ᠠᠷᠠᠳ ᠤᠨ ᠠᠮᠢᠳᠤᠷᠠᠯ ᠲᠠᠢ ᠬᠤᠯᠪᠣᠭᠳᠠᠬᠤ ᠲᠦᠪᠡᠭᠲᠡᠢ ᠠᠰᠠᠭᠤᠳᠠᠯ ᠢ ᠠᠩᠬᠠᠷᠴᠤ᠂ ᠬᠤᠳᠠ ᠶᠢᠨ ᠶᠡᠷᠦᠩᠬᠡᠶᠢᠯᠡᠨ ᠵᠠᠰᠠᠬᠤ ᠲᠦᠪᠰᠢᠨ ᠢ ᠳᠡᠭᠡᠭᠰᠢᠯᠡᠭᠦᠯᠭᠦ ᠨᠢ | ᠰᠠᠭᠤᠷᠢ ᠪᠤᠯᠬᠤ ᠵᠦᠢᠯᠡᠰ ᠪᠠᠶᠢᠵᠤ᠂ ᠦᠵᠡᠬᠦ ᠳᠤ ᠥᠴᠥᠬᠡᠨ ᠲᠡᠳᠦᠢ ᠤᠴᠢᠷ ᠰᠢᠭ᠋ ᠪᠤᠯᠪᠠᠴᠤ ᠨᠠᠷᠢᠨ ᠵᠦᠢᠯᠡᠰ ᠢ ᠠᠩᠬᠠᠷᠬᠤ ᠨᠢ ᠶᠠᠭᠤᠨ ᠠᠴᠠ ᠴᠤ ᠴᠢᠬᠤᠯᠠ | ᠶᠤᠮ᠃ | ᠪᠦᠭᠦ ᠣᠷᠣᠨ ᠤ 12345 ᠬᠠᠯᠠᠮᠰᠢᠯ ᠤᠲᠠᠰᠤ ᠲᠡᠷᠭᠡ ᠰᠢᠯᠵᠢᠭᠦᠯᠬᠦ ᠦᠢᠯᠡᠴᠢᠯᠡᠭᠡᠨ ᠤ ᠴᠢᠳᠠᠪᠬᠢ ᠶᠢ ᠨᠡᠪᠲᠡᠷᠡᠭᠦᠯᠦᠭᠰᠡᠨ ᠨᠢ 2024 ᠣᠨ ᠤ ᠥᠪᠡᠷᠲᠡᠭᠡᠨ | ᠵᠠᠰᠠᠬᠤ ᠣᠷᠣᠨ ᠤ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ ᠳᠤᠷᠠᠳᠤᠭᠰᠠᠨ ︽ᠠᠷᠠᠳ ᠤᠨ ᠠᠮᠢᠳᠤᠷᠠᠯ ᠤᠨ 33 ᠪᠣᠳᠠᠲᠤ ᠶᠠᠪᠤᠳᠠᠯ ᠢ ᠰᠠᠶᠢᠲᠤᠷ | ᠬᠢᠬᠦ︾ ᠶᠢᠨ ᠨᠢᠭᠡ ᠲᠦᠷᠦᠯ ᠪᠣᠯᠣᠨ᠎ᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ | ᠬᠠᠮᠢᠶᠠᠷᠤᠯᠲᠠ ᠶᠢᠨ ᠲᠣᠪᠴᠢᠶ᠎ᠠ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ︽ᠶᠠᠪᠤᠳᠠᠯ ᠪᠦᠷᠢ ᠶᠢ ᠥᠨᠳᠥᠷ | ᠪᠦᠲᠦᠮᠵᠢᠲᠡᠶ ᠪᠠᠷ ᠭᠦᠢᠴᠡᠳᠬᠡᠬᠦ︾ ᠶᠡᠷᠦᠩᠬᠡᠢ ᠱᠠᠭᠠᠷᠳᠠᠯᠭ᠎ᠠ ᠶᠣᠰᠣᠭᠠᠷ᠂ 4 ᠰᠠᠷ᠎ᠠ ᠶᠢᠨ 1 ᠤ ᠡᠳᠦᠷ ᠪᠦᠭᠦ ᠣᠷᠣᠨ ᠤ ᠡᠯ᠎ᠡ ᠠᠶᠢᠮᠠᠭ ᠬᠤᠲᠠ ᠶᠢᠨ 12345 | ᠬᠠᠯᠠᠮᠰᠢᠯ ᠤᠲᠠᠰᠤ ᠶᠢᠨ ᠲᠡᠷᠭᠡ ᠰᠢᠯᠵᠢᠭᠦᠯᠬᠦ ᠦᠢᠯᠡᠴᠢᠯᠡᠭᠡᠨ ᠤ ᠴᠢᠳᠠᠪᠬᠢ ᠶᠢ ᠤᠷᠤᠭᠰᠢᠲᠠᠢ ᠨᠠᠪᠲᠠᠷᠡᠭᠦᠯᠵᠦ᠂ ᠪᠦᠭᠦ ᠣᠷᠣᠨ ᠤ ᠣᠯᠠᠨ ᠲᠦᠮᠡᠨ ᠳᠤ ᠨᠠᠩ ᠳᠥᠭᠦᠮ | ᠨᠡᠩ ᠪᠦᠲᠦᠮᠵᠢᠲᠡᠶ ᠵᠢᠷᠤᠮᠵᠢᠬᠰᠠᠨ ᠣᠶᠤᠨᠴᠢ ᠨᠠᠷᠢᠯᠢᠭ ᠦᠢᠯᠡᠴᠢᠯᠡᠭᠡ ᠶᠢ ᠬᠠᠩᠭᠠᠵᠤ᠂ ᠬᠤᠲᠠ ᠶᠢᠨ ᠬᠠᠮᠢᠶᠠᠷᠤᠯᠲᠠ ᠶᠢᠨ ᠳᠤᠮᠳᠠᠬᠢ ᠮᠠᠰᠢᠨ ᠲᠡᠷᠭᠡ ᠰᠢᠯᠵᠢᠭᠦᠯᠬᠦ | ᠬᠦᠴᠢᠷᠲᠡᠢ ᠠᠰᠠᠭᠤᠳᠠᠯ ᠢ ᠰᠢᠢᠳᠪᠦᠷᠢᠯᠡᠨ᠂ ᠣᠯᠠᠨ ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠳᠡᠭᠡᠭᠰᠢᠯᠡᠭᠦᠯᠪᠡ᠃ | ᠡᠨᠡ ᠵᠢᠯ ᠤᠨ 3 ᠰᠠᠷ᠎ᠠ ᠶᠢᠨ 19 ᠤ ᠡᠳᠦᠷ᠂ ᠭᠦᠭᠡᠬᠤᠲᠠ ᠶᠢᠨ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠭᠦᠮ ᠦᠵᠡᠭᠦᠯᠭᠦ | ᠬᠠᠯᠠᠮᠰᠢᠯ ᠤᠲᠠᠰᠤ ᠲᠡᠷᠭᠡ ᠰᠢᠯᠵᠢᠭᠦᠯᠬᠦ ᠦᠢᠯᠡᠴᠢᠯᠡᠭᠡ ᠶᠢ ᠵᠢᠩᠬᠢᠨᠢ ᠪᠠᠷ ᠰᠦᠯᠵᠢᠶᠡᠨ ᠳᠤ ᠣᠷᠣᠭᠤᠯᠤᠨ ᠠᠵᠢᠯᠯᠠᠭᠤᠯᠤᠭᠰᠠᠨ ᠠᠴᠠ ᠬᠤᠲᠠ ᠶᠢᠨ ᠠᠷᠠᠳ ᠤᠨ | ᠶᠠᠪᠤᠵᠤ ᠰᠠᠭᠤᠬᠤ ᠳᠤ ᠲᠤᠯᠭᠠᠷᠠᠭᠰᠠᠨ ᠲᠡᠷᠭᠡ ᠬᠥᠰᠬᠡ ᠨᠢ ᠪᠤᠰᠤᠳ ᠲᠡᠷᠭᠡ ᠬᠥᠰᠬᠡ ᠳᠤ ᠬᠠᠰᠢᠭᠳᠠᠬᠤ᠂ ᠲᠡᠷᠭᠡᠨ ᠣᠷᠣ ᠶᠢ ᠳᠤᠷ᠎ᠠ ᠪᠠᠷ ᠡᠵᠡᠯᠡᠭᠰᠡᠨ ᠵᠡᠷᠭᠡ | ᠭᠤᠮᠣᠳᠠᠯ ᠱᠠᠭᠠᠷᠳᠠᠯᠭ᠎ᠠ ᠶᠢ 24 ᠴᠠᠭ ᠢᠶᠠᠷ ᠰᠦᠯᠵᠢᠶᠡᠨ ᠳᠡᠭᠡᠷ᠎ᠡ ᠭᠥᠯᠢᠶᠡᠨ ᠠᠪᠴᠤ ᠰᠢᠢᠳᠪᠦᠷᠢᠯᠡᠬᠦ ᠪᠣᠯᠵᠠᠢ᠃ ᠣᠳᠣᠬᠠᠨ ᠪᠤᠯᠲᠠᠯ᠎ᠠ ᠣᠯᠠᠨ ᠲᠦᠮᠡᠨ ᠤ ᠮᠠᠰᠢᠨ | ᠲᠡᠷᠭᠡ ᠨᠡᠭᠦᠯᠭᠡᠬᠦ ᠭᠤᠶᠤᠴᠢᠯᠠᠯ ᠢ ᠨᠡᠶᠢᠲᠡ 9123 ᠤᠳᠠᠭ᠎ᠠ ᠭᠥᠯᠢᠶᠡᠨ ᠠᠪᠴᠤ ᠰᠢᠢᠳᠪᠦᠷᠢᠯᠡᠨ ᠡᠳᠦᠷ ᠳᠤᠮᠳᠠᠴᠢ ᠪᠠᠷ 300 ᠭᠠᠷᠤᠢ ᠰᠢᠢᠳᠪᠦᠷᠢᠯᠡᠵᠦ ᠪᠤᠢ᠃ | ᠭᠦᠭᠡᠬᠤᠲᠠ ᠶᠢᠨ ᠭᠤᠮᠣᠳᠠᠯ ᠱᠠᠭᠠᠷᠳᠠᠯᠭ᠎ᠠ ᠶᠢ ᠭᠥᠯᠢᠶᠡᠨ ᠠᠪᠴᠤ ᠰᠢᠢᠳᠪᠦᠷᠢᠯᠡᠬᠦ ᠵᠢᠯᠣᠭᠤᠳᠤᠨ ᠲᠣᠬᠢᠷᠠᠭᠤᠯᠬᠤ ᠲᠥᠪ ᠤᠨ ᠬᠠᠷᠢᠭᠤᠴᠠᠯᠭᠠᠲᠠᠨ ᠵᠣᠣ ᠫᠧᠩ᠄ | ᠦᠢᠯᠡᠴᠢᠯᠡᠭᠡᠨ ᠤ ᠨᠠᠷᠢᠯᠢᠭ ᠵᠦᠢᠯᠡᠰ ᠳᠡᠭᠡᠷ᠎ᠡ ᠦᠷᠭᠦᠯᠵᠢᠯᠡᠨ ᠬᠦᠴᠦ ᠲᠠᠯᠪᠢᠵᠤ᠂ ᠭᠤᠮᠣᠳᠠᠯ ᠱᠠᠭᠠᠷᠳᠠᠯᠭ᠎ᠠ ᠶᠢ ᠰᠢᠢᠳᠪᠦᠷᠢᠯᠡᠬᠦ ᠦᠢᠯᠡᠳᠦᠯ ᠴᠢᠳᠠᠪᠬᠢ ᠪᠠᠨ | ᠲᠠᠰᠤᠷᠠᠯᠲᠠ ᠦᠭᠡᠢ ᠳᠡᠭᠡᠭᠰᠢᠯᠡᠭᠦᠯᠦᠨ᠂ ᠣᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠪᠠᠷ ᠪᠠᠷᠢᠮᠵᠢᠶ᠎ᠠ ᠪᠤᠯᠭᠠᠵᠤ᠂ ᠦᠢᠯᠡᠴᠢᠯᠡᠬᠦ ᠤᠬᠠᠮᠰᠠᠷ ᠢᠶᠠᠨ ᠲᠠᠰᠤᠷᠠᠯᠲᠠ | ᠦᠭᠡᠢ ᠴᠢᠩᠭᠠᠳᠬᠠᠨ᠂ ᠬᠤᠲᠠ ᠶᠢᠨ ᠠᠷᠠᠳ ᠲᠤ ᠨᠠᠩ ᠳᠥᠭᠦᠮ᠂ ᠥᠨᠳᠥᠷ ᠪᠦᠲᠦᠮᠵᠢᠲᠡᠶ᠂ ᠵᠢᠷᠤᠮᠵᠢᠬᠰᠠᠨ᠂ ᠣᠶᠤᠨᠴᠢ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ︽ᠶᠡᠷᠦᠩᠬᠡᠢ ᠦᠢᠯᠡᠴᠢᠯᠡᠭᠴᠢ︾ ᠶᠢ ᠴᠢᠷᠮᠠᠶᠢᠨ ᠪᠤᠶ ᠪᠣᠯᠭᠠᠨ᠎ᠠ ᠭᠡᠵᠦ ᠢᠯᠡᠷᠬᠡᠶᠢᠯᠡᠵᠦ ᠪᠠᠶᠢᠯ᠎ᠠ᠃ | 12345 ᠬᠠᠯᠠᠮᠰᠢᠯ ᠤᠲᠠᠰᠤ ᠶᠢᠨ ᠲᠡᠷᠭᠡ ᠰᠢᠯᠵᠢᠭᠦᠯᠬᠦ ᠦᠢᠯᠡᠴᠢᠯᠡᠭᠡᠨ ᠤ ᠴᠢᠳᠠᠪᠬᠢ ᠶᠢ ᠨᠡᠪᠲᠡᠷᠡᠭᠦᠯᠦᠭᠰᠡᠨ ᠠᠴᠠ ᠭᠠᠳᠠᠨ᠎ᠠ᠂ ᠪᠤᠭᠤᠲᠤ ᠬᠤᠲᠠ ᠶᠢᠨ ᠬᠢᠨ | ᠪᠠᠰᠠ 12123APP ᠲᠠᠪᠴᠠᠩ ᠤᠨ ᠨᠢᠭᠡ ᠳᠠᠷᠤᠪᠴᠢ ᠪᠠᠷ ᠲᠡᠷᠭᠡ ᠰᠢᠯᠵᠢᠭᠦᠯᠬᠦ ᠶᠢ ᠭᠤᠶᠤᠴᠢᠯᠠᠵᠤ ᠪᠤᠯᠳᠠᠭ ᠪᠣᠯᠪᠠ᠃ ᠡᠨᠡ ᠵᠢᠯ ᠤᠨ ᠲᠦᠷᠦᠭᠦᠦ 4 | ᠰᠠᠷ᠎ᠠ ᠳᠤ᠂ ᠪᠤᠭᠤᠲᠤ ᠬᠤᠲᠠ 12123APP ᠲᠠᠪᠴᠠᠩ ᠤᠨ ᠨᠢᠭᠡ ᠳᠠᠷᠤᠪᠴᠢ ᠪᠠᠷ 33125 ᠤᠳᠠᠭ᠎ᠠ ᠲᠡᠷᠭᠡ ᠰᠢᠯᠵᠢᠭᠦᠯᠬᠦ ᠭᠤᠮᠣᠳᠠᠯ ᠱᠠᠭᠠᠷᠳᠠᠯᠭ᠎ᠠ ᠶᠢ | ᠲᠤᠰᠴᠤ᠂ 14677 ᠤᠳᠠᠭ᠎ᠠ ᠠᠮᠵᠢᠯᠲᠠ ᠲᠠᠢ ᠪᠠᠷ ᠲᠡᠷᠭᠡ ᠬᠥᠰᠬᠡ ᠶᠢ ᠰᠢᠯᠵᠢᠭᠦᠯᠪᠡ᠃ ︽ᠲᠡᠷᠭᠡ ᠵᠣᠭᠰᠤᠭᠠᠬᠤ ᠳᠤ ᠬᠦᠴᠢᠷᠲᠡᠢ︾ ᠠᠰᠠᠭᠤᠳᠠᠯ ᠢ | ᠰᠢᠢᠳᠪᠦᠷᠢᠯᠡᠬᠦ ᠶᠢᠨ ᠲᠥᠯᠥᠭᠡ᠂ ᠪᠤᠭᠤᠲᠤ ᠬᠤᠲᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠣᠪᠴᠢᠶ᠎ᠠ ᠪᠠᠰᠠ ︽ᠠᠷᠪᠠᠨ ᠮᠢᠨᠦ᠋ᠲ ᠤᠨ ᠳᠣᠲᠣᠷ᠎ᠠ | ᠲᠣᠭᠲᠠᠭᠠᠯ ᠠᠴᠠ ᠵᠥᠷᠢᠴᠡᠵᠦ ᠲᠡᠷᠭᠡ ᠵᠣᠭᠰᠣᠭᠠᠭᠰᠠᠨ ᠢ ᠲᠣᠷᠭᠠᠭᠤᠯᠢ ᠠᠴᠠ ᠬᠡᠯᠲᠦᠷᠢᠭᠦᠯᠬᠦ︾ ᠠᠷᠭ᠎ᠠ ᠬᠡᠮᠵᠢᠶ᠎ᠡ ᠠᠪᠤᠪᠠ᠃ ᠲᠦᠷᠦᠭᠦᠦ 4 ᠰᠠᠷ᠎ᠠ ᠳᠤ 42691 | ᠬᠥᠮᠥᠨ ︽ᠲᠣᠷᠭᠠᠭᠤᠯᠢ ᠠᠴᠠ ᠬᠡᠯᠲᠦᠷᠢᠭᠦᠯᠬᠦ︾ ᠪᠠᠷ ᠭᠤᠶᠤᠴᠢᠯᠠᠵᠤ᠂ 15166 ᠬᠥᠮᠥᠨ ᠢ ᠲᠣᠷᠭᠠᠭᠤᠯᠢ ᠠᠴᠠ ᠬᠡᠯᠲᠦᠷᠢᠭᠦᠯᠵᠦ᠂ ᠪᠦᠭᠦ ᠬᠤᠲᠠ ᠳᠤ ︽ᠬᠥᠮᠥᠨ | ᠪᠦᠭᠦᠨ ᠣᠷᠣᠯᠴᠠᠵᠤ᠂ ᠪᠣᠯᠪᠠᠰᠤᠨ ᠢ ᠬᠠᠮᠲᠤ ᠪᠠᠷ ᠪᠠᠶᠢᠭᠤᠯᠬᠤ︾ ᠵᠠᠮ ᠬᠠᠷᠢᠯᠴᠠᠭᠠᠨ ᠤ ᠵᠠᠰᠠᠯᠲᠠ ᠶᠢᠨ ᠰᠠᠶᠢᠨ ᠰᠠᠶᠢᠬᠠᠨ ᠬᠠᠷᠢᠯᠴᠠᠨ ᠦᠢᠯᠡᠳᠦᠯᠴᠡᠬᠦ ᠪᠠᠶᠢᠷᠢᠰᠢᠯ ᠢ | ᠪᠤᠶ ᠪᠣᠯᠭᠠᠪᠠ᠃ | ᠲᠡᠷᠭᠡ ᠰᠢᠯᠵᠢᠭᠦᠯᠬᠦ ᠦᠢᠯᠡᠴᠢᠯᠡᠭᠡ ᠨᠢ ᠣᠷᠳᠣᠰ ᠬᠤᠲᠠ ᠶᠢᠨ ᠠᠷᠠᠳ ᠲᠤ ᠲᠥᠭᠦᠮ ᠦᠵᠡᠭᠦᠯᠭᠦ ᠦᠢᠯᠡᠴᠢᠯᠡᠭᠡ ᠶᠢᠨ ᠨᠢᠭᠡ ᠲᠦᠷᠦᠯ ᠪᠣᠯᠤᠭᠰᠠᠨ ᠤ | ᠬᠤᠪᠢ ᠳᠤ᠂ ᠠᠯᠢ ᠡᠷᠲᠡ 2018 ᠣᠨ ᠳᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠣᠪᠴᠢᠶ᠎ᠠ ᠶᠢᠨ 12123 ᠲᠠᠪᠴᠠᠩ ᠢ ᠠᠰᠢᠭᠯᠠᠨ ᠬᠡᠷᠡᠭᠵᠢᠭᠦᠯᠵᠦ | ᠪᠠᠶᠢᠵᠠᠢ᠃ ᠡᠨᠡ ᠬᠦ ᠠᠷᠠᠳ ᠲᠤ ᠲᠥᠭᠦᠮ ᠦᠵᠡᠭᠦᠯᠭᠦ ᠦᠢᠯᠡᠴᠢᠯᠡᠭᠡᠨ ᠤ ᠲᠠᠪᠴᠠᠩ ᠨᠢ ᠰᠦᠯᠵᠢᠶᠡᠨ ᠳᠤ ᠭᠠᠷᠤᠭᠰᠠᠨ ᠤ ᠳᠠᠷᠠᠭ᠎ᠠ ᠬᠤᠲᠠ ᠶᠢᠨ ᠠᠷᠠᠳ ᠤᠨ | ᠬᠦᠷᠢᠶᠡᠯᠡᠯ ᠢ ᠣᠯᠵᠤ᠂ ᠵᠢᠯ ᠪᠦᠷᠢ 7 ᠲᠦᠮᠡ ᠭᠠᠷᠤᠢ ᠬᠥᠮᠥᠨ ᠤᠳᠠᠭ᠎ᠠ ᠳᠤ ᠲᠡᠷᠭᠡ ᠰᠢᠯᠵᠢᠭᠦᠯᠬᠦ ᠦᠢᠯᠡᠴᠢᠯᠡᠭᠡ ᠬᠠᠩᠭᠠᠭᠰᠠᠭᠠᠷ ᠢᠷᠡᠵᠡᠢ᠃ ᠡᠨᠡ ᠵᠢᠯ ᠤᠨ 3 | ᠰᠠᠷ᠎ᠠ ᠶᠢᠨ 13 ᠤ ᠡᠳᠦᠷ ᠠᠴᠠ ᠡᠬᠢᠯᠡᠨ ᠣᠷᠳᠣᠰ ᠬᠤᠲᠠ ᠪᠠᠰᠠ 12345 ᠬᠠᠯᠠᠮᠰᠢᠯ ᠤᠲᠠᠰᠤ ᠶᠢᠨ ︽ᠨᠢᠭᠡ ᠳᠠᠷᠤᠪᠴᠢ ᠪᠠᠷ ᠲᠡᠷᠭᠡ ᠰᠢᠯᠵᠢᠭᠦᠯᠬᠦ︾ | ᠦᠢᠯᠡᠴᠢᠯᠡᠭᠡ ᠶᠢ ᠨᠠᠪᠲᠠᠷᠡᠭᠦᠯᠵᠦ ᠠᠷᠠᠳ ᠲᠤ ᠨᠡᠩ ᠲᠦᠭᠦᠮ ᠦᠢᠯᠡᠴᠢᠯᠡᠭᠡ ᠬᠦᠷᠲᠡᠭᠡᠬᠦ ᠪᠣᠯᠪᠠ᠃ | ︽12345 ᠳᠤ ᠤᠲᠠᠰᠤᠳᠠᠬᠤ ᠠᠴᠠ ᠲᠡᠷᠭᠡ ᠰᠢᠯᠵᠢᠭᠦᠯᠵᠦ ᠥᠭᠬᠦ ᠭᠦᠷᠲᠡᠯ᠎ᠡ᠂ 15 ᠮᠢᠨᠦ᠋ᠲ ᠤᠨ ᠳᠣᠲᠣᠷ᠎ᠠ ᠰᠢᠢᠳᠪᠦᠷᠢᠯᠡᠴᠢᠬᠡᠨ᠎ᠡ︾ ᠭᠡᠵᠦ | ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠰᠠᠭᠤᠭᠠᠯᠢ ᠠᠷᠠᠳ ᠸᠠᠩ ᠢ ᠱᠥᠸᠧ ᠬᠡᠯᠡᠵᠦ ᠪᠠᠶᠢᠪᠠ᠃ ᠡᠨᠡ ᠵᠢᠯ ᠤᠨ 3 ᠰᠠᠷ᠎ᠠ ᠶᠢᠨ 20 ᠤ ᠡᠳᠦᠷ᠂ | ᠤᠯᠠᠭᠠᠨᠬᠠᠳᠠ ᠬᠤᠲᠠ ᠶᠢᠨ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠭᠦᠮ ᠦᠵᠡᠭᠦᠯᠭᠦ ᠬᠠᠯᠠᠮᠰᠢᠯ ᠤᠲᠠᠰᠤ ᠦᠢᠯᠡᠴᠢᠯᠡᠭᠡ ᠪᠠᠨ | ᠥᠷᠭᠡᠳᠬᠡᠵᠦ᠂ ᠲᠡᠷᠭᠡ ᠰᠢᠯᠵᠢᠭᠦᠯᠬᠦ ᠦᠢᠯᠡᠴᠢᠯᠡᠭᠡ ᠶᠢ ᠵᠢᠩᠬᠢᠨᠢ ᠪᠠᠷ ᠨᠡᠪᠲᠡᠷᠡᠭᠦᠯᠪᠡ᠃ ᠤᠲᠠᠰᠤ ᠲᠤᠰᠤᠬᠴᠢ ᠠᠴᠠ ᠬᠤᠲᠠ ᠶᠢᠨ ᠠᠷᠠᠳ ᠤᠨ ᠬᠠᠩᠭᠠᠭᠰᠠᠨ | ᠲᠡᠷᠭᠡᠨ ᠨᠣᠮᠧᠷ ᠢ ᠦᠨᠳᠦᠰᠦᠯᠡᠨ ᠮᠠᠰᠢᠨ ᠲᠡᠷᠭᠡᠨ ᠤ ᠡᠵᠡᠨ ᠤ ᠮᠡᠳᠡᠭᠡ ᠵᠠᠩᠭᠢ ᠶᠢ ᠰᠦᠯᠵᠢᠶᠡᠨ ᠳᠡᠭᠡᠷ᠎ᠡ ᠠᠴᠠ ᠪᠠᠶᠢᠴᠠᠭᠠᠨ ᠯᠠᠪᠯᠠᠵᠤ᠂ ᠭᠤᠷᠪᠠᠨ ᠲᠠᠯ᠎ᠠ ᠪᠠᠷ ᠢᠶᠠᠨ | ᠤᠲᠠᠰᠤ ᠨᠡᠪᠲᠡᠷᠡᠬᠦ ᠭᠡᠯᠪᠡᠷᠢ ᠪᠠᠷ ᠮᠠᠰᠢᠨ ᠲᠡᠷᠭᠡᠨ ᠤ ᠡᠵᠡᠨ ᠲᠠᠢ ᠬᠠᠷᠢᠯᠴᠠᠵᠤ ᠴᠠᠭ ᠲᠤᠬᠠᠢ ᠳᠤᠨᠢ ᠲᠡᠷᠭᠡ ᠬᠥᠰᠬᠡ ᠶᠢ ᠰᠢᠯᠵᠢᠭᠦᠯᠵᠦ᠂ ᠵᠠᠷᠢᠮ ᠲᠡᠷᠭᠡ ᠬᠥᠰᠬᠡ | ᠪᠤᠰᠤᠳ ᠲᠡᠷᠭᠡ ᠬᠥᠰᠬᠡ ᠶᠢᠨ ᠨᠡᠪᠲᠡᠷᠡᠬᠦ ᠶᠢ ᠬᠠᠷᠰᠢᠯᠠᠬᠤ᠂ ᠪᠤᠰᠤᠳ ᠤᠨ ᠲᠡᠷᠭᠡᠨ ᠵᠣᠭᠰᠣᠭᠠᠯ ᠢ ᠳᠤᠷ᠎ᠠ ᠪᠠᠷ ᠡᠵᠡᠯᠡᠨ ᠬᠡᠷᠡᠭᠯᠡᠬᠦ ᠵᠡᠷᠭᠡ ᠪᠣᠯᠪᠠᠰᠤᠨ ᠪᠤᠰᠤ ᠵᠠᠮ | ᠬᠠᠷᠢᠯᠴᠠᠭᠠᠨ ᠤ ᠦᠢᠯᠡ ᠠᠵᠢᠯᠯᠠᠭ᠎ᠠ ᠶᠢ ᠪᠦᠲᠦᠮᠵᠢᠲᠡᠶ ᠪᠠᠭᠠᠰᠬᠠᠭᠰᠠᠨ ᠪᠠᠶᠢᠨ᠎ᠠ᠃ | ︽ᠣᠳᠣᠬᠠᠨ ᠪᠤᠯᠲᠠᠯ᠎ᠠ᠂ ᠤᠯᠠᠭᠠᠨᠬᠠᠳᠠ ᠬᠤᠲᠠ ᠲᠡᠷᠭᠡ ᠰᠢᠯᠵᠢᠭᠦᠯᠬᠦ ᠬᠦᠰᠡᠯ ᠱᠠᠭᠠᠷᠳᠠᠯᠭ᠎ᠠ ᠶᠢ 3036 ᠬᠤᠪᠢ ᠭᠥᠯᠢᠶᠡᠨ ᠠᠪᠴᠤ ᠰᠢᠢᠳᠪᠦᠷᠢᠯᠡᠨ᠂ ᠨᠠᠩ | ᠳᠥᠭᠦᠮ ᠵᠠᠮ ᠬᠠᠷᠢᠯᠴᠠᠭᠠᠨ ᠤ ᠣᠷᠴᠢᠨ ᠨᠥᠬᠦᠴᠡᠯ ᠢ ᠪᠤᠶ ᠪᠣᠯᠭᠠᠪᠠ︾ ᠭᠡᠵᠦ ᠤᠯᠠᠭᠠᠨᠬᠠᠳᠠ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ | ᠳᠡᠳ᠋ ᠡᠷᠭᠢᠯᠡᠭᠴᠢ ᠵᠣᠣ ᠶᠠᠨ ᠬᠡᠯᠡᠪᠡ᠃ ᠣᠳᠣᠬᠠᠨ ᠳᠤ ᠤᠯᠠᠭᠠᠨᠬᠠᠳᠠ ᠬᠤᠲᠠ ᠶᠢᠨ 12345 ᠬᠠᠯᠠᠮᠰᠢᠯ ᠤᠲᠠᠰᠤ ᠨᠢᠭᠡᠨᠲᠡ 24 ᠴᠠᠭ ᠢᠶᠠᠷ ᠲᠡᠷᠭᠡ | ᠰᠢᠯᠵᠢᠭᠦᠯᠬᠦ ᠳᠤ ᠲᠤᠰᠠᠯᠠᠮᠵᠢ ᠦᠵᠡᠭᠦᠯᠭᠦ ᠦᠢᠯᠡᠴᠢᠯᠡᠭᠡ ᠬᠠᠩᠭᠠᠬᠤ ᠶᠢ ᠪᠡᠶᠡᠯᠡᠭᠦᠯᠪᠡ᠃ | ᠪᠦᠷᠢᠳᠬᠡᠯ ᠢ ᠦᠨᠳᠦᠰᠦᠯᠡᠪᠡᠯ᠂ 2023 ᠣᠨ ᠳᠤ ᠤᠯᠠᠭᠠᠨᠬᠤᠲᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ︽ᠲᠡᠷᠭᠡ ᠰᠢᠯᠵᠢᠭᠦᠯᠬᠦ | ᠲᠥᠷᠥᠯ︾ ᠤᠨ ᠲᠤᠰᠠᠯᠠᠮᠵᠢ ᠭᠤᠶᠤᠴᠢᠯᠠᠬᠤ ᠤᠲᠠᠰᠤ ᠶᠢ 9000 ᠭᠠᠷᠤᠢ ᠲᠤᠰᠴᠠᠢ᠃ ᠬᠢᠩᠭᠠᠨ ᠠᠶᠢᠮᠠᠭ ᠤᠨ ᠨᠡᠶᠢᠭᠡᠮ ᠤᠨ ᠵᠠᠰᠠᠯᠲᠠ ᠶᠢᠨ ᠲᠥᠪ ᠤᠨ ᠬᠢᠨ | ᠠᠶᠢᠮᠠᠭ ᠤᠨ ᠲᠥᠪ ᠤᠯᠠᠭᠠᠨᠬᠤᠲᠠ ᠶᠢᠨ ᠨᠡᠶᠢᠭᠡᠮ ᠤᠨ ᠵᠠᠰᠠᠯᠲᠠ ᠶᠢᠨ ᠲᠥᠪ ᠲᠠᠢ ᠬᠤᠯᠪᠤᠭᠠᠯᠠᠨ ᠣᠶᠤᠨᠴᠢ ᠲᠠᠪᠴᠠᠩ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ | ᠂ ᠨᠡᠶᠢᠭᠡᠮ ᠤᠨ ᠵᠠᠰᠠᠯᠲᠠ ᠶᠢᠨ ᠣᠶᠤᠨᠴᠢ ᠲᠠᠪᠴᠠᠩ ᠤᠨ ᠲᠡᠷᠭᠡ ᠬᠥᠰᠬᠡ ᠶᠢᠨ ᠬᠠᠮᠢᠶᠠᠷᠤᠯᠲᠠ ᠶᠢᠨ ᠬᠤᠯᠪᠤᠭᠠᠯᠠᠨ ᠬᠥᠳᠡᠯᠦᠯᠴᠡᠵᠦ ᠬᠤᠯᠪᠤᠭᠠᠯᠠᠨ ᠵᠠᠰᠠᠬᠤ ᠠᠵᠢᠯ | ᠥᠷᠨᠢᠭᠦᠯᠪᠡ᠃ | ᠡᠨᠡ ᠵᠢᠯ ᠤᠨ 3 ᠰᠠᠷ᠎ᠠ ᠶᠢᠨ 10 ᠤ ᠡᠳᠦᠷ ᠠᠴᠠ ᠡᠬᠢᠯᠡᠨ᠂ ᠬᠢᠩᠭᠠᠨ ᠠᠶᠢᠮᠠᠭ ᠤᠨ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ | ᠲᠥᠭᠦᠮ ᠦᠵᠡᠭᠦᠯᠭᠦ ᠬᠠᠯᠠᠮᠰᠢᠯ ᠤᠲᠠᠰᠤ ᠳᠤ ᠨᠡᠮᠡᠵᠦ ᠲᠣᠬᠢᠷᠠᠭᠤᠯᠤᠭᠰᠠᠨ ᠲᠡᠷᠭᠡ ᠰᠢᠯᠵᠢᠭᠦᠯᠬᠦ ᠦᠢᠯᠡᠴᠢᠯᠡᠭᠡᠨ ᠤ ᠴᠢᠳᠠᠪᠬᠢ ᠶᠢ ᠵᠢᠩᠬᠢᠨᠢ ᠪᠠᠷ ᠠᠰᠢᠭᠯᠠᠯᠲᠠ ᠳᠤ | ᠣᠷᠣᠭᠤᠯᠪᠠ᠃ ᠣᠳᠣᠬᠠᠨ ᠳᠤ᠂ ᠬᠢᠩᠭᠠᠨ ᠠᠶᠢᠮᠠᠭ ᠤᠨ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠭᠦᠮ ᠦᠵᠡᠭᠦᠯᠭᠦ ᠬᠠᠯᠠᠮᠰᠢᠯ | ᠤᠲᠠᠰᠤᠨ ᠤ ᠲᠠᠪᠴᠠᠩ ᠨᠢ ᠨᠢᠭᠡᠨᠲᠡ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠨ ᠮᠠᠰᠢᠨ ᠲᠡᠷᠭᠡᠨ ᠤ ᠮᠡᠳᠡᠭᠡ ᠵᠠᠩᠭᠢ ᠶᠢᠨ ᠬᠥᠮᠥᠷᠭᠡ ᠯᠦᠭᠡ ᠮᠡᠳᠡᠭᠡ | ᠵᠠᠩᠭᠢ ᠶᠢᠨ ᠲᠤᠭ᠎ᠠ ᠪᠠᠷᠢᠮᠲᠠ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠪᠡᠶᠡᠯᠡᠭᠦᠯᠵᠦ᠂ ᠪᠦᠭᠦ ᠠᠶᠢᠮᠠᠭ ᠤᠨ ᠣᠯᠠᠨ ᠲᠦᠮᠡᠨ ᠳᠤ ᠲᠡᠷᠭᠡ | ᠰᠢᠯᠵᠢᠭᠦᠯᠬᠦ ᠦᠢᠯᠡᠴᠢᠯᠡᠭᠡ ᠬᠠᠩᠭᠠᠵᠤ ᠪᠤᠢ᠃ | ᠠᠯᠠᠱᠠ ᠠᠶᠢᠮᠠᠭ ᠤᠨ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠭᠦᠮ ᠦᠵᠡᠭᠦᠯᠭᠦ ᠬᠠᠯᠠᠮᠰᠢᠯ ᠤᠲᠠᠰᠤ ᠨᠢ 2021 ᠣᠨ ᠤ 4 | ᠰᠠᠷ᠎ᠠ ᠳᠤ ᠲᠡᠷᠭᠡ ᠰᠢᠯᠵᠢᠭᠦᠯᠬᠦ ᠦᠢᠯᠡᠴᠢᠯᠡᠭᠡ ᠶᠢ ᠨᠡᠪᠲᠡᠷᠡᠭᠦᠯᠦᠭᠰᠡᠨ ᠤ ᠳᠠᠷᠠᠭ᠎ᠠ᠂ 3 ᠵᠢᠯ ᠤᠨ ᠲᠤᠷᠰᠢ ᠨᠡᠶᠢᠲᠡ 51568 ᠤᠳᠠᠭᠠᠨ ᠤ ᠲᠡᠷᠭᠡ ᠰᠢᠯᠵᠢᠭᠦᠯᠬᠦ | ᠠᠵᠢᠯ ᠢ ᠭᠥᠯᠢᠶᠡᠨ ᠠᠪᠴᠤ ᠰᠢᠢᠳᠪᠦᠷᠢᠯᠡᠪᠡ᠃ ᠡᠨᠡ ᠵᠢᠯ ᠠᠯᠠᠱᠠ ᠠᠶᠢᠮᠠᠭ ᠤᠨ 12345 ᠬᠠᠯᠠᠮᠰᠢᠯ ᠤᠲᠠᠰᠤ ᠨᠢ ᠤᠤᠯ ᠤᠨ ᠲᠡᠷᠭᠡ ᠰᠢᠯᠵᠢᠭᠦᠯᠬᠦ | ᠦᠢᠯᠡᠴᠢᠯᠡᠭᠡᠨ ᠤ ᠰᠠᠭᠤᠷᠢᠨ ᠳᠡᠭᠡᠷ᠎ᠡ ᠥᠪᠡᠷᠲᠡᠭᠡᠨ ᠵᠠᠰᠠᠬᠤ ᠣᠷᠣᠨ ᠤ ᠬᠠᠯᠠᠮᠰᠢᠯ ᠤᠲᠠᠰᠤ ᠶᠢᠨ ᠲᠡᠷᠭᠡ ᠰᠢᠯᠵᠢᠭᠦᠯᠬᠦ ᠦᠢᠯᠡᠴᠢᠯᠡᠭᠡ ᠲᠠᠢ ᠱᠠᠲᠤ ᠠᠯᠤᠰᠯᠠᠨ | ᠬᠤᠯᠪᠤᠭᠠᠯᠠᠨ ᠬᠥᠳᠡᠯᠦᠯᠴᠡᠵᠦ᠂ ᠵᠣᠯᠭᠠᠭᠤᠯᠤᠨ ᠠᠭᠤᠰᠤᠯᠴᠠᠭᠤᠯᠵᠤ᠂ ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠤ ᠵᠥᠪᠭᠡᠨ 1 ᠮᠢᠨᠦ᠋ᠲ 20 | ᠰᠧᠺᠦ᠋ᠨ᠋ᠳ᠋ ᠤᠨ ᠳᠣᠲᠣᠷ᠎ᠠ ᠲᠡᠷᠭᠡ ᠰᠢᠯᠵᠢᠭᠦᠯᠬᠦ ᠶᠢ ᠪᠡᠶᠡᠯᠡᠭᠦᠯᠪᠡ᠃ ᠡᠨᠡ ᠵᠢᠯ ᠠᠴᠠ ᠨᠠᠭᠠᠰᠢ ᠲᠡᠷᠭᠡ ᠰᠢᠯᠵᠢᠭᠦᠯᠬᠦ 6977 ᠬᠤᠪᠢ ᠭᠤᠮᠣᠳᠠᠯ ᠱᠠᠭᠠᠷᠳᠠᠯᠭ᠎ᠠ ᠶᠢ | ᠲᠤᠰᠴᠤ᠂ ᠡᠳᠦᠷ ᠳᠤᠮᠳᠠᠴᠢ ᠪᠠᠷ 65 ᠲᠡᠷᠭᠡ ᠰᠢᠯᠵᠢᠭᠦᠯᠵᠦ ᠪᠤᠢ᠃ | ︽ᠮᠢᠨᠤ ᠮᠠᠰᠢᠨ ᠲᠡᠷᠭᠡ ᠬᠠᠰᠢᠭᠳᠠᠭᠠᠳ ᠭᠠᠷᠴᠤ ᠳᠡᠶᠢᠯᠭᠦ ᠦᠭᠡᠢ ᠪᠣᠯᠵᠠᠢ᠂ ᠨᠦᠭᠦᠭᠡ ᠮᠠᠰᠢᠨ ᠲᠡᠷᠭᠡᠨ ᠤ ᠡᠵᠡᠨ ᠢ ᠨᠢ ᠳᠠᠭᠤᠳᠠᠭᠠᠳ ᠰᠢᠯᠵᠢᠭᠦᠯᠵᠦ ᠥᠭᠬᠦ | ᠪᠣᠯᠪᠠᠤ︖︾᠂ ︽ᠲᠦᠷ ᠬᠦᠯᠢᠶᠡᠵᠦ ᠪᠠᠶᠢᠭᠠᠷᠠᠢ᠂ ᠪᠢᠳᠡ ᠣᠳᠣ ᠪᠠᠷ ᠢᠶᠠᠨ ᠮᠠᠰᠢᠨ ᠲᠡᠷᠭᠡᠨ ᠤ ᠡᠵᠡᠨ ᠲᠠᠢ ᠬᠠᠷᠢᠯᠴᠠᠶ᠎ᠠ︾᠃ ᠦᠬᠠᠢ ᠬᠤᠲᠠ ᠶᠢᠨ 12345 | ᠬᠤᠳᠠ ᠶᠢᠨ ᠠᠷᠠᠳ ᠤᠨ ᠦᠢᠯᠡᠴᠢᠯᠡᠭᠡᠨ ᠤ ᠬᠠᠯᠠᠮᠰᠢᠯ ᠤᠲᠠᠰᠤᠨ ᠳᠤ ᠤᠲᠠᠰᠤᠳᠠᠭᠠᠳ 5 ᠮᠢᠨᠦ᠋ᠲ ᠪᠣᠯᠣᠯ ᠦᠭᠡᠢ ᠪᠠᠷ ᠮᠠᠰᠢᠨ ᠲᠡᠷᠭᠡᠨ ᠤ ᠡᠵᠡᠨ ᠨᠢ ᠢᠷᠡᠵᠦ | ᠲᠡᠷᠭᠡ ᠪᠠᠨ ᠰᠢᠯᠵᠢᠭᠦᠯᠪᠡ᠃ | ᠲᠡᠷᠭᠡ ᠰᠢᠯᠵᠢᠭᠦᠯᠬᠦ ᠱᠠᠭᠠᠷᠳᠠᠯᠭ᠎ᠠ ᠲᠠᠢ ᠪᠣᠯ᠂ 12345 ᠬᠤᠲᠠ ᠶᠢᠨ ᠠᠷᠠᠳ ᠤᠨ ᠦᠢᠯᠡᠴᠢᠯᠡᠭᠡᠨ ᠤ ᠬᠠᠯᠠᠮᠰᠢᠯ ᠤᠲᠠᠰᠤ ᠳᠤ ᠤᠲᠠᠰᠤᠳᠠᠬᠤ ᠨᠢ | ᠠᠳᠡᠬᠢ ᠶᠢᠨ ᠳᠠᠳᠬᠠᠯ ᠪᠣᠯᠵᠠᠢ᠃ ᠪᠦᠷᠢᠳᠬᠡᠯ ᠢ ᠦᠨᠳᠦᠰᠦᠯᠡᠪᠡᠯ᠂ ᠦᠬᠠᠢ ᠬᠤᠲᠠ ᠶᠢᠨ 90% ᠣᠷᠴᠢᠮ ᠤᠨ ᠬᠤᠲᠠ ᠶᠢᠨ ᠠᠷᠠᠳ ᠨᠢᠭᠡᠨᠲᠡ ︽ᠦᠬᠠᠢ ᠶᠢᠨ | 12345︾ ᠶᠢᠨ ᠬᠡᠷᠡᠭᠯᠡᠭᠴᠢ ᠪᠣᠯᠵᠠᠢ᠃ ᠡᠩ ᠤᠨ ᠦᠶ᠎ᠡ ᠳᠤ᠂ 12345 ᠳᠤ ᠤᠲᠠᠰᠤᠳᠠᠪᠠᠯ ᠲᠡᠷᠭᠡ ᠰᠢᠯᠵᠢᠭᠦᠯᠬᠦ᠂ ᠡᠭᠦᠳᠡᠨ ᠣᠨᠢᠰᠤ ᠨᠡᠭᠡᠭᠡᠯᠭᠡᠬᠦ᠂ ᠭᠠᠵᠠᠷ | ᠳᠣᠣᠷᠠᠬᠢ ᠤᠰᠤᠨ ᠬᠤᠭᠤᠯᠠᠢ ᠶᠢ ᠨᠡᠪᠲᠡᠷᠡᠭᠦᠯᠬᠦ ᠁ ᠠᠮᠢᠳᠤᠷᠠᠯ ᠳᠤᠮᠳᠠᠬᠢ ᠮᠠᠰᠢ ᠣᠯᠠᠨ ᠲᠦᠪᠡᠭ ᠲᠠᠢ ᠠᠷᠰᠠᠷ ᠶᠠᠪᠤᠳᠠᠯ ᠢ ᠴᠥᠮ ᠦᠳᠲᠡᠷ ᠲᠦᠷᠭᠡᠨ | ᠰᠢᠢᠳᠪᠦᠷᠢᠯᠡᠵᠦ ᠴᠢᠳᠠᠨ᠎ᠠ᠃ | ᠡᠭᠦᠨ ᠢᠶᠠᠷ ᠪᠠᠷᠠᠬᠤ ᠦᠭᠡᠢ᠂ ᠦᠬᠠᠢ ᠬᠤᠲᠠ ᠶᠢᠨ ᠲᠣᠮᠣ ᠳ᠋ᠠᠶᠢᠲ᠋ᠠ ᠶᠢᠨ ᠲᠥᠪ ᠠᠴᠠ ᠲᠦᠷᠦᠭᠦᠯᠡᠨ ᠦᠬᠠᠢ ᠬᠤᠲᠠ ᠶᠢᠨ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ ᠶᠢᠨ ᠵᠠᠮ ᠬᠠᠷᠢᠯᠴᠠᠭᠠᠨ ᠤ ᠴᠠᠭᠳᠠᠭ᠎ᠠ ᠶᠢᠨ ᠰᠠᠯᠪᠤᠷᠢ ᠠᠩᠭᠢ ᠲᠠᠢ ᠬᠠᠮᠲᠤ ᠪᠠᠷ ᠨᠡᠭᠡᠭᠡᠨ ᠬᠥᠭᠵᠢᠭᠦᠯᠦᠭᠰᠡᠨ ︽ᠦᠵᠡᠰᠬᠦᠯᠡᠩᠲᠦ ᠰᠠᠶᠢᠬᠠᠨ ᠦᠬᠠᠢ︾ | ᠬᠤᠲᠠ ᠶᠢᠨ APP ᠣᠶᠤᠨᠲᠤ ᠲᠡᠷᠭᠡ ᠰᠢᠯᠵᠢᠭᠦᠯᠬᠦ ᠲᠠᠪᠴᠠᠩ ᠨᠢᠳᠤᠨᠤᠨ ᠵᠢᠩᠬᠢᠨᠢ ᠪᠠᠷ ᠠᠰᠢᠭᠯᠠᠯᠲᠠ ᠳᠤ ᠣᠷᠣᠪᠠ᠃ ᠬᠤᠲᠠ ᠶᠢᠨ ᠠᠷᠠᠳ ᠵᠥᠪᠭᠡᠨ ︽ | ᠦᠵᠡᠰᠬᠦᠯᠡᠩᠲᠦ ᠰᠠᠶᠢᠬᠠᠨ ᠦᠬᠠᠢ︾ ᠵᠢᠷᠭᠢᠶ᠎ᠡ ᠶᠢᠨ ᠣᠯᠠᠨ ᠨᠡᠶᠢᠲᠡ ᠶᠢᠨ ᠳ᠋ᠤᠭᠠᠷ ᠢ ᠠᠩᠬᠠᠷᠴᠤ᠂ ᠲᠡᠷᠭᠡ ᠰᠢᠯᠵᠢᠭᠦᠯᠬᠦ ᠦᠢᠯᠡᠴᠢᠯᠡᠭᠡ ᠶᠢᠨ ᠨᠢᠭᠤᠷ ᠲᠠᠯ᠎ᠠ ᠳᠤ | ᠰᠢᠯᠵᠢᠭᠦᠯᠬᠦ ᠴᠢᠬᠤᠯᠠ ᠲᠠᠢ ᠮᠠᠰᠢᠨ ᠲᠡᠷᠭᠡᠨ ᠤ ᠨᠣᠮᠧᠷ᠂ ᠥᠪᠡᠷ ᠤᠨ ᠮᠠᠰᠢᠨ ᠲᠡᠷᠭᠡᠨ ᠤ ᠨᠣᠮᠧᠷ ᠵᠢᠴᠢ ᠭᠠᠷ ᠤᠲᠠᠰᠤᠨ ᠤ ᠨᠣᠮᠧᠷ ᠢᠶᠠᠨ ᠣᠷᠣᠭᠤᠯᠪᠠᠯ ᠳᠠᠷᠤᠢ ᠭᠠᠷ | ᠤᠲᠠᠰᠤ ᠪᠤᠶᠤ ᠠᠪᠢᠶᠠᠨ ᠤ ᠭᠡᠯᠪᠡᠷᠢ ᠪᠠᠷ ᠨᠥᠭᠦᠭᠡᠳᠡᠭᠢ ᠮᠠᠰᠢᠨ ᠲᠡᠷᠭᠡᠨ ᠤ ᠡᠵᠡᠨ ᠳᠤ ᠮᠡᠳᠡᠭᠳᠡᠵᠦ ᠪᠤᠯᠬᠤ ᠪᠥᠭᠡᠳ ᠪᠤᠶ ᠪᠦᠬᠦᠢ ᠮᠡᠳᠡᠭᠳᠡᠯ ᠳᠤ ᠴᠥᠮ ᠬᠡᠶᠢᠰᠪᠦᠷᠢ | ᠨᠣᠮᠧᠷ ᠢ ᠬᠡᠷᠡᠭᠯᠡᠵᠦ᠂ ᠬᠤᠶᠠᠷ ᠲᠠᠯ᠎ᠠ ᠶᠢᠨ ᠬᠤᠪᠢ ᠬᠥᠮᠥᠨ ᠤ ᠨᠢᠭᠤᠴᠠ ᠶᠢ ᠦᠯᠦ ᠵᠠᠳᠠᠷᠠᠭᠤᠯᠬᠤ ᠶᠢ ᠪᠠᠲᠤᠯᠠᠵᠤ ᠴᠢᠳᠠᠳᠠᠭ᠃ |