ᠮᠣᠩᠭᠤᠯ ᠤᠨ ᠲᠣᠮᠤᠭᠳᠣ ᠬᠠᠳᠣᠳ ︵ᠬᠤᠶᠠᠷ︶
ᠨᠡᠶᠢᠲᠡᠯᠡᠭᠰᠡᠨ ᠴᠠᠭ᠄
2024/5/27
    ᠮᠠᠨᠳᠣᠬᠠᠢ ᠰᠡᠴᠡᠨ ᠬᠠᠳᠣᠨ    ᠮᠠᠨᠳᠣᠬᠠᠢ ᠰᠡᠴᠡᠨ ᠬᠠᠳᠣᠨ ᠪᠤᠯ ᠮᠤᠩᠭᠤᠯᠴᠣᠳ ᠤᠨ ᠬᠦᠨᠳᠣᠳᠬᠡᠨ ᠰᠢᠳᠦᠳᠡᠭ ᠡᠷᠳᠡᠨ ᠤ ᠭᠤᠷᠪᠠᠨ ᠠᠭᠤᠣ ᠡᠮᠡᠭᠳᠡᠢ ᠶᠢᠨ ᠨᠢᠭᠡ ᠪᠤᠯᠤᠨ᠎ᠠ᠃ ᠲᠡᠷᠡ ᠵᠦᠢᠷᠯᠡᠰᠢ ᠦᠭᠡᠢ ᠠᠤᠭ᠎ᠠ ᠵᠤᠷᠢᠭ ᠪᠠ ᠴᠡᠴᠡᠨ ᠣᠬᠠᠭᠠᠨ ᠢᠶᠠᠷ ᠴᠢᠩᠬᠢᠰ ᠬᠠᠭᠠᠨ ᠤ ᠣᠷᠤᠭ ᠲᠠᠰᠣᠷᠤᠮᠠᠷ ᠪᠠᠶᠢᠭᠰᠠᠨ ᠮᠤᠩᠭᠤᠯ ᠬᠠᠭᠠᠨᠳᠣ ᠲᠦᠷᠦ ᠶᠢ ᠵᠠᠯᠭᠠᠭᠤᠯᠵᠤ ᠂ ᠵᠠᠭᠤ ᠰᠢᠬᠠᠮ ᠵᠢᠯ ᠦᠷᠭᠦᠯᠵᠢᠯᠡᠭᠰᠡᠨ ᠮᠣᠩᠭᠤᠯ ᠤᠨ ᠨᠡᠶᠢᠭᠡᠮ ᠤᠨ ᠬᠠᠭᠠᠴᠠᠯ ᠵᠠᠳᠠᠷᠠᠯ ᠤᠨ ᠬᠠᠷᠠᠩᠭᠤᠢ ᠲᠡᠤᠬᠡ ᠶᠢ ᠡᠴᠦᠰᠯᠡᠭᠦᠯᠦᠨ᠂ ᠲᠠᠷᠠᠬᠠᠢ ᠪᠣᠳᠠᠷᠬᠠᠢ ᠮᠣᠩᠭᠤᠯ ᠤᠨ ᠠᠶᠢᠮᠠᠭ ᠤᠭᠰᠠᠭ᠎ᠠ ᠨᠤᠭᠤᠳ ᠢ ᠨᠢᠭᠡᠨ ᠵᠢᠯᠤᠭᠤᠨ ᠳᠤ ᠬᠤᠷᠢᠶᠠᠭᠰᠠᠨ ᠢᠶᠠᠷ ᠪᠠᠷᠠᠬᠤ ᠦᠭᠡᠢ᠂ ᠮᠤᠩᠭᠤᠯ ᠤᠨ ᠨᠡᠶᠢᠭᠡᠮ ᠤᠨ ᠬᠦᠭᠵᠢᠯᠳᠡ ᠶᠢᠨ ᠭᠡᠷᠡᠯ ᠰᠠᠴᠣᠷᠠᠭᠰᠠᠨ ᠰᠢᠨ᠎ᠡ ᠨᠢᠭᠡᠨ ᠬᠠᠭᠤᠳᠠᠰᠤ ᠲᠡᠯᠭᠡᠭᠳᠡᠬᠦ ᠳᠤ ᠲᠠᠶᠢᠪᠣᠩ ᠰᠠᠶᠢᠬᠠᠨ ᠨᠦᠬᠦᠴᠡᠯ ᠢ ᠪᠦᠷᠢᠯᠳᠦᠭᠦᠯᠦᠨ ᠦᠭᠴᠡᠢ᠃ ᠲᠡᠷᠡ ᠪᠤᠯ ᠨᠢᠭᠡᠨ ᠰᠢᠯᠭᠠᠷᠠᠭᠰᠠᠨ ᠣᠯᠤᠰ ᠲᠦᠷᠦᠴᠢᠨ ᠮᠦᠷᠳᠡᠭᠡᠨ ᠴᠣᠯᠭᠤᠷᠠᠭᠰᠠᠨ ᠴᠡᠷᠢᠭ ᠲᠠᠶᠢᠨ ᠤ ᠪᠤᠳᠤᠯᠭᠠᠳᠠᠨ᠂ ᠠᠯᠳᠠᠷᠳᠣ ᠨᠡᠶᠢᠭᠡᠮ ᠤᠨ ᠵᠢᠳᠭᠦᠯᠳᠡᠨ ᠪᠤᠯᠤᠨ᠎ᠠ᠃ ᠮᠠᠨᠳᠣᠬᠠᠢ ᠰᠡᠴᠡᠨ ᠬᠠᠳᠣᠨ ᠪᠤᠯ ᠲᠦᠮᠡᠳ ᠤᠨ ᠡᠩᠬᠦᠳ ᠤᠨ ᠬᠦᠮᠦᠨ᠃ 1447 ᠤᠨ ᠳᠤ ᠮᠡᠨᠳᠦᠯᠡᠪᠡ᠃ ᠲᠡᠭᠦᠨ ᠤ ᠡᠴᠢᠭᠡ ᠨᠢ ᠴᠣᠷᠣᠰᠪᠠᠢ ᠲᠡᠮᠤᠷ ᠴᠢᠩᠰᠠᠩ ᠭᠡᠳᠡᠭ᠃ ᠮᠠᠨᠳᠣᠭᠤᠯ ᠬᠠᠭᠠᠨ ︵1463 -1467︶ ᠤ ᠪᠠᠭ᠎ᠠ ᠬᠠᠳᠣᠨ ᠨᠢ ᠪᠤᠯᠤᠨ᠎ᠠ᠃ ᠮᠠᠨᠳᠣᠬᠠᠢ ᠰᠡᠴᠡᠨ ᠬᠠᠳᠣᠨ ᠭᠤᠴᠢᠨ ᠭᠤᠷᠪᠠᠨ ᠨᠠᠰᠣ ᠲᠠᠢ ᠦᠶ᠎ᠡ ᠳᠡᠭᠡᠨ ᠴᠢᠩᠭᠢᠰ ᠤᠨ ᠠᠯᠳᠠᠨ ᠣᠷᠤᠭᠳᠠᠨ ᠤ ᠬᠤᠶᠢᠴᠢᠰ ᠪᠤᠯᠬᠤ ᠪᠠᠳᠣᠮᠦ᠋ᠩᠬᠡ ︵1474 -1533︶ ᠶᠢ ᠡᠷᠭᠦᠨ ᠲᠡᠳᠬᠦᠵᠤ ᠪᠣᠳᠠᠷᠠᠭᠰᠠᠨ ᠣᠯᠤᠰ ᠢ ᠨᠢ ᠬᠤᠷᠢᠶᠠᠨ᠂ ᠲᠤᠯᠭᠤᠷ ᠲᠦᠷᠦ ᠶᠢ ᠨᠢ ᠴᠣᠭᠴᠠᠯᠠᠨ ᠦᠭᠴᠣ᠂ ᠮᠤᠩᠭᠤᠯ ᠤᠨ ᠲᠡᠤᠬᠡᠨ ᠳᠠᠬᠢ ᠬᠤᠶᠠᠳᠣᠭᠠᠷ ᠣᠳᠠᠭᠠᠨ ᠤ ᠶᠡᠭᠡ ᠨᠢᠭᠡᠳᠦᠯ ᠢ ᠪᠡᠶᠡᠯᠡᠭᠦᠯᠪᠡ᠃
ᠢᠷᠡᠯᠲᠡ᠄ ᠠᠷᠠᠳ ᠤᠨ ᠮᠤᠩᠭᠤᠯ ᠰᠦᠯᠵᠢᠶ᠎ᠡ