ᠵᠠᠯᠠᠨ ᠠᠶᠢᠯ ᠬᠤᠲᠠ ᠶᠢᠨ ᠤᠯᠤᠰ ᠲᠥᠷᠥ ᠶᠢᠨ ᠵᠥᠪᠯᠡᠯᠭᠡᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠶ ᠪᠣᠯᠭᠠᠵᠤ᠂ ᠠᠷᠠᠳ ᠤᠨ ᠤᠯᠤᠰ ᠲᠥᠷᠥ ᠶᠢᠨ ᠵᠥᠪᠯᠡᠯᠭᠡᠨ ᠪᠠᠶᠢᠭᠤᠯᠤᠭᠳᠠᠭᠰᠠᠨ ᠳᠠᠯᠠᠨ ᠲᠠᠪᠤᠨ ᠵᠢᠯ ᠤᠨ ᠣᠶ ᠶᠢ ᠪᠠᠶᠠᠷᠯᠠᠨ ᠤᠭᠲᠤᠶ᠎ᠠ︾ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠫᠢᠩᠫᠠᠩ ᠪᠥᠮᠪᠦᠭᠡ ᠶᠢᠨ ᠤᠷᠤᠯᠳᠤᠭᠠᠨ ᠶᠠᠪᠤᠭᠤᠯᠪᠠ
ᠨᠡᠶᠢᠲᠡᠯᠡᠭᠰᠡᠨ ᠴᠠᠭ᠄
2024/5/29
    ᠲᠤᠰ ᠤᠳᠠᠭᠠᠨ ᠤ ᠤᠷᠤᠯᠳᠤᠭᠠᠨ ᠳᠤ᠂ ᠤᠯᠤᠰ ᠲᠥᠷᠥ ᠶᠢᠨ ᠵᠥᠪᠯᠡᠯᠭᠡᠨ ᠤ ᠪᠠᠶᠢᠭᠤᠯᠭ᠎ᠠ ᠪᠠ ᠡᠲᠡᠭᠡᠳ ᠤᠨ ᠢᠯᠭᠠᠯ ᠤᠨ ᠳᠤᠭᠤᠶᠢᠯᠠᠩ ᠤᠨ 7 ᠲᠥᠯᠥᠭᠡᠯᠡᠭᠴᠢᠳ ᠤᠨ ᠠᠩᠭᠢ ᠶᠢᠨ 47 ᠲᠠᠮᠢᠷᠴᠢᠨ ᠣᠷᠣᠯᠴᠠᠵᠤ᠂ ᠤᠷᠤᠯᠳᠤᠭᠠᠨ ᠢ ᠡᠷᠡᠭᠲᠡᠶ ᠶᠢᠨ ᠭᠠᠭᠴᠠᠭᠠᠷ ᠴᠣᠬᠢᠬᠤ᠂ ᠡᠮᠡᠭᠲᠡᠶ ᠶᠢᠨ ᠭᠠᠭᠴᠠᠭᠠᠷ ᠴᠣᠬᠢᠬᠤ᠂ ᠡᠷᠡᠭᠲᠡᠶ ᠶᠢᠨ ᠬᠤᠣᠰ ᠴᠣᠬᠢᠬᠤ᠂ ᠪᠦᠯᠬᠦᠮ ᠤᠨ ᠳᠥᠷᠪᠡᠨ ᠵᠦᠢᠯ ᠤᠨ ᠤᠷᠤᠯᠳᠤᠭᠠᠨ ᠭᠡᠵᠦ ᠬᠤᠪᠢᠶᠠᠵᠠᠶ᠃ ᠨᠢᠭᠡ ᠡᠳᠦᠷ ᠬᠠᠭᠠᠰ ᠤᠨ ᠤᠷᠤᠯᠳᠤᠭᠠᠨ ᠤ ᠶᠠᠪᠤᠴᠠ ᠳᠤ ᠡᠷᠡᠭᠲᠡᠶ ᠶᠢᠨ ᠭᠤᠴᠣᠯᠠᠯ᠂ ᠡᠮᠡᠭᠲᠡᠶ ᠶᠢᠨ ᠭᠤᠴᠣᠯᠠᠯ ᠤᠷᠤᠯᠳᠤᠭᠠᠨ ᠤ ᠮᠠᠬᠠᠯᠠᠶ ᠲᠤᠰ ᠪᠦᠷᠢ ᠨᠢᠭᠡ᠂ ᠡᠷᠡᠭᠲᠡᠶ ᠶᠢᠨ ᠬᠤᠣᠰᠯᠠᠯ ᠤᠷᠤᠯᠳᠤᠭᠠᠨ ᠤ ᠮᠠᠬᠠᠯᠠᠶ ᠬᠤᠶᠠᠷ᠂ ᠬᠠᠮᠲᠤ ᠶᠢᠨ ᠤᠷᠤᠯᠳᠤᠭᠠᠨ ᠤ ᠮᠠᠬᠠᠯᠠᠶ ᠨᠢᠭᠡ ᠶᠢ ᠰᠢᠯᠭᠠᠷᠠᠭᠤᠯᠤᠨ᠎ᠠ᠃
1.jpg
2.jpg
3.jpg
    ᠲᠣᠰ ᠤᠳᠠᠭᠠᠨ ᠤ ᠤᠷᠤᠯᠳᠤᠭᠠᠨ ᠳᠤ ᠰᠢᠨ᠎ᠡ ᠴᠠᠭ ᠦᠶ᠎ᠡ ᠶᠢᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠬᠤᠲᠠ ᠶᠢᠨ ᠨᠠᠮ ᠤᠨ ᠬᠤᠷᠢᠶᠠᠨ ᠤ ᠤᠳᠤᠷᠢᠳᠤᠯᠭ᠎ᠠ ᠳᠣᠤᠷ᠎ᠠ ᠢᠳᠡᠪᠬᠢᠲᠡᠶ ᠪᠠᠷ ᠥᠭᠡᠳᠡᠯᠡᠨ ᠳᠠᠪᠰᠢᠬᠤ᠂ ᠪᠦᠯᠬᠦᠮᠳᠡᠨ ᠬᠠᠮᠵᠢᠯᠴᠠᠬᠤ᠂ ᠡᠷᠡᠯᠬᠡᠭᠯᠡᠨ ᠲᠡᠮᠡᠴᠡᠬᠦ ᠵᠣᠷᠢᠭ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠪᠡ᠃ ᠵᠠᠯᠠᠨ ᠠᠶᠢᠯ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠲᠤᠰ ᠤᠳᠠᠭ᠎ᠠ ᠶᠢᠨ ᠤᠷᠤᠯᠳᠤᠭᠠᠨ ᠢᠶᠠᠷ ᠠᠵᠠ ᠲᠣᠬᠢᠶᠠᠯ ᠪᠣᠯᠭᠠᠵᠤ᠂ ᠤᠯᠠᠨ ᠵᠦᠢᠯ ᠤᠨ ᠬᠡᠯᠪᠡᠷᠢ ᠪᠠᠷ ᠡᠯ᠎ᠡ ᠵᠦᠢᠯ ᠤᠨ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠢᠳᠡᠪᠬᠢᠲᠡᠢ ᠵᠣᠬᠢᠶᠠᠨ ᠪᠠᠶᠢᠭᠤᠯᠤᠨ ᠥᠷᠨᠢᠭᠦᠯᠵᠦ᠂ ᠭᠡᠰᠢᠭᠦᠳ ᠲᠤ ᠶᠠᠪᠤᠯᠴᠠᠭ᠎ᠠ ᠰᠣᠯᠢᠯᠴᠠᠭᠠᠨ ᠤ ᠲᠠᠪᠴᠠᠩ ᠪᠠᠶᠢᠭᠤᠯᠵᠤ᠂ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠵᠤ᠂ ᠪᠡᠶ᠎ᠡ ᠰᠡᠳᠬᠢᠯ ᠢᠶᠠᠨ ᠬᠥᠭᠵᠢᠭᠡᠵᠦ᠂ ᠪᠦᠯᠬᠦᠮᠳᠡᠯ ᠢᠶᠠᠨ ᠴᠢᠩᠭᠠᠳᠬᠠᠵᠤ᠂ ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠬᠤ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠲᠠᠰᠤᠷᠠᠯᠲᠠ ᠦᠭᠡᠢ ᠨᠢᠭᠲᠠᠷᠠᠭᠤᠯᠵᠤ᠂ ᠰᠢᠨ᠎ᠡ ᠴᠠᠭ ᠦᠶ᠎ᠡ ᠶᠢᠨ ᠤᠯᠤᠰ ᠲᠦᠷᠦ ᠶᠢᠨ ᠵᠥᠪᠯᠡᠯᠭᠡᠨ ᠤ ᠦᠢᠯᠡᠰ ᠤᠨ ᠬᠥᠭᠵᠢᠯᠲᠡ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠵᠦ ᠵᠢᠭᠠᠵᠤ ᠭᠠᠷᠭᠠᠪᠠ᠃ 
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ