ᠣᠶᠢᠷ᠎ᠠ ᠶᠢᠨ ᠡᠳᠦᠷ ᠤᠳ ᠲᠤ᠂ ᠪᠥᠬᠦ ᠣᠷᠣᠨ ᠤ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠡᠷᠦᠩᠬᠡᠢ ᠱᠦᠵᠢ | ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠥᠵᠢᠯ ᠤᠨ ᠲᠤᠬᠠᠢ ᠴᠢᠬᠤᠯᠠ ᠶᠠᠷᠢᠶ᠎ᠠ ᠪᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠭᠦᠨᠵᠡᠭᠡᠢ ᠰᠣᠷᠣᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠠᠭᠠᠷᠳᠠᠯᠭ᠎ᠠ ᠶᠣᠰᠣᠭᠠᠷ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠥᠵᠢᠯ ᠢ ᠥᠷᠨᠢᠭᠦᠯᠬᠦ ᠶᠢ ᠴᠢᠬᠤᠯᠠ | ᠤᠯᠤᠰ ᠲᠥᠷᠥ ᠶᠢᠨ ᠡᠭᠦᠷᠭᠡ ᠪᠣᠯᠭᠠᠵᠤ᠂ ᠬᠠᠷᠠᠯᠲᠠ ᠱᠠᠭᠠᠷᠳᠠᠯᠭ᠎ᠠ ᠪᠠ ᠠᠵᠢᠯ ᠤᠨ ᠭᠤᠣᠯᠳᠠᠯᠭ᠎ᠠ ᠶᠢ ᠣᠨᠣᠪᠴᠢᠲᠠᠢ ᠡᠵᠡᠮᠳᠡᠵᠦ᠂ ᠳᠡᠭᠡᠳᠦ ᠬᠡᠮᠵᠢᠶ᠎ᠡ ᠪᠠᠷ | ᠴᠢᠬᠤᠯᠠᠴᠢᠯᠠᠨ᠂ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠥᠵᠢᠯ ᠢ ᠦᠳᠲᠡᠷ ᠲᠦᠷᠭᠡᠨ ᠡᠬᠢᠯᠡᠭᠦᠯᠬᠦ ᠶᠢ | ᠠᠬᠢᠭᠤᠯᠪᠠ᠃ | 4 ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ | ᠳᠤᠭᠤᠶᠢᠯᠠᠩ ᠬᠤᠷᠠᠯ ᠬᠤᠷᠠᠯᠳᠤᠭᠤᠯᠵᠤ᠂ ᠲᠥᠪ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠪᠠ ︽ᠪᠥᠬᠦ ᠨᠠᠮ ᠤᠨ | ᠳᠣᠲᠣᠷ᠎ᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠥᠵᠢᠯ ᠢ ᠥᠷᠨᠢᠭᠦᠯᠬᠦ ᠲᠤᠬᠠᠢ ᠮᠡᠳᠡᠭᠳᠡᠯ︾ ᠤᠨ ᠵᠣᠷᠢᠭ ᠰᠠᠨᠠᠭ᠎ᠠ ᠶᠢ ᠤᠯᠠᠮᠵᠢᠯᠠᠨ ᠰᠣᠷᠣᠯᠴᠠᠵᠤ᠂ ︽ | ᠪᠥᠬᠦ ᠣᠷᠣᠨ ᠳᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠥᠵᠢᠯ ᠢ ᠥᠷᠨᠢᠭᠦᠯᠬᠦ ᠲᠤᠬᠠᠢ ᠬᠡᠷᠡᠭᠵᠢᠭᠦᠯᠬᠦ ᠲᠥᠰᠥᠯ︾ ︵ᠳᠣᠷᠣᠭᠰᠢ ︽ᠬᠡᠷᠡᠭᠵᠢᠭᠦᠯᠬᠦ | ᠲᠥᠰᠥᠯ︾ ᠭᠡᠵᠦ ᠳᠥᠭᠦᠮᠴᠢᠯᠡᠨ᠎ᠡ︶ ᠢ ᠬᠢᠨᠠᠨ ᠵᠥᠪᠯᠡᠵᠦ᠂ ᠮᠠᠨ ᠤ ᠣᠷᠣᠨ ᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠥᠵᠢᠯ ᠢ ᠥᠷᠨᠢᠭᠦᠯᠬᠦ | ᠬᠤᠯᠪᠣᠭᠳᠠᠯ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠪᠠ᠃ | 4 ᠰᠠᠷ᠎ᠠ ᠶᠢᠨ 17 ᠠᠴᠠ 18 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ | ᠬᠥᠮᠥᠵᠢᠯ ᠤᠨ ᠨᠣᠮ ᠤᠩᠰᠢᠬᠤ ᠠᠩᠭᠢ ᠵᠢᠴᠢ ᠣᠨᠣᠯ ᠰᠣᠷᠣᠯᠴᠠᠬᠤ ᠭᠤᠣᠯ ᠳᠤᠭᠤᠶᠢᠯᠠᠩ ᠤᠨ 2024 ᠣᠨ ᠤ ᠳᠥᠷᠪᠡᠳᠦᠭᠡᠷ ᠤᠳᠠᠭ᠎ᠠ ᠶᠢᠨ ᠬᠠᠮᠲᠤ ᠶᠢᠨ | ᠰᠤᠷᠤᠯᠴᠠᠯᠭ᠎ᠠ ᠶᠢ ᠡᠷᠬᠢᠯᠡᠵᠦ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠥᠵᠢᠯ ᠤᠨ ᠲᠤᠬᠠᠢ ᠴᠢᠬᠤᠯᠠ ᠶᠠᠷᠢᠶ᠎ᠠ | ᠪᠣᠯᠣᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠣᠷᠣᠯᠴᠠᠨ ᠲᠤᠭᠤᠰᠢᠯᠠᠭᠤᠯᠵᠤ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ | ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ︾ ᠢ ᠨᠠᠷᠢᠨ ᠬᠢᠨᠠᠮᠠᠭᠠᠢ ᠰᠣᠷᠣᠯᠴᠠᠨ ᠣᠶᠢᠯᠠᠭᠠᠵᠤ᠂ ᠮᠤᠵᠢ ᠶᠢᠨ ᠳᠡᠰ ᠤᠨ | ᠨᠠᠮ ᠤᠨ ᠭᠡᠰᠢᠭᠦᠨ ᠤᠳᠤᠷᠢᠳᠬᠤ ᠺᠠᠳ᠋ᠷ ᠤᠷᠢᠳ ᠢᠶᠠᠷ ᠰᠣᠷᠣᠯᠴᠠᠵᠤ ᠤᠷᠢᠳ ᠢᠶᠠᠷ ᠬᠡᠷᠡᠭᠵᠢᠭᠦᠯᠵᠦ᠂ ᠪᠥᠬᠦ ᠣᠷᠣᠨ ᠤ ᠥᠷᠭᠡᠨ ᠣᠯᠠᠨ ᠨᠠᠮ ᠤᠨ ᠭᠡᠰᠢᠭᠦᠨ | ᠺᠠᠳ᠋ᠷ ᠤᠨ ᠰᠠᠬᠢᠯᠭ᠎ᠠ ᠪᠠᠲᠤ ᠶᠢ ᠰᠣᠷᠣᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠣᠶᠢᠯᠠᠭᠠᠬᠤ᠂ ᠰᠠᠬᠢᠯᠭ᠎ᠠ ᠪᠠᠲᠤ ᠶᠢ ᠰᠠᠬᠢᠬᠤ ᠶᠢ ᠵᠢᠱᠢᠶ᠎ᠡ | ᠦᠵᠡᠭᠦᠯᠦᠨ ᠳᠠᠶᠢᠴᠢᠯᠠᠪᠠ᠃ | ︽ᠬᠡᠷᠡᠭᠵᠢᠭᠦᠯᠬᠦ ᠲᠥᠰᠥᠯ︾ ᠳᠤ᠂ ᠪᠥᠬᠦ ᠣᠷᠣᠨ ᠤ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠤᠯᠤᠰ ᠲᠥᠷᠥ ᠶᠢᠨ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠭᠤᠣᠯ ᠬᠠᠷᠢᠭᠤᠴᠠᠯᠭᠠᠲᠠᠨ ᠨᠢᠭᠡᠳᠦᠭᠡᠷ | ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ ᠤᠳᠤᠷᠢᠳᠬᠤ ᠪᠠᠭ ᠤᠨ ᠪᠤᠰᠤᠳ ᠪᠦᠷᠢᠯᠳᠦᠬᠦᠨ ︽ᠨᠢᠭᠡ ᠠᠵᠢᠯ ᠤᠨ ᠪᠠᠶᠢᠷᠢ ᠳᠤ ᠬᠤᠣᠰ | ᠬᠠᠷᠢᠭᠤᠴᠠᠯᠭ᠎ᠠ ᠡᠭᠦᠷᠭᠡᠯᠡᠬᠦ︾ ᠶᠢ ᠨᠠᠷᠢᠨ ᠬᠢᠨᠠᠮᠠᠭᠠᠢ ᠭᠦᠢᠴᠡᠳᠬᠡᠵᠦ᠂ ᠬᠠᠷᠢᠭᠤᠴᠠᠯᠭ᠎ᠠ ᠶᠢ ᠪᠥᠬᠦ ᠨᠠᠮ ᠪᠦᠷᠬᠦᠭᠦᠯᠬᠦ᠂ ᠨᠢᠭᠡ ᠱᠠᠲᠤ ᠨᠢ ᠨᠢᠭᠡ ᠱᠠᠲᠤ ᠪᠠᠨ | ᠠᠳᠬᠤᠬᠤ᠂ ᠱᠠᠲᠤ ᠱᠠᠲᠤ ᠪᠠᠷ ᠨᠠᠶᠢᠳᠠᠪᠤᠷᠢᠵᠢᠭᠤᠯᠤᠯᠲᠠ ᠶᠢ ᠠᠳᠬᠤᠬᠤ ᠠᠵᠢᠯ ᠤᠨ ᠪᠠᠶᠢᠳᠠᠯ ᠢ ᠪᠣᠢ ᠪᠣᠯᠭᠠᠬᠤ ᠬᠡᠷᠡᠭᠲᠡᠢ ᠭᠡᠵᠦ ᠱᠠᠭᠠᠷᠳᠠᠪᠠ᠃ | ᠥᠷᠭᠡᠨ ᠣᠯᠠᠨ ᠨᠠᠮ ᠤᠨ ᠭᠡᠰᠢᠭᠦᠨ ᠺᠠᠳ᠋ᠷ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠥᠵᠢᠯ ᠤᠨ ᠬᠠᠷᠠᠯᠲᠠ ᠱᠠᠭᠠᠷᠳᠠᠯᠭ᠎ᠠ ᠶᠢ ᠪᠠᠲᠤ ᠡᠵᠡᠮᠳᠡᠵᠦ᠂ | ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ︾ ᠢ ᠦᠨᠡᠨ ᠬᠦ ᠭᠦᠨᠵᠡᠭᠡᠢ ᠰᠣᠷᠣᠯᠴᠠᠨ ᠲᠤᠭᠤᠷᠠᠲᠠᠯ᠎ᠠ | ᠰᠣᠷᠣᠯᠴᠠᠵᠤ᠂ ᠲᠡᠭᠦᠨ ᠤ ᠭᠤᠣᠯ ᠵᠣᠷᠢᠯᠲᠠ ᠴᠢᠬᠤᠯᠠ ᠠᠭᠤᠯᠭ᠎ᠠ ᠪᠣᠯᠣᠨ ᠲᠣᠭᠲᠠᠭᠠᠯ ᠤᠨ ᠱᠠᠭᠠᠷᠳᠠᠯᠭ᠎ᠠ ᠶᠢ ᠣᠨᠣᠪᠴᠢᠲᠠᠢ ᠡᠵᠡᠮᠰᠢᠵᠦ᠂ ᠨᠠᠮ ᠤᠨ ᠰᠠᠬᠢᠯᠭ᠎ᠠ | ᠪᠠᠲᠤ ᠶᠣᠰᠣ ᠳᠦᠷᠢᠮ ᠨᠢ ᠶᠠᠭᠤ ᠪᠣᠯᠬᠤ ᠶᠢ ᠲᠣᠳᠣᠷᠬᠠᠢ ᠣᠶᠢᠯᠠᠭᠠᠵᠤ᠂ ᠶᠠᠭᠤ ᠶᠢ ᠬᠢᠵᠦ ᠪᠣᠯᠬᠤ᠂ ᠶᠠᠭᠤ ᠶᠢ ᠬᠢᠵᠦ ᠦᠯᠦ ᠪᠣᠯᠬᠤ ᠶᠢ ᠲᠣᠳᠣᠷᠬᠠᠢ ᠣᠶᠢᠯᠠᠭᠠᠬᠤ | ᠬᠡᠷᠡᠭᠲᠡᠢ᠃ ᠬᠤᠶᠠᠷ ᠲᠠᠯ᠎ᠠ ᠪᠠᠷ ᠠᠳᠬᠤᠬᠤ᠂ ᠬᠤᠶᠠᠷ ᠲᠠᠯ᠎ᠠ ᠶᠢ ᠠᠬᠢᠭᠤᠯᠬᠤ ᠶᠢ ᠪᠠᠷᠢᠮᠲᠠᠯᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠥᠵᠢᠯ ᠢ | ᠥᠷᠨᠢᠭᠦᠯᠬᠦ ᠶᠢ ᠨᠠᠮ ᠤᠨ ᠲᠥᠪ ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ᠂ ᠲᠣᠰ ᠭᠠᠵᠠᠷ ᠣᠷᠣᠨ | ᠲᠣᠰ ᠰᠠᠯᠠᠭ᠎ᠠ ᠮᠥᠴᠢᠷ ᠲᠣᠰ ᠨᠢᠭᠡᠴᠢ ᠶᠢᠨ ᠭᠤᠣᠯᠳᠠᠯᠭ᠎ᠠ ᠲᠠᠢ ᠠᠵᠢᠯ ᠢ ᠪᠡᠶᠡᠯᠡᠭᠦᠯᠬᠦ ᠲᠠᠢ ᠤᠶᠠᠯᠳᠤᠭᠤᠯᠵᠤ᠂ ᠲᠥᠪ ᠴᠢᠩᠭ᠎ᠠ ᠰᠠᠬᠢᠯᠭ᠎ᠠ ᠪᠠᠲᠤ ᠪᠠᠷ ︽ᠬᠤᠶᠠᠷ ᠢ | ᠲᠣᠭᠲᠠᠭᠠᠭᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠶᠢ | ᠪᠠᠲᠤᠯᠠᠨ᠎ᠠ ᠭᠡᠵᠦ ᠢᠯᠡᠳᠬᠡᠵᠡᠭᠡᠪᠡ᠃ |