ᠭᠠᠷ ᠤᠲᠠᠰᠤᠨ ᠤ ᠨᠣᠮᠧᠷ ᠢᠶᠠᠨ ᠬᠦᠴᠦᠨ ᠦᠭᠡᠢ ᠪᠣᠯᠭᠠᠬᠤ ᠨᠢ ᠥᠪᠡᠷ ᠢ ᠪᠠᠨ ᠬᠤᠳᠠᠯᠳᠤᠭᠰᠠᠨ ᠲᠠᠢ ᠠᠳᠠᠯᠢ ᠤᠤ︖ ᠢᠡᠭᠭᠢᠵᠦ ᠬᠤᠯᠪᠤᠭᠠᠰᠤ ᠶᠢ ᠬᠤᠷᠳᠤᠨ ᠲᠠᠶᠢᠯᠵᠦ ᠪᠤᠯᠤᠨ᠎ᠠ
ᠨᠡᠶᠢᠲᠡᠯᠡᠭᠰᠡᠨ ᠴᠠᠭ᠄
2024/5/8
    ᠭᠠᠷ ᠤᠲᠠᠰᠤᠨ ᠤ ᠨᠤᠮᠧᠷ ᠢᠶᠠᠨ ᠭᠡᠷᠡᠭᠯᠡᠬᠦ ᠪᠠᠨ ᠪᠤᠯᠢᠬᠤ ᠪᠠᠷ ᠡᠵᠡᠩᠨᠡᠯᠲᠡ ᠶᠢᠨ ᠲᠢᠩᠬᠢᠮ ᠳᠤ ᠬᠦᠷᠴᠦ ᠬᠦᠴᠦᠨ ᠦᠭᠡᠢ ᠪᠤᠯᠭᠠᠬᠤ ᠭᠠᠷᠳᠠᠮ ᠬᠢᠯᠭᠡᠭᠰᠡᠨ ᠤ ᠬᠤᠶᠢᠨ᠎ᠠ᠂ ᠬᠡᠰᠡᠭ ᠬᠤᠭᠤᠴᠠᠭ᠎ᠠ ᠥᠩᠭᠡᠷᠡᠪᠡᠯ ᠡᠵᠡᠩᠨᠡᠯᠲᠡ ᠶᠢᠨ ᠬᠤᠳᠠᠯᠳᠤᠭᠠᠴᠢᠨ ᠭᠠᠷ ᠤᠲᠠᠰᠤᠨ ᠤ ᠨᠤᠮᠧᠷ ᠢ ᠳᠠᠬᠢᠨ ᠵᠠᠬ᠎ᠠ ᠳᠡᠯᠭᠡᠭᠦᠷ ᠲᠤ ᠣᠷᠣᠭᠤᠯᠵᠤ ᠪᠣᠷᠣᠯᠠᠭᠤᠯᠳᠠᠭ᠃ ᠴᠢᠨᠦ ᠭᠠᠷ ᠤᠲᠠᠰᠤᠨ ᠤ ᠨᠣᠮᠧᠷ ᠢ ᠬᠡᠷᠡᠭᠯᠡᠭᠰᠡᠨ ᠲᠡᠷᠡ ᠬᠥᠮᠦᠨ ᠨᠢ ᠭᠠᠷ ᠤᠲᠠᠰᠤᠨ ᠤ ᠰᠢᠯᠭᠠᠨ ᠪᠠᠲᠤᠯᠠᠬᠤ ᠺᠣᠳ᠋ ᠢᠶᠠᠷ ᠲᠠᠮᠵᠢᠨ ᠴᠢᠨᠦ ᠲᠣᠭᠠᠴᠠᠭ᠎ᠠ ᠬᠢᠬᠦ ᠡᠷᠳᠡᠨᠢ ︵支付宝︶᠂ ᠸᠢᠴᠠᠲ ᠵᠡᠷᠭᠡ ᠡᠯ᠎ᠡ ᠵᠦᠢᠯ ᠤᠨ ᠵᠥᠭᠡᠯᠡᠨ ᠲᠣᠨᠤᠭ ᠲᠤ ᠭᠠᠷᠴᠤ ᠪᠤᠯᠳᠠᠭ᠂ ᠡᠭᠦᠨ ᠤ ᠦᠷ᠎ᠡ ᠳ᠋ᠦᠩ ᠢ ᠰᠡᠳᠬᠢᠬᠦ ᠶᠢᠨ ᠠᠷᠭ᠎ᠠ ᠦᠭᠡᠢ ᠶᠤᠮ᠃ ᠡᠨᠡ ᠭᠠᠷ ᠤᠲᠠᠰᠤᠨ ᠤ ᠨᠣᠮᠧᠷ ᠢᠶᠠᠨ ᠬᠤᠯᠪᠤᠬᠰᠠᠨ ᠵᠥᠭᠡᠯᠡᠨ ᠲᠣᠨᠤᠭ ᠤᠨ ᠬᠤᠯᠪᠤᠭᠠᠰᠤ ᠨᠤᠭᠤᠳ ᠢ ᠪᠦᠬᠦᠨ ᠢ ᠲᠠᠶᠢᠯᠵᠦ ᠂ ᠲᠠᠷᠠᠴᠢᠯᠠᠨ ᠪᠠᠩᠬᠢ ᠶᠢᠨ ᠺᠠᠷᠲ ᠲᠠᠭᠠᠨ ᠦᠯᠡᠳᠡᠭᠡᠭᠰᠡᠨ ᠭᠠᠷ ᠤᠲᠠᠰᠤᠨ ᠤ ᠨᠣᠮᠧᠷ ᠢᠶᠠᠨ ᠴᠤ ᠵᠠᠪᠠᠯ ᠵᠠᠰᠠᠬᠤ ᠬᠡᠳᠦᠨ ᠠᠯᠬᠤᠮ ᠢ ᠢᠯᠡᠬᠦᠦ ᠬᠡᠳᠦ ᠤᠳᠠᠭ᠎ᠠ ᠬᠢᠵᠦ ᠦᠵᠡᠭᠡᠷᠡᠢ᠃    ᠭᠤᠷᠪᠠᠨ ᠲᠣᠮᠣ ᠡᠵᠡᠩᠨᠡᠯᠲᠡ ᠶᠢᠨ ᠬᠤᠳᠠᠯᠳᠤᠭᠠᠴᠢᠨ ᠳᠤ ᠬᠠᠷᠢᠭᠤ ᠥᠭᠪᠡ    ᠬᠦᠴᠦᠨ ᠦᠭᠡᠢ ᠪᠣᠯᠭᠠᠭᠰᠠᠨ ᠭᠠᠷ ᠤᠲᠠᠰᠤᠨ ᠤ ᠨᠣᠮᠧᠷ ᠢ ᠬᠡᠳᠦᠶ ᠤᠳᠠᠪᠠᠯ ᠳᠠᠬᠢᠨ ᠵᠠᠬ᠎ᠠ ᠳᠡᠯᠭᠡᠭᠦᠷ ᠲᠤ ᠤᠷᠤᠭᠤᠯᠳᠠᠭ ᠪᠤᠢ︖ ᠰᠢᠨ᠎ᠡ ᠬᠡᠷᠡᠭᠯᠡᠭᠴᠢ ᠨᠢ ᠪᠠᠰᠠ ᠭᠠᠷ ᠤᠲᠠᠰᠤᠨ ᠤ ᠨᠤᠮᠧᠷ ᠠᠴᠠ ᠪᠠᠨ ᠡᠮᠦᠨᠡᠬᠢ ᠬᠡᠷᠡᠭᠯᠡᠵᠦ ᠪᠠᠶᠢᠬᠰᠠᠨ ᠲᠡᠮᠳᠡᠭᠯᠡᠯ ᠢ ᠡᠷᠢᠵᠦ ᠤᠯᠵᠤ ᠴᠢᠳᠠᠨ᠎ᠠ ᠦᠦ︖    ᠰᠤᠷᠪᠤᠯᠵᠢᠯᠠᠭᠴᠢ ᠬᠡᠷᠡᠭᠯᠡᠭᠴᠢᠳ ᠤᠨ ᠪᠡᠶ᠎ᠡ ᠬᠡᠮ ᠢᠶᠠᠷ ᠳᠤᠮᠳᠠᠳᠤ ᠤᠯᠤᠰ ᠤᠨ ᠨᠢᠭᠡᠳᠦᠮᠡᠯ ᠬᠤᠯᠪᠣᠭ᠎ᠠ ᠶᠢᠨ ᠬᠡᠷᠡᠭᠯᠡᠭᠴᠢ ᠶᠢᠨ ᠦᠢᠯᠡᠴᠢᠯᠡᠭᠡᠨ ᠤ ᠤᠲᠠᠰᠤ ᠶᠢ ᠠᠪᠤᠬᠰᠠᠨ ᠳᠤ᠂ ᠬᠡᠷᠡᠭᠯᠡᠭᠴᠢ ᠶᠢᠨ ᠦᠢᠯᠡᠴᠢᠯᠡᠭᠡᠨ ᠤ ᠠᠵᠢᠯᠲᠠᠨ᠄ ᠬᠡᠷᠡᠭᠯᠡᠭᠴᠢ ᠶᠢᠨ ᠭᠠᠷ ᠤᠲᠠᠰᠤᠨ ᠤ ᠨᠣᠮᠧᠷ ᠢ ᠬᠦᠴᠦᠨ ᠥᠬᠡᠶ ᠪᠣᠯᠭᠠᠭᠰᠠᠨ ᠡᠳᠦᠷ ᠨᠢ 90 ᠡᠳᠦᠷ ᠢ ᠬᠡᠲᠦᠷᠡᠪᠡᠯ ᠳᠠᠭᠢᠵᠤ ᠲᠦᠷᠦᠬᠦᠨ ᠤ ᠭᠡᠷᠡᠭᠯᠡᠭᠴᠢ ᠶᠢᠨ ᠬᠡᠷᠡᠭᠯᠡᠵᠦ ᠪᠠᠶᠢᠬᠰᠠᠨ ᠲᠡᠮᠳᠡᠭᠯᠡᠯ ᠢ ᠡᠷᠢᠵᠦ ᠤᠯᠬᠤ ᠶᠢᠨ ᠠᠷᠭ᠎ᠠ ᠥᠬᠡᠶ ᠪᠤᠯᠳᠠᠭ᠂ ᠬᠦᠴᠦᠨ ᠥᠬᠡᠶ ᠪᠣᠯᠭᠠᠭᠰᠠᠨ ᠤ ᠳᠠᠷᠠᠭᠠᠬᠢ ᠨᠣᠮᠧᠷ ᠢ ᠦᠨᠡᠬᠡᠷ ᠳᠠᠭᠢᠵᠤ ︽ᠨᠣᠮᠧᠷ ᠤᠨ ᠲᠠᠲᠠᠭᠠᠯ︾ ᠳᠤ ᠣᠷᠣᠭᠤᠯᠵᠤ ᠲᠠᠯᠪᠢᠳᠠᠭ ᠪᠣᠯᠪᠠᠴᠤ ᠤᠷᠤᠭᠤᠯᠵᠤ ᠲᠠᠯᠪᠢᠬᠤ ᠴᠠᠭ ᠬᠤᠭᠤᠴᠠᠭ᠎ᠠ ᠶᠢ ᠨᠢ ᠲᠣᠭᠲᠠᠭᠠᠬᠤ ᠶᠢᠨ ᠠᠷᠭ᠎ᠠ ᠥᠬᠡᠶ ᠪᠠᠶᠢᠳᠠᠭ ᠭᠡᠵᠡᠶ᠃ ᠡᠭᠦᠨ ᠠᠴᠠ ᠭᠠᠳᠠᠨ᠎ᠠ᠂ ᠭᠠᠷ ᠤᠲᠠᠰᠤᠨ ᠤ ᠨᠣᠮᠧᠷ ᠢ ᠰᠢᠨ᠎ᠡ ᠬᠡᠷᠡᠭᠯᠡᠭᠴᠢ ᠢᠳᠡᠪᠬᠢᠵᠢᠭᠦᠯᠦᠭᠰᠡᠨ ᠤ ᠳᠠᠷᠠᠭ᠎ᠠ᠂ ᠰᠢᠨ᠎ᠡ ᠬᠡᠷᠡᠭᠯᠡᠭᠴᠢ ᠨᠢ ᠲᠣᠰ ᠨᠣᠮᠧᠷ ᠢ ᠭᠡᠷᠡᠭᠯᠡᠵᠦ ᠪᠠᠶᠢᠬᠰᠠᠨ ᠡᠵᠡᠨ ᠤ ᠰᠦᠢᠳᠭᠡᠯ ᠲᠤᠰᠢᠶᠠᠭᠰᠠᠨ ᠨᠠᠷᠢᠨ ᠪᠠᠶᠢᠳᠠᠯ ᠵᠡᠷᠭᠡ ᠬᠠᠮᠢᠶ᠎ᠠ ᠪᠥᠬᠦᠶ ᠲᠡᠮᠳᠡᠭᠯᠡᠯ ᠢ ᠪᠠᠶᠢᠴᠠᠭᠠᠨ ᠣᠯᠵᠤ ᠴᠢᠳᠠᠬᠤ ᠥᠬᠡᠶ ᠶᠤᠮ ᠭᠡᠵᠦ ᠭᠡᠯᠡᠪᠡ᠃    ᠳᠤᠮᠳᠠᠳᠤ ᠤᠯᠤᠰ ᠤᠨ ᠰᠢᠯᠵᠢᠮᠡᠯ ᠺᠤᠮᠫᠠᠨᠢ ᠶᠢᠨ ᠦᠢᠯᠡᠴᠢᠯᠡᠭᠡᠨ ᠤ ᠠᠵᠢᠯᠲᠠᠨ ᠬᠡᠯᠡᠬᠦ ᠳᠡᠭᠡᠨ᠂ ᠬᠦᠴᠦᠨ ᠥᠬᠡᠶ ᠪᠣᠯᠭᠠᠭᠰᠠᠨ ᠭᠠᠷ ᠤᠲᠠᠰᠤᠨ ᠤ ᠨᠣᠮᠧᠷ ᠨᠢ ᠳᠠᠭᠢᠵᠤ ᠵᠠᠬ᠎ᠠ ᠳᠡᠯᠭᠡᠭᠦᠷ ᠲᠤ ᠤᠷᠤᠭᠤᠯᠬᠤ ᠪᠣᠯᠤᠯᠴᠠᠭ᠎ᠠ ᠲᠠᠢ᠃ ᠬᠡᠷᠪᠡ ᠥᠪᠡᠷ ᠤᠨ ᠣᠳᠣᠬᠠᠨ ᠳᠤ ᠬᠡᠷᠡᠭᠯᠡᠬᠦ ᠪᠠᠨ ᠪᠤᠯᠢᠬᠰᠠᠨ App᠂ ᠪᠠᠩᠬᠢ ᠠᠴᠠ ᠢᠷᠡᠭᠦᠯᠦᠭᠰᠡᠨ ᠣᠬᠤᠷ ᠮᠡᠳᠡᠭᠡ ᠶᠢ ᠰᠢᠯᠲᠠᠭᠠᠨ ᠢ ᠨᠢ ᠮᠡᠳᠡᠬᠦ ᠦᠭᠡᠢ ᠪᠠᠷ ᠲᠤᠰᠴᠤ ᠤᠯᠬᠤ ᠳᠤ ᠬᠦᠷᠪᠡᠯ᠂ ᠰᠣᠨᠣᠷ ᠰᠡᠷᠡᠮᠵᠢ ᠪᠠᠨ ᠳᠡᠭᠡᠭᠰᠢᠯᠡᠭᠦᠯᠵᠦ᠂ ᠬᠤᠯᠪᠣᠭᠳᠠᠯ ᠪᠦᠬᠦᠢ ᠠᠵᠤ ᠠᠬᠤᠶᠢᠯᠠᠯ᠂ ᠪᠠᠩᠬᠢ ᠵᠡᠷᠭᠡ ᠲᠠᠢ ᠴᠠᠭ ᠲᠤᠬᠠᠢ ᠳᠤᠨᠢ ᠬᠠᠷᠢᠯᠴᠠᠵᠤ ᠬᠤᠪᠢ ᠬᠥᠮᠦᠨ ᠤ ᠮᠡᠳᠡᠭᠡ ᠵᠠᠩᠭᠢ ᠶᠢᠨ ᠪᠠᠶᠢᠳᠠᠯ ᠢ ᠠᠰᠠᠭᠤᠨ ᠯᠠᠪᠯᠠᠭᠠᠷᠠᠢ ᠭᠡᠪᠡ᠃    ︽ᠨᠢᠭᠡ ᠦᠨᠡᠮᠯᠡᠯ ᠢᠶᠠᠷ ᠨᠡᠶᠢᠳᠡᠮ ᠪᠠᠶᠢᠴᠠᠭᠠᠬᠤ︾᠂ ᠬᠤᠯᠪᠤᠬᠰᠠᠨ ᠬᠤᠯᠪᠤᠭᠠᠰᠤ ᠶᠢ ᠲᠦᠷᠭᠡᠨ ᠲᠠᠶᠢᠯᠬᠤ    ᠦᠪᠡᠷ ᠤᠨ ᠨᠡᠷ᠎ᠡ ᠳᠤᠤᠷᠠᠬᠢ ᠭᠠᠷ ᠤᠲᠠᠰᠤᠨ ᠤ ᠨᠣᠮᠧᠷ ᠴᠢᠨᠢ ᠬᠡᠳᠦᠶ ᠢᠨᠲ᠋ᠧᠷ ᠰᠦᠯᠵᠢᠶᠡᠨ ᠤ ᠳᠠᠩᠰᠠ ᠲᠠᠢ ᠬᠤᠯᠪᠣᠭᠳᠠᠵᠦ ᠪᠠᠶᠢᠬᠤ ᠶᠢ ᠶᠠᠭᠠᠬᠢᠵᠦ ᠠᠰᠠᠭᠤᠨ ᠯᠠᠪᠯᠠᠬᠤ ᠪᠤᠢ︖ ᠪᠤᠰᠤᠳ ᠬᠦᠮᠦᠨ ᠴᠢᠨᠦ ᠨᠡᠷ᠎ᠡ ᠪᠠᠷ ᠲᠡᠩᠰᠠᠯᠠᠭᠤᠯᠤᠬᠰᠠᠨ ᠪᠠᠶᠢᠳᠠᠯ ᠣᠷᠣᠰᠢᠵᠤ ᠪᠠᠶᠢᠬᠤ ᠡᠰᠡᠬᠦ︖ ᠡᠭᠦᠨ ᠤ ᠲᠤᠬᠠᠢ ᠳᠣᠣᠷᠠᠬᠢ ᠠᠷᠭ᠎ᠠ ᠪᠠᠷ ᠠᠰᠠᠭᠤᠨ ᠯᠠᠪᠯᠠᠵᠦ ᠪᠤᠯᠤᠨ᠎ᠠ    ᠬᠡᠷᠡᠭᠯᠡᠭᠴᠢᠳ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ᠵᠠᠰᠠᠭ ᠤᠨ ᠶᠠᠪᠤᠳᠠᠯ ᠤᠨ ᠸᠢᠴᠠᠲ ᠤᠨ ︽ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠸᠢᠴᠠᠲ ᠤᠨ ᠰᠣᠨᠢᠨ︾ ᠪᠠ ︽ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ᠮᠡᠬᠡᠯᠡᠯ ᠢ ᠡᠰᠡᠷᠭᠦᠴᠡᠬᠦ ᠲᠤᠰᠬᠠᠶ ᠠᠩᠭᠢ︾᠂ ︽ᠳᠤᠮᠳᠠᠳᠤ ᠤᠯᠤᠰ ᠤᠨ ᠮᠡᠳᠡᠭᠡ ᠵᠠᠩᠭᠢᠵᠢᠯᠲᠠ ᠶᠢᠨ ᠬᠦᠷᠢᠶᠡᠯᠡᠩ︾ ᠤᠨ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠵᠢᠴᠢ ︽ᠲᠣᠭᠠᠴᠠᠭ᠎ᠠ ᠬᠢᠬᠦ ᠡᠷᠳᠡᠨᠢ︾ ᠶᠢᠨ ︽ᠨᠢᠭᠡ ᠦᠨᠡᠮᠯᠡᠯ ᠢᠶᠠᠷ ᠨᠡᠶᠢᠳᠡᠮ ᠪᠠᠶᠢᠴᠠᠭᠠᠬᠤ︾ ᠵᠢᠵᠢᠭ ᠫᠷᠤᠭ᠍ᠷᠠᠮ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠠᠰᠠᠭᠤᠨ ᠯᠠᠪᠯᠠᠬᠤ ᠤᠷᠤᠴᠠ ᠳᠤ ᠤᠷᠤᠵᠤ ᠠᠰᠠᠭᠤᠨ ᠯᠠᠪᠯᠠᠵᠤ ᠪᠣᠯᠤᠨ᠎ᠠ᠃    ᠡᠭᠦᠨ ᠳᠤ᠂ ᠢᠨᠲ᠋ᠧᠷ ᠰᠦᠯᠵᠢᠶᠡᠨ ᠤ ᠲᠠᠩᠰᠠᠨ ᠨᠣᠮᠧᠷ ᠨᠢ ᠸᠢᠴᠠᠲ᠂ ᠲᠣᠭᠠᠴᠠᠭ᠎ᠠ ᠬᠢᠬᠦ ᠡᠷᠳᠡᠨᠢ ᠵᠡᠷᠭᠡ 16 ᠲᠠᠪᠴᠠᠩ ᠢ ᠬᠠᠮᠤᠷᠴᠤ ᠪᠤᠢ᠂ ᠭᠤᠶᠤᠴᠢᠯᠠᠯ ᠳᠡᠪᠰᠢᠭᠦᠯᠦᠭᠰᠡᠨ ᠤ ᠳᠠᠷᠠᠭ᠎ᠠ 48 ᠴᠠᠭ ᠤᠨ ᠳᠣᠲᠣᠷ᠎ᠠ ᠣᠬᠤᠷ ᠮᠡᠳᠡᠭᠡ ᠪᠠᠷ ᠦᠷ᠎ᠡ ᠳ᠋ᠦᠩ ᠢ ᠮᠡᠳᠡᠭᠳᠡᠬᠦ ᠪᠤᠯᠤᠨ᠎ᠠ᠃    ᠭᠠᠷ ᠤᠲᠠᠰᠤᠨ ᠤ ᠨᠣᠮᠧᠷ ᠢᠶᠠᠨ ᠰᠣᠯᠢᠬᠤ ᠠᠴᠠ ᠡᠮᠦᠨ᠎ᠡ ᠵᠠᠪᠠᠯ ᠬᠢᠬᠦ ᠴᠢᠬᠤᠯᠠᠳᠠᠢ ᠠᠵᠢᠯ    ᠥᠩᠭᠡᠷᠡᠭᠰᠡᠨ ᠳᠤ ᠵᠠᠷᠢᠮ ᠬᠥᠮᠦᠨ ᠭᠠᠷ ᠤᠲᠠᠰᠤᠨ ᠤ ᠨᠣᠮᠧᠷ ᠢᠶᠠᠨ ᠰᠣᠯᠢᠭᠰᠠᠨ ᠤ ᠳᠠᠷᠠᠭ᠎ᠠ᠂ ᠰᠦᠯᠵᠢᠶᠡᠨ ᠤ ᠳᠠᠩᠰᠠᠨ ᠳᠠᠬᠢ ᠵᠣᠭᠤᠰ ᠢ ᠨᠢ ᠪᠤᠰᠤᠳ ᠬᠥᠮᠦᠨ ᠰᠢᠯᠵᠢᠭᠦᠯᠦᠨ ᠠᠪᠠᠴᠢᠬᠰᠠᠨ︔ ᠪᠠᠰᠠ ᠵᠠᠷᠢᠮ ᠬᠥᠮᠦᠨ ᠭᠠᠷ ᠤᠲᠠᠰᠤᠨ ᠤ ᠨᠣᠮᠧᠷ ᠢᠶᠠᠨ ᠰᠣᠯᠢᠭᠰᠠᠨ ᠠᠴᠠ ᠪᠤᠯᠵᠤ ᠨᠡᠶᠢᠭᠡᠮ ᠤᠨ ᠬᠠᠷᠢᠯᠴᠠᠭᠠᠨ ᠤ ᠲᠠᠩᠰᠠᠨ ᠨᠣᠮᠧᠷ ᠨᠢ ᠬᠤᠯᠠᠭᠠᠶᠢᠯᠠᠭᠳᠠᠵᠤ᠂ ᠮᠡᠬᠡᠯᠡᠭᠴᠢ ᠨᠢ ᠤᠤᠯ ᠭᠠᠷ ᠤᠳᠠᠰᠤᠨ ᠤ ᠡᠵᠡᠨ ᠤ ᠨᠡᠷ᠎ᠡ ᠪᠠᠷ ᠢᠶᠠᠨ ᠭᠠᠵᠠᠷ ᠪᠣᠯᠭᠠᠨ ᠠᠴᠠ ︽ᠵᠣᠭᠤᠰ ᠵᠢᠭᠡᠯᠡᠭᠰᠡᠨ︾ ᠁ ᠶᠠᠪᠤᠳᠠᠯ ᠭᠠᠷᠴᠠᠢ᠃    ᠠᠩᠬᠠᠷ︕ ᠭᠠᠷ ᠤᠲᠠᠰᠤᠨ ᠤ ᠨᠣᠮᠧᠷ ᠢᠶᠠᠨ ᠰᠣᠯᠢᠬᠤ ᠪᠤᠶᠤ ᠬᠦᠴᠦᠨ ᠦᠭᠡᠢ ᠪᠤᠯᠭᠠᠬᠤ ᠠᠴᠠ ᠡᠮᠦᠨ᠎ᠡ᠂ ᠲᠤᠤᠷᠠᠬᠢ ᠵᠦᠢᠯᠡᠰ ᠢ ᠬᠢᠬᠦ ᠪᠠᠨ ᠶᠠᠭᠠᠬᠢᠭᠰᠠᠨ ᠴᠤ ᠪᠢᠲᠡᠭᠡᠶ ᠮᠠᠷᠲᠠᠭᠠᠷᠠᠶ᠄    ᠳ᠋ᠢᠶᠠᠩᠬᠤᠸᠠ ᠶᠢᠨ ᠮᠠᠲ᠋ᠧᠷᠢᠶᠠᠯ ᠢᠶᠠᠨ ᠬᠠᠭᠤᠯᠤᠨ ᠬᠠᠳᠠᠭᠠᠯᠠᠬᠤ︔    ᠪᠠᠩᠬᠢ ᠶᠢᠨ ᠺᠠᠷᠲ ᠢᠶᠠᠨ ᠬᠤᠯᠪᠤᠬᠰᠠᠨ ᠭᠠᠷ ᠤᠲᠠᠰᠤᠨ ᠳᠠᠬᠢ ᠨᠣᠮᠧᠷ ᠢᠶᠠᠨ ᠬᠠᠯᠠᠬᠤ︔    ᠪᠠᠷᠠᠭ᠎ᠠ ᠬᠤᠳᠠᠯᠳᠤᠨ ᠠᠪᠬᠤ ᠰᠦᠯᠵᠢᠶᠡᠨ ᠤ ᠥᠷᠲᠡᠭᠡ᠂ ᠲᠣᠭᠠᠴᠠᠭ᠎ᠠ ᠬᠢᠬᠦ ᠲᠠᠩᠰᠠᠨ ᠡᠷᠦᠬᠡ ᠵᠡᠷᠭᠡ ᠶᠢ ᠬᠤᠯᠪᠣᠭᠰᠠᠨ ᠭᠠᠷ ᠤᠲᠠᠰᠤᠨ ᠳᠠᠬᠢ ᠨᠣᠮᠧᠷ ᠢᠶᠠᠨ ᠬᠠᠯᠠᠬᠤ︔    ᠪᠢᠴᠢᠯ ᠪᠦᠷᠭᠡ᠂ ᠸᠢᠴᠠᠲ᠂ QQ ᠵᠡᠷᠭᠡ ᠨᠡᠶᠢᠭᠡᠮ ᠤᠨ ᠬᠠᠷᠢᠯᠴᠠᠭᠠᠨ ᠤ ᠳᠠᠩᠰᠠᠨ ᠨᠣᠮᠧᠷ ᠢ ᠬᠤᠯᠪᠣᠭᠰᠠᠨ ᠭᠠᠷ ᠤᠲᠠᠰᠤᠨ ᠳᠠᠬᠢ ᠨᠣᠮᠧᠷ ᠢᠶᠠᠨ ᠬᠠᠯᠠᠬᠤ︔    ᠰᠦᠯᠵᠢᠶᠡᠨ ᠤ ᠲᠠᠪᠠᠭ ᠪᠤᠶᠤ ᠡᠭᠦᠯᠡᠨ ᠤ ᠦᠢᠯᠡᠴᠢᠯᠡᠭᠡ ᠶᠢ ᠬᠤᠯᠪᠣᠭᠰᠠᠨ ᠭᠠᠷ ᠤᠲᠠᠰᠤᠨ ᠳᠠᠬᠢ ᠨᠣᠮᠧᠷ ᠢᠶᠠᠨ ᠬᠠᠯᠠᠬᠤ︔ ᠭᠡᠰᠢᠭᠦᠨ ᠤ ᠮᠡᠳᠡᠭᠡ ᠵᠠᠩᠭᠢ ᠪᠠᠨ ᠬᠠᠯᠠᠬᠤ︔    ᠭᠠᠷ ᠤᠲᠠᠰᠤᠨ ᠤ ᠨᠣᠮᠧᠷ ᠢᠶᠠᠨ ᠬᠦᠴᠦᠨ ᠦᠭᠡᠢ ᠪᠣᠯᠭᠠᠭᠰᠠᠨ ᠤ ᠳᠠᠷᠠᠭ᠎ᠠ᠂ ᠬᠠᠮᠤᠭ ᠤᠨ ᠰᠠᠶᠢᠨ ᠨᠢ SIM ᠺᠠᠷᠲ ᠢ ᠤᠰᠠᠳᠬᠠᠭᠠᠷᠠᠢ᠂ ᠪᠢᠳᠡᠭᠡᠢ ᠳᠤᠷ᠎ᠠ ᠪᠠᠷ ᠢᠶᠠᠨ ᠬᠠᠶᠠ᠃
ᠢᠷᠡᠯᠲᠡ᠄ ᠠᠷᠠᠳ ᠤᠨ ᠮᠣᠩᠭᠤᠯ ᠰᠦᠯᠵᠢᠶ᠎ᠡ