ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠶ ᠰᠡᠳᠦᠪᠲᠦ ᠨᠠᠮ ᠤᠨ ᠬᠢᠴᠢᠶᠡᠯ ᠥᠷᠨᠢᠭᠦᠯᠪᠡ
ᠨᠡᠶᠢᠲᠡᠯᠡᠭᠰᠡᠨ ᠴᠠᠭ᠄
2024/5/31
    ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠢ ᠥᠷᠨᠢᠭᠦᠯᠵᠦ᠂ ᠺᠠᠳ᠋ᠷ ᠠᠵᠢᠯᠳᠠᠨ ᠠᠵᠢᠯᠴᠢᠨ ᠤ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠤᠬᠠᠮᠰᠠᠷ ᠢ ᠴᠢᠨᠠᠭᠰᠢᠳᠠ ᠴᠢᠩᠭᠠᠳᠬᠠᠬᠤ ᠶᠢᠨ ᠲᠥᠯᠥᠭᠡ᠂ 5 ᠰᠠᠷ᠎ᠠ ᠶᠢᠨ 23 ᠤ ᠦᠳᠡ ᠶᠢᠨ ᠡᠮᠦᠨ᠎ᠡ᠂ ᠬᠤᠳᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠨᠠᠮ ᠤᠨ ᠡᠭᠦᠷ ᠤᠨ ᠱᠦᠵᠢ ᠰᠢᠤᠢ ᠰᠦᠩ ᠪᠦᠬᠦ ᠲᠠᠯ᠎ᠠ ᠶᠢᠨ ᠨᠠᠮ ᠤᠨ ᠭᠡᠰᠢᠭᠦᠨ ᠺᠠᠳ᠋ᠷᠴᠤᠳ ᠲᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ ᠨᠠᠮ ᠤᠨ ᠬᠢᠴᠢᠶᠡᠯ ᠵᠢᠭᠠᠪᠠ᠃       ᠨᠠᠮ ᠤᠨ ᠬᠢᠴᠢᠶᠡᠯ ᠳᠤ ︽ᠲᠦᠷᠢᠮ ᠳᠤ ᠶᠠᠭᠤᠨ ᠤ ᠤᠴᠢᠷ ᠠᠴᠠ ᠳᠠᠬᠢᠨᠲᠠ ᠵᠠᠰᠠᠪᠤᠷᠢ ᠣᠷᠣᠭᠤᠯᠤᠭᠰᠠᠨ ᠪᠣᠶ︖ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠶᠢᠨ ᠴᠢᠬᠤᠯᠠ ᠠᠴᠢ ᠬᠤᠯᠪᠣᠭᠳᠠᠯ ᠢ ᠴᠢᠬᠤᠯᠠᠴᠢᠯᠠᠵᠤ᠂ ᠨᠠᠮ ᠤᠨ ᠰᠠᠬᠢᠯᠭ᠎ᠠ ᠪᠠᠲᠤ ᠶᠢᠨ ᠱᠠᠭᠠᠷᠳᠠᠯᠭ᠎ᠠ ᠪᠣᠯᠤᠨ ᠶᠣᠰᠣ ᠲᠦᠷᠢᠮ ᠤᠨ ᠠᠭᠤᠯᠤᠭᠳᠠᠬᠤᠨ ᠢ ᠭᠦᠨᠵᠡᠭᠡᠢ ᠲᠣᠳᠣᠷᠬᠠᠶᠢᠯᠠᠨ ᠥᠭᠦᠯᠡᠬᠦ ᠶᠢᠨ ᠬᠠᠮᠲᠤ ᠲᠦᠷᠢᠮ ᠳᠤ ᠳᠠᠬᠢᠨᠲᠠ ᠵᠠᠰᠠᠪᠤᠷᠢ ᠣᠷᠣᠭᠤᠯᠬᠤ ᠶᠢᠨ ᠴᠢᠬᠤᠯᠠ ᠴᠢᠨᠠᠷ᠂ ᠲᠤᠪᠤᠶᠢᠮ᠎ᠠ ᠣᠨᠴᠠᠯᠢᠭ ᠪᠣᠯᠤᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠬᠥᠭᠵᠢᠭᠦᠯᠬᠦ ᠳᠤ ᠦᠵᠡᠭᠦᠯᠦᠭᠰᠡᠨ ᠦᠢᠯᠡᠳᠦᠯ ᠢ ᠭᠤᠣᠯᠳᠠᠯᠭ᠎ᠠ ᠲᠠᠢ ᠲᠠᠶᠢᠯᠪᠤᠷᠢᠯᠠᠪᠠ᠃ ᠰᠢᠤᠢ ᠰᠦᠩ᠂ ︽ᠲᠦᠷᠢᠮ︾ ᠤᠨ ᠵᠢᠷᠭᠤᠭᠠᠨ ᠰᠠᠬᠢᠯᠭ᠎ᠠ ᠪᠠᠲᠤ ᠶᠢ ᠪᠦᠬᠦ ᠲᠠᠯ᠎ᠠ ᠪᠠᠷ ᠤᠢᠢᠯᠠᠭᠠᠨ ᠣᠨᠣᠪᠴᠢᠲᠠᠢ ᠡᠵᠡᠮᠰᠢᠵᠦ᠂ ︽ᠬᠤᠷᠢᠭ᠎ᠠ ᠱᠤᠭᠤᠮ︾ ︽ᠤᠯᠠᠭᠠᠨ ᠱᠤᠭᠤᠮ︾ ᠨᠢ ᠬᠠᠮᠢᠭ᠎ᠠ ᠪᠠᠶᠢᠬᠤ ᠶᠢ ᠲᠣᠳᠣᠷᠬᠠᠶᠢᠯᠠᠵᠤ᠂ ᠠᠷᠠᠳᠴᠢᠯᠠᠯ ᠲᠥᠪᠯᠡᠷᠡᠯ ᠤᠨ ᠶᠣᠰᠣ ᠶᠢ ᠪᠠᠷᠢᠮᠲᠠᠯᠠᠵᠤ᠂ ᠠᠷᠢᠭᠤᠨ ᠴᠢᠬᠡᠴᠢ ᠪᠠᠷ ᠡᠷᠬᠡ ᠪᠠᠨ ᠬᠡᠷᠡᠭᠯᠡᠬᠦ ᠠᠵᠢᠯᠯᠠᠭ᠎ᠠ ᠶᠢᠨ ᠲᠦᠷᠢᠮ ᠢ ᠵᠢᠷᠤᠮᠯᠠᠬᠤ ᠬᠡᠷᠡᠭᠲᠡᠢ︔ ᠨᠠᠮ ᠤᠨ ᠦᠨᠳᠦᠰᠦᠨ ᠵᠣᠷᠢᠯᠲᠠ ᠶᠢ ᠤᠬᠠᠮᠰᠠᠷ ᠠᠴᠠ ᠪᠠᠨ ᠦᠢᠯᠡᠳᠦᠯᠭᠡᠵᠢᠭᠦᠯᠵᠦ᠂ ᠰᠡᠳᠬᠢᠯ ᠰᠠᠨᠠᠭ᠎ᠠ ᠪᠠᠨ ᠠᠵᠢᠯ ᠶᠠᠪᠤᠳᠠᠯ ᠢ ᠪᠣᠳᠣᠯᠬᠢᠯᠠᠵᠤ ᠦᠢᠯᠡᠰ ᠪᠤᠰᠬᠠᠬᠤ᠂ ᠠᠷᠠᠳ ᠲᠦᠮᠡᠨ ᠳᠤ ᠠᠰᠢᠭ ᠲᠤᠰᠠ ᠣᠯᠭᠤᠬᠤ ᠳᠡᠭᠡᠷ᠎ᠡ ᠲᠠᠯᠪᠢᠵᠤ᠂ ᠭᠡᠷ ᠪᠦᠯᠢ ᠭᠡᠷ ᠤᠨ ᠰᠤᠷᠭᠠᠯ ᠭᠡᠷ ᠤᠨ ᠰᠤᠷᠲᠠᠯ ᠢ ᠴᠢᠬᠤᠯᠠᠴᠢᠯᠠᠬᠤ ᠬᠡᠷᠡᠭᠲᠡᠢ︔ ᠰᠤᠷᠤᠯᠴᠠᠯᠭ᠎ᠠ ᠶᠢ ᠡᠳᠦᠷ ᠲᠤᠳᠤᠮ ᠤᠨ ᠠᠵᠢᠯ ᠳᠤ ᠠᠭᠤᠰᠬᠠᠵᠤ᠂ ᠪᠠᠶᠢᠩᠭᠤ ᠠᠳᠬᠤᠵᠤ᠂ ᠡᠩ ᠤᠨ ᠦᠶ᠎ᠡ ᠳᠤ ᠲᠤᠤᠱᠯᠠᠭᠤᠯᠵᠤ᠂ ᠺᠠᠳ᠋ᠷ ᠤᠨ ᠡᠩᠨᠡᠭᠡᠨ ᠤ ᠬᠠᠮᠵᠢᠯᠴᠠᠬᠤ ᠴᠢᠳᠠᠪᠤᠷᠢ᠂ ᠦᠢᠯᠡᠴᠢᠯᠡᠬᠦ ᠴᠢᠳᠠᠪᠤᠷᠢ ᠪᠠ ᠲᠤᠰᠬᠠᠢ ᠮᠡᠷᠭᠡᠵᠢᠯ ᠤᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃    ᠲᠤᠰ ᠤᠳᠠᠭ᠎ᠠ ᠶᠢᠨ ᠲᠤᠰᠬᠠᠢ ᠰᠡᠳᠦᠪᠲᠦ ᠨᠠᠮ ᠤᠨ ᠬᠢᠴᠢᠶᠡᠯ ᠤᠯᠠᠨ ᠤ ᠠᠩᠬᠠᠷᠤᠯ ᠢ ᠶᠡᠬᠡᠳᠡ ᠲᠠᠲᠠᠵᠤ᠂ ᠬᠤᠶᠢᠰᠢᠳᠠ ᠶᠢᠨ ᠠᠵᠢᠯ ᠤᠨ ᠳᠤᠮᠳᠠ᠂ ᠤᠰᠤᠨ ᠠᠰᠢᠭᠯᠠᠯᠲᠠ ᠶᠢᠨ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠲᠡᠷᠡ ᠬᠡᠪ ᠢᠶᠠᠷ ᠨᠢ ᠰᠤᠷᠤᠯᠴᠠᠬᠤ᠂ ᠳᠡᠭᠡᠳᠦ ᠱᠠᠳᠤ ᠨᠢ ᠲᠤᠤᠷᠠᠳᠤ ᠱᠠᠳᠤ ᠪᠠᠨ ᠳᠠᠭᠠᠭᠤᠯᠬᠤ᠂ ᠪᠣᠳᠠᠲᠠᠢ ᠲᠠᠢ ᠤᠶᠠᠯᠳᠤᠭᠤᠯᠤᠨ ᠰᠤᠷᠤᠯᠴᠠᠬᠤ᠂ ᠰᠠᠬᠢᠯᠭ᠎ᠠ ᠪᠠᠲᠤ ᠶᠢᠨ ᠤᠬᠠᠭᠠᠨ ᠢ ᠰᠡᠷᠡᠮᠵᠢᠯᠡᠭᠦᠯᠦᠨ ᠲᠣᠳᠣᠷᠬᠠᠶᠢᠯᠠᠬᠤ ᠶᠢ ᠪᠠᠷᠢᠮᠲᠠᠯᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠤᠨ᠎ᠠ ᠭᠡᠵᠦ ᠤᠯᠠᠨ ᠤ ᠠᠩᠬᠠᠷᠤᠯ ᠢ ᠶᠡᠬᠡᠳᠡ ᠲᠠᠲᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠤᠨ᠎ᠠ ᠭᠡᠵᠦ ᠢᠯᠡᠳᠬᠡᠵᠡᠭᠡᠪᠡ᠃ 
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ