ᠵᠠᠯᠠᠨ ᠠᠶᠢᠯ ᠬᠤᠲᠠ 2024 ᠣᠨ ᠤ ᠡᠩ ᠤᠨ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠰᠢᠯᠭᠠᠯᠲᠠ ᠶᠢᠨ ᠠᠮᠤᠷ ᠲᠦᠪᠰᠢᠨ ᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/5/29
    5 ᠰᠠᠷ᠎ᠠ ᠶᠢᠨ 23 ᠤ ᠡᠳᠦᠷ᠂ ᠵᠠᠯᠠᠨ ᠠᠶᠢᠯ ᠬᠤᠲᠠ 2024 ᠣᠨ ᠤ ᠡᠩ ᠤᠨ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠰᠢᠯᠭᠠᠯᠲᠠ ᠶᠢᠨ ᠠᠮᠤᠷ ᠲᠦᠪᠰᠢᠨ ᠤ ᠠᠵᠢᠯ ᠤᠨ ᠬᠤᠷᠠᠯ ᠬᠤᠷᠠᠯᠳᠤᠭᠤᠯᠪᠠ᠃ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠨ ᠰᠢᠶᠤᠤ ᠬᠤᠶ ᠬᠤᠷᠠᠯ ᠳᠤ ᠣᠷᠣᠯᠴᠠᠪᠠ᠃
1.jpg
    ᠬᠤᠷᠠᠯ ᠠᠴᠠ ᠡᠨᠡ ᠵᠢᠯ ᠤᠨ ᠪᠥᠬᠦ ᠬᠤᠲᠠ ᠶᠢᠨ ᠰᠣᠷᠣᠭᠴᠢ ᠡᠯᠰᠡᠬᠦ ᠰᠢᠯᠭᠠᠯᠲᠠ ᠶᠢᠨ ᠠᠵᠢᠯ ᠤᠨ ᠪᠠᠶᠢᠳᠠᠯ ᠢ ᠵᠠᠷᠯᠠᠨ ᠮᠡᠳᠡᠭᠳᠡᠵᠦ᠂ ᠰᠣᠷᠣᠭᠴᠢ ᠡᠯᠰᠡᠬᠦ ᠺᠣᠮᠢᠰ ᠤᠨ ᠪᠦᠷᠢᠯᠳᠦᠬᠦᠨ ᠨᠢᠭᠡᠴᠡ ᠨᠦᠭᠦᠳ ᠲᠣᠰ ᠲᠣᠰ ᠤᠨ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠴᠠᠷᠠᠭ᠎ᠠ ᠶᠢᠨ ᠢᠶᠠᠨ ᠲᠤᠬᠠᠶ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃    ᠬᠤᠷᠠᠯ ᠠᠴᠠ᠂ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠶᠡᠭᠡ ᠳᠡᠭᠡᠳᠦ ᠰᠤᠷᠭᠠᠭᠤᠯᠢ ᠶᠢᠨ ᠤᠯᠤᠰ ᠤᠨ ᠨᠢᠭᠡᠳᠦᠯᠲᠡᠢ ᠰᠢᠯᠭᠠᠯᠲᠠ ᠶᠢᠨ ᠠᠵᠢᠯ ᠢ ᠰᠠᠶᠢᠲᠤᠷ ᠬᠢᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠠᠮᠤᠷ ᠲᠦᠪᠰᠢᠨ ᠤ ᠬᠠᠯᠬᠠᠪᠴᠢ ᠶᠢ ᠡᠷᠡᠰ ᠪᠠᠲᠤ ᠪᠠᠶᠢᠭᠤᠯᠵᠤ᠂ ᠶᠡᠭᠡ ᠳᠡᠭᠡᠳᠦ ᠰᠤᠷᠭᠠᠭᠤᠯᠢ ᠶᠢᠨ ᠤᠯᠤᠰ ᠤᠨ ᠨᠢᠭᠡᠳᠦᠯᠲᠡᠢ ᠰᠢᠯᠭᠠᠯᠲᠠ ᠶᠢᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ᠃ ᠵᠠᠩᠭᠢᠯᠠᠭ᠎ᠠ ᠶᠢᠨ ᠭᠤᠭᠴᠤᠭ᠎ᠠ ᠶᠢ ᠠᠳᠬᠤᠵᠤ᠂ ᠠᠵᠢᠯ ᠤᠨ ᠬᠡᠯᠬᠢᠶ᠎ᠡ ᠶᠢ ᠴᠢᠩᠭ᠎ᠠ ᠠᠳᠬᠤᠵᠤ᠂ ᠠᠮᠤᠷ ᠲᠦᠪᠰᠢᠨ ᠤ ᠲᠠᠯ᠎ᠠ ᠪᠠᠷ ︽ᠰᠡᠷᠭᠡᠶᠢᠯᠡᠬᠦ︾᠂ ᠬᠠᠮᠢᠶᠠᠷᠤᠯᠲᠠ ᠶᠢᠨ ᠲᠠᠯ᠎ᠠ ᠪᠠᠷ ︽ᠴᠢᠩᠭ᠎ᠠ︾᠂ ᠪᠡᠯᠡᠳᠬᠡᠯ ᠤᠨ ᠲᠠᠯ᠎ᠠ ᠪᠠᠷ ︽ᠨᠠᠷᠢᠨ︾᠂ ᠦᠢᠯᠡᠴᠢᠯᠡᠭᠡᠨ ᠤ ᠲᠠᠯ᠎ᠠ ᠪᠠᠷ ︽ᠳᠣᠲᠣᠨᠣ︾ ᠪᠠᠶᠢᠬᠤ ᠶᠢ ᠪᠡᠶᠡᠯᠡᠭᠦᠯᠵᠦ ᠂ ︽ᠠᠮᠤᠷ ᠲᠦᠪᠰᠢᠨ ᠶᠡᠭᠡ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ︾ ᠶᠢᠨ ᠠᠮᠢᠨ ᠰᠤᠳᠠᠰᠤ ᠶᠢ ᠪᠠᠲᠤ ᠰᠠᠬᠢᠬᠤ ᠬᠡᠷᠡᠭᠲᠡᠢ᠃ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠭᠡᠵᠦ᠂ ᠬᠦᠴᠦ ᠪᠠᠨ ᠬᠠᠮᠲᠤᠳᠬᠠᠨ ᠬᠠᠮᠵᠢᠯᠴᠠᠵᠤ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ᠂ ᠥᠨᠳᠥᠷ ᠳᠤᠮᠳᠠᠳᠤ ᠳᠤ ᠰᠣᠷᠣᠭᠴᠢ ᠡᠯᠰᠡᠬᠦ ᠰᠢᠯᠭᠠᠯᠲᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠰᠢᠯᠭᠠᠭᠤᠯᠤᠭᠰᠠᠳ ᠲᠤ ᠠᠮᠤᠷ ᠲᠦᠪᠰᠢᠨ᠂ ᠡᠷᠬᠡ ᠲᠡᠭᠰᠢ᠂ ᠡᠶ᠎ᠡ ᠵᠣᠬᠢᠴᠠᠯ ᠲᠠᠢ ᠰᠢᠯᠭᠠᠯᠲᠠ ᠶᠢᠨ ᠣᠷᠴᠢᠨ ᠨᠥᠬᠦᠴᠡᠯ ᠢ ᠦᠨᠡᠨ ᠬᠦ ᠪᠣᠶ ᠪᠣᠯᠭᠠᠵᠤ ᠥᠭᠬᠦ ᠬᠡᠷᠡᠭᠲᠡᠶ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ