯᠠᠪᠤᠷᠢ ᠪᠣᠯᠭᠠᠵᠤ᠂ ᠣᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠂ ᠪᠥᠬᠦ ᠬᠤᠲᠠ ᠶᠢᠨ ᠥᠷᠭᠡᠨ ᠣᠯᠠᠨ ᠺᠠᠳ᠋ᠷ ᠠᠵᠢᠯᠲᠠᠨ ᠢ ᠢᠳᠡᠪᠬᠢᠲᠡᠶ ᠪᠠᠷ ᠬᠥᠲᠥᠯᠦᠨ ᠵᠢᠯᠣᠭᠤᠳᠴᠤ ᠴᠢᠷᠮᠠᠶᠢᠨ ᠠᠵᠢᠯᠯᠠᠵᠤ᠂ ᠴᠢᠨᠠᠷ ᠰᠠᠶᠢᠲᠠᠶ ᠬᠥᠭᠵᠢᠯᠲᠡ ᠶᠢᠨ ᠥᠯᠢᠭᠡᠷ ᠳᠠᠭᠤᠷᠢᠶᠠᠯ ᠬᠤᠲᠠ ᠶᠢ ᠪᠥᠲᠥᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ᠃
ᠢᠷᠡᠯᠲᠡ᠄ ᠵᠠᠯᠡᠨ ᠠᠢᠯ ᠬᠤᠳᠠ ᠶᠢᠨ ᠵᠠᠰᠠᠭ ᠤᠨ ᠤᠷᠳᠤᠨ