ᠵᠠᠯᠠᠨ ᠠᠶᠢᠯ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ᠸᠠᠲ ᠰᠢᠶᠠᠩ ᠳᠤ ᠬᠦᠷᠴᠦ ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠠᠷᠠᠯᠵᠢᠶᠠᠨ ᠤ ᠠᠵᠢᠯ ᠤᠨ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/5/31
    ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠷᠥᠯ  ᠵᠦᠢᠯ ᠤᠨ ︽ᠣᠷᠣᠭᠤᠯᠬᠤ ᠶᠣᠰᠣᠲᠠᠶ ᠪᠣᠯ ᠵᠠᠪᠠᠯ ᠣᠷᠣᠭᠤᠯᠬᠤ︾ ᠬᠠᠮᠢᠶ᠎ᠠ ᠪᠥᠬᠦᠶ ᠱᠠᠭᠠᠷᠳᠠᠯᠭ᠎ᠠ ᠶᠢ ᠲᠦᠦᠱᠯᠠᠭᠤᠯᠤᠨ ᠨᠠᠶᠢᠳᠠᠪᠤᠷᠢᠵᠢᠭᠤᠯᠵᠤ᠂ ᠵᠠᠯᠠᠨ ᠠᠶᠢᠯ ᠬᠤᠲᠠ ᠶᠢᠨ ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ ᠡᠷᠬᠡ ᠶᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠳᠤ ᠣᠷᠣᠭᠤᠯᠵᠤ ᠠᠷᠠᠯᠵᠢᠶᠠᠯᠠᠬᠤ ᠶᠢ ᠡᠮᠬᠢ ᠵᠢᠷᠤᠮ ᠲᠠᠢ ᠠᠬᠢᠭᠤᠯᠬᠤ ᠶᠢᠨ ᠲᠥᠯᠥᠭᠡ᠂ ᠣᠶᠢᠷ᠎ᠠ ᠳᠤ᠂ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ᠤᠨ ᠪᠠᠶᠢᠴᠠᠭᠠᠨ ᠰᠤᠳᠤᠯᠬᠤ ᠳᠤᠭᠤᠶᠢᠯᠠᠩ ᠸᠠᠲ  ᠰᠢᠶᠠᠩ ᠳᠤ ᠬᠦᠷᠴᠦ ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ ᠡᠷᠬᠡ ᠶᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠳᠤ ᠣᠷᠣᠭᠤᠯᠬᠤ ᠠᠵᠢᠯ ᠤᠨ ᠲᠤᠬᠠᠶ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠬᠢᠪᠠ᠃    ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠸᠠᠲ  ᠰᠢᠶᠠᠩ ᠤᠨ ᠡᠯ᠎ᠡ ᠲᠣᠰᠬᠤᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠣᠳᠣᠬᠢ ᠪᠠᠶᠢᠳᠠᠯ᠂ ᠠᠷᠠᠯᠵᠢᠶᠠᠨ ᠤ ᠶᠠᠪᠤᠴᠠ ᠵᠢᠴᠢ ᠠᠷᠠᠯᠵᠢᠶᠠᠨ ᠤ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ ᠣᠶᠢᠯᠠᠭᠠᠬᠤ ᠶᠢᠨ ᠬᠠᠮᠲᠤ ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ ᠡᠷᠬᠡ ᠶᠢ ᠵᠠᠬ᠎ᠠ ᠳᠡᠯᠭᠡᠭᠦᠷ ᠲᠤ ᠣᠷᠣᠭᠤᠯᠵᠤ ᠠᠷᠠᠯᠵᠢᠶᠠᠯᠠᠬᠤ ᠠᠵᠢᠯ ᠳᠤ ᠲᠤᠯᠭᠠᠷᠠᠵᠤ ᠪᠠᠶᠢᠭ᠎ᠠ ᠬᠦᠴᠢᠷ ᠲᠦᠪᠡᠭᠲᠡᠶ ᠠᠰᠠᠭᠤᠳᠠᠯ ᠤᠨ ᠲᠤᠬᠠᠶ ᠰᠢᠶᠠᠩ ᠤᠨ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠵᠢᠴᠢ ᠪᠣᠳᠠᠲᠠᠶ ᠠᠵᠢᠯᠲᠠᠳ ᠲᠠᠢ ᠶᠠᠷᠢᠯᠴᠠᠨ ᠰᠣᠯᠢᠯᠴᠠᠪᠠ᠃    ᠲᠠᠷᠠᠭᠠᠴᠢ ᠶᠢᠨ ᠠᠯᠬᠤᠮ ᠳᠤ᠂ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ᠨᠢ ᠡᠯ᠎ᠡ ᠰᠢᠶᠠᠩ ᠪᠠᠯᠭᠠᠰᠤ ᠯᠤᠭ᠎ᠠ ᠶᠢᠨ ᠨᠡᠪᠲᠡᠷᠡᠯᠴᠡᠭᠡ ᠵᠣᠬᠢᠴᠠᠭᠤᠯᠭ᠎ᠠ ᠪᠠᠨ ᠦᠷᠭᠦᠯᠵᠢᠯᠡᠨ ᠴᠢᠩᠭᠠᠳᠬᠠᠵᠤ᠂ ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠠᠷᠠᠯᠵᠢᠶ᠎ᠠ ᠶᠢᠨ ︽ᠣᠷᠣᠭᠤᠯᠬᠤ ᠶᠣᠰᠣᠲᠠᠶ ᠶᠢ ᠨᠢ ᠵᠠᠪᠠᠯ ᠣᠷᠣᠭᠤᠯᠬᠤ︾ ᠶᠢ ᠪᠥᠬᠦ ᠬᠦᠴᠦᠨ ᠢᠶᠠᠷ ᠢᠶᠠᠨ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠵᠤ᠂ ᠡᠯ᠎ᠡ ᠵᠦᠢᠯ ᠤᠨ ᠡᠭᠦᠷᠭᠡ ᠪᠠᠨ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃   
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ