ᠵᠠᠯᠠᠨ ᠠᠶᠢᠯ ᠬᠤᠲᠠ ︽︿ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠦᠷᠢᠮ﹀ ᠢ ᠲᠦᠦᠱᠯᠠᠭᠤᠯᠤᠨ ᠨᠠᠶᠢᠳᠠᠪᠤᠷᠢᠵᠢᠭᠤᠯᠵᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠬᠠᠤᠯᠢ ᠪᠠᠷ ᠵᠠᠰᠠᠬᠤ ᠶᠢ ᠪᠥᠬᠦ ᠲᠠᠯ᠎ᠠ ᠪᠠᠷ ᠳᠥᠯᠭᠢᠨ ᠠᠬᠢᠭᠤᠯᠬᠤ︾ ᠲᠥᠪᠯᠡᠷᠡᠩᠭᠦᠶ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/29
    5 ᠰᠠᠷ᠎ᠠ ᠶᠢᠨ 24 ᠤ ᠡᠳᠦᠷ᠂ ᠵᠠᠯᠠᠨ ᠠᠶᠢᠯ ᠬᠤᠲᠠ ︽︿ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠦᠷᠢᠮ﹀ ᠢ ᠲᠦᠦᠱᠯᠠᠭᠤᠯᠤᠨ ᠨᠠᠶᠢᠳᠠᠪᠤᠷᠢᠵᠢᠭᠤᠯᠵᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠤᠯᠢᠵᠢᠭᠤᠯᠤᠯᠲᠠ ᠶᠢ ᠪᠥᠬᠦ ᠲᠠᠯ᠎ᠠ ᠪᠠᠷ ᠳᠥᠯᠭᠢᠨ ᠠᠬᠢᠭᠤᠯᠬᠤ︾ ᠲᠥᠪᠯᠡᠷᠡᠩᠭᠦᠶ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠵᠡᠷᠭᠡ 57 ᠨᠢᠭᠡᠴᠡ ᠠᠵᠢᠯᠯᠠᠭ᠎ᠠ ᠳᠤ ᠣᠷᠣᠯᠴᠠᠵᠤ᠂ ᠬᠤᠲᠠ ᠶᠢᠨ ᠤᠳᠤᠷᠢᠳᠤᠯᠭ᠎ᠠ ᠵᠢᠶᠠᠩ ᠵᠢᠶᠦ᠋ᠨ ᠶᠦᠩ᠂ ᠯᠦ ᠸᠤᠨ ᠹᠤᠩ ᠠᠵᠢᠯᠯᠠᠭ᠎ᠠ ᠳᠤ ᠣᠷᠣᠯᠴᠠᠵᠠᠶ᠃
1.jpg
    ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠠᠰᠠᠭᠤᠨ ᠯᠠᠪᠯᠠᠬᠤ ᠦᠢᠯᠡᠴᠢᠯᠡᠭᠡᠨ ᠤ ᠲᠠᠪᠴᠠᠩ ᠭᠠᠷᠭᠠᠵᠤ᠂ ᠨᠢᠭᠤᠷᠳᠠᠨ ᠤᠬᠠᠭᠤᠯᠤᠨ ᠲᠠᠶᠢᠯᠪᠤᠷᠢᠯᠠᠬᠤ᠂ ᠤᠬᠠᠭᠤᠯᠭ᠎ᠠ ᠶᠢᠨ ᠥᠩᠭᠡᠲᠦ ᠬᠠᠭᠤᠳᠠᠰᠤ ᠲᠠᠷᠬᠠᠭᠠᠬᠤ ᠵᠡᠷᠭᠡ ᠤᠯᠠᠨ ᠵᠦᠢᠯ ᠤᠨ ᠬᠡᠯᠪᠡᠷᠢ ᠪᠠᠷ ᠳᠠᠮᠵᠢᠭᠤᠯᠵᠤ᠂ ︽ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠦᠷᠢᠮ︾ ᠤᠨ ᠠᠭᠤᠯᠭ᠎ᠠ ᠶᠢ ᠲᠠᠶᠢᠯᠪᠤᠷᠢᠯᠠᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠤᠯᠢᠵᠢᠯ ᠵᠢᠴᠢ ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠮᠡᠳᠡᠯᠭᠡ ᠵᠡᠷᠭᠡ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠬᠠᠤᠯᠢ ᠲᠣᠭᠲᠠᠭᠠᠯ ᠢ ᠲᠦᠭᠡᠮᠡᠯᠵᠢᠭᠦᠯᠦᠨ᠎ᠡ᠃
2.jpg
3.jpg
    ᠬᠠᠤᠯᠢ ᠪᠠᠷ ᠵᠠᠰᠠᠬᠤ ᠵᠠᠬᠢᠳᠠᠯ ᠰᠤᠷᠪᠤᠯᠵᠢᠯᠠᠭ᠎ᠠ ᠶᠢᠨ ᠭᠤᠣᠯ ᠬᠦᠭ ᠠᠶᠠᠰ ᠢ ᠴᠢᠪᠬᠠᠳᠠᠵᠤ᠂ ᠬᠠᠤᠯᠢ ᠪᠠᠷ ᠵᠠᠰᠠᠬᠤ ᠵᠠᠬᠢᠳᠠᠯ ᠰᠤᠷᠪᠤᠯᠵᠢᠯᠠᠭ᠎ᠠ ᠶᠢᠨ ᠬᠠᠮᠤᠭ ᠤᠨ ᠴᠢᠩᠭ᠎ᠠ ᠳᠠᠭᠤᠨ ᠢ ᠵᠠᠯᠠᠨ ᠠᠶᠢᠯ ᠬᠤᠳᠠ ᠶᠢᠨ ᠬᠢᠨ ᠲᠤᠰ ᠤᠳᠠᠭ᠎ᠠ ᠶᠢᠨ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠲᠠᠢ ᠪᠠᠨ ᠨᠢᠭᠲᠠ ᠤᠶᠠᠯᠳᠤᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠳᠡᠭᠲᠡᠷ ᠲᠤ ᠭᠠᠷᠬᠤ ᠶᠢ ᠲᠠᠰᠤᠷᠠᠯᠲᠠ ᠦᠭᠡᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠵᠠᠯᠠᠨ ᠠᠶᠢᠯ ᠤᠨ ᠰᠢᠨ᠎ᠡ ᠬᠠᠭᠤᠳᠠᠰᠤ ᠶᠢ ᠲᠦᠷᠭᠡᠨ ᠪᠢᠴᠢᠭᠯᠡᠬᠦ ᠳᠤ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠪᠡ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ