ᠬᠡᠦᠬᠡᠳ ᠤᠨ ᠮᠠᠷᠢᠶᠠᠯᠠᠬᠤ ᠶᠢ ᠰᠡᠷᠭᠡᠶᠢᠯᠡᠬᠦ ᠳᠤ ᠲᠣᠭᠲᠠᠭᠰᠠᠨ ᠬᠤᠭᠤᠴᠠᠭ᠎ᠠ ᠲᠠᠢ ᠪᠠᠶᠢᠴᠠᠭᠠᠯᠲᠠ ᠬᠢᠬᠦ ᠶᠢ ᠠᠩᠬᠠᠷᠤᠭᠠᠷᠠᠢ
ᠨᠡᠶᠢᠲᠡᠯᠡᠭᠰᠡᠨ ᠴᠠᠭ᠄
2024/6/11
    ᠣᠶᠢᠷ᠎ᠠ ᠶᠢᠨ ᠵᠢᠯ ᠳᠤ᠂ ᠮᠠᠨ ᠤ ᠤᠯᠤᠰ ᠤᠨ ᠬᠡᠦᠬᠡᠳ ᠪᠠ ᠵᠠᠯᠠᠭᠤᠴᠤᠳ ᠪᠠᠭᠠᠴᠤᠳ ᠤᠨ ᠮᠠᠷᠢᠶᠠᠯᠠᠬᠤ ᠨᠢ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠦᠨᠳᠦ ᠨᠣᠴᠢᠲᠠᠶ ᠠᠰᠠᠭᠤᠳᠠᠯ ᠤᠨ ᠨᠢᠭᠡ ᠪᠤᠯᠤᠭᠠᠳ ᠪᠠᠶᠢᠨ᠎ᠠ᠃ ᠮᠠᠷᠢᠶᠠᠯᠠᠬᠤ ᠨᠢ ᠨᠢᠭᠡ ᠵᠦᠢᠯ ᠤᠨ ᠰᠢᠮ᠎ᠡ ᠲᠡᠵᠢᠭᠡᠯ ᠤᠨ ᠲᠡᠩᠴᠡᠭᠦᠷᠢ ᠪᠠᠨ ᠠᠯᠳᠠᠭᠰᠠᠨ ᠶᠠᠪᠤᠳᠠᠯ ᠪᠣᠯᠤᠨ᠎ᠠ᠂ ᠤᠷᠲᠤ ᠬᠤᠭᠤᠴᠠᠭ᠎ᠠ ᠰᠢᠮ᠎ᠡ ᠲᠡᠵᠢᠭᠡᠯ ᠤᠨ ᠲᠡᠩᠴᠡᠭᠦᠷᠢ ᠪᠠᠨ ᠠᠯᠳᠠᠪᠠᠯ᠂ ᠵᠠᠯᠠᠭᠤᠴᠤᠳ ᠪᠠᠭᠠᠴᠤᠳ ᠤᠨ ᠥᠰᠦᠯᠲᠡ ᠪᠤᠶᠢᠵᠢᠯᠳᠠ ᠶᠢ ᠬᠠᠷᠰᠢᠯᠠᠵᠤ᠂ ᠹᠢᠽᠢᠣᠯᠣᠭᠢ ᠶᠢᠨ ᠴᠢᠳᠠᠪᠤᠷᠢ ᠶᠢ ᠨᠢ ᠨᠥᠯᠥᠭᠡᠯᠡᠬᠦ ᠪᠠᠷ ᠪᠠᠷᠠᠬᠤ ᠦᠭᠡᠢ ᠪᠠᠰᠠ ᠴᠢᠰᠤᠨ ᠳᠠᠷᠤᠯᠲᠠ ᠥᠨᠳᠥᠷ᠂ ᠴᠢᠰᠤ ᠦᠭᠡᠬᠦᠯᠡᠬᠦ᠂ ᠰᠢᠬᠢᠷ ᠰᠢᠵᠢᠩ ᠡᠪᠡᠳᠴᠢᠨ ᠵᠡᠷᠭᠡ ᠡᠷᠡᠭᠦᠯ ᠮᠡᠨᠳᠦ ᠶᠢᠨ ᠠᠰᠠᠭᠤᠳᠠᠯ ᠢ ᠪᠣᠢ ᠪᠣᠯᠭᠠᠵᠤ ᠮᠡᠳᠡᠨ᠎ᠡ᠃    ᠬᠡᠦᠬᠡᠳ ᠤᠨ ᠮᠠᠷᠢᠶᠠᠯᠠᠬᠤ ᠨᠢ ᠭᠤᠣᠯᠳᠠᠭᠤ ᠢᠳᠡᠬᠦ ᠨᠢ ᠶᠡᠭᠡ᠂ ᠬᠥᠳᠡᠯᠬᠦ ᠨᠢ ᠪᠠᠭ᠎ᠠ ᠵᠡᠷᠭᠡ ᠰᠢᠯᠲᠠᠭᠠᠨ ᠠᠴᠠ ᠪᠣᠯᠳᠠᠭ᠃ ᠲᠣᠭᠲᠠᠭᠰᠠᠨ ᠬᠤᠭᠤᠴᠠᠭ᠎ᠠ ᠲᠠᠢ ᠪᠠᠶᠢᠴᠠᠭᠠᠬᠤ ᠪᠠᠷ ᠳᠠᠮᠵᠢᠨ ᠮᠠᠷᠢᠶᠠᠯᠠᠬᠤ ᠶᠢ ᠡᠷᠲᠡ ᠠᠴᠠ ᠰᠡᠷᠭᠡᠶᠢᠯᠡᠨ ᠬᠢᠵᠠᠭᠠᠷᠯᠠᠵᠤ ᠪᠣᠯᠬᠤ ᠶᠤᠮ᠃    ᠲᠡᠭᠡᠪᠡᠯ ᠶᠠᠮᠠᠷ ᠪᠠᠶᠢᠴᠠᠭᠠᠯᠲᠠ ᠬᠢᠬᠦ ᠪᠣᠢ︖    1. ᠪᠡᠶ᠎ᠡ ᠶᠢᠨ ᠥᠨᠳᠥᠷ ᠪᠠ ᠪᠡᠶ᠎ᠡ ᠶᠢᠨ ᠬᠦᠨᠳᠦ ᠶᠢ ᠨᠢ ᠬᠡᠮᠵᠢᠨ᠎ᠡ᠄ ᠬᠡᠦᠬᠡᠳ ᠤᠨ ᠪᠡᠶ᠎ᠡ ᠶᠢᠨ ᠬᠦᠨᠳᠦ ᠪᠣᠯᠣᠨ ᠪᠡᠶ᠎ᠡ ᠶᠢᠨ ᠥᠨᠳᠥᠷ ᠢ ᠨᠢ ᠬᠡᠮᠵᠢᠵᠦ᠂ BMI ︵ᠪᠡᠶ᠎ᠡ ᠶᠢᠨ ᠬᠦᠨᠳᠦ ᠶᠢᠨ ᠵᠢᠭᠠᠯᠲᠠ ᠲᠤᠭ᠎ᠠ︶ ᠶᠢ ᠪᠣᠳᠣᠬᠤ ᠪᠠᠷ ᠳᠠᠮᠵᠢᠭᠤᠯᠤᠨ ᠬᠡᠦᠬᠡᠳ ᠤᠨ ᠮᠠᠷᠢᠶᠠᠨ ᠤ ᠪᠠᠶᠢᠳᠠᠯ ᠢ ᠮᠠᠭᠠᠳᠯᠠᠵᠤ ᠪᠣᠯᠣᠨ᠎ᠠ᠃ ᠳᠠᠷᠤᠢ ᠪᠡᠶ᠎ᠡ ᠶᠢᠨ ᠬᠦᠨᠳᠦ ᠶᠢ ︵kg︶ ᠪᠡᠶ᠎ᠡ ᠶᠢᠨ ᠥᠨᠳᠥᠷ ︵m︶ ᠤᠨ ᠺᠦᠸᠠᠳ᠋ ᠢᠶᠠᠷ ᠬᠤᠪᠢᠶᠠᠨ᠎ᠠ᠃    2. ᠪᠦᠰᠡᠯᠡᠭᠦᠷ ᠢ ᠬᠡᠮᠵᠢᠨ᠎ᠡ᠄ ᠪᠦᠰᠡᠯᠡᠭᠦᠷ ᠢ ᠨᠢ ᠬᠡᠮᠵᠢᠵᠦ ᠬᠡᠦᠬᠡᠳ ᠤᠨ ᠬᠡᠪᠡᠯᠢ ᠶᠢᠨ ᠬᠡᠰᠡᠭ ᠤᠨ ᠥᠭᠡᠬᠦᠨ ᠤ ᠪᠠᠶᠢᠳᠠᠯ ᠢ ᠣᠶᠢᠯᠠᠭᠠᠵᠤ ᠪᠣᠯᠤᠨ᠎ᠠ᠃    3. ᠪᠡᠶ᠎ᠡ ᠶᠢᠨ ᠪᠦᠷᠢᠯᠳᠦᠭᠦᠨ ᠤ ᠰᠢᠨᠵᠢᠯᠡᠭᠡ ᠬᠢᠨ᠎ᠡ᠄ ᠲᠤᠰᠬᠠᠶ ᠮᠡᠷᠭᠡᠵᠢᠯ ᠤᠨ ᠲᠥᠬᠦᠭᠡᠷᠦᠮᠵᠢ ᠪᠠᠷ ᠪᠡᠶ᠎ᠡ ᠶᠢᠨ ᠪᠦᠷᠢᠯᠳᠦᠬᠦᠨ ᠤ ᠰᠢᠨᠵᠢᠯᠡᠭᠡ ᠬᠢᠵᠦ᠂ ᠪᠡᠶ᠎ᠡ ᠳᠠᠬᠢ ᠥᠭᠡᠬᠦ ᠶᠢᠨ ᠠᠭᠤᠯᠤᠭᠳᠠᠴᠠ᠂ ᠥᠭᠡᠬᠦ ᠶᠢᠨ ᠨᠣᠷᠮ᠎ᠠ᠂ ᠮᠠᠷᠢᠶ᠎ᠠ ᠰᠢᠭᠤᠷᠠᠭᠤᠯᠬᠤ ᠬᠡᠪᠴᠢᠶ᠎ᠡ ᠵᠡᠷᠭᠡ ᠲᠤᠭ᠎ᠠ ᠪᠠᠷᠢᠮᠲᠠ ᠶᠢ ᠣᠶᠢᠯᠠᠭᠠᠵᠤ᠂ ᠬᠡᠦᠬᠡᠳ ᠤᠨ ᠰᠢᠮ᠎ᠡ ᠲᠡᠵᠢᠭᠡᠯ ᠤᠨ ᠪᠠᠶᠢᠳᠠᠯ ᠢ ᠨᠠᠩ ᠪᠥᠬᠦ ᠲᠠᠯ᠎ᠠ ᠪᠠᠷ᠂ ᠨᠠᠷᠢᠯᠢᠭ ᠤᠨᠤᠪᠴᠢᠲᠠᠢ ᠪᠠᠷ ᠦᠨᠡᠯᠡᠨ ᠵᠢᠱᠢᠵᠦ ᠪᠣᠯᠣᠨ᠎ᠠ᠃    ᠬᠡᠳᠦᠢ ᠤᠳᠠᠭᠠᠳ ᠨᠢᠭᠡ ᠤᠳᠠᠭ᠎ᠠ ᠰᠢᠨᠵᠢᠯᠡᠭᠡ ᠬᠢᠬᠦ ᠪᠣᠢ︖    ᠭᠡᠷ ᠤᠨ ᠠᠬᠠᠮᠠᠳ 1 ᠠᠴᠠ 3 ᠰᠠᠷ᠎ᠠ ᠳᠤ ᠨᠢᠭᠡ ᠤᠳᠠᠭ᠎ᠠ ᠬᠡᠦᠬᠡᠳ ᠤᠨ ᠢᠶᠠᠨ ᠪᠡᠶ᠎ᠡ ᠶᠢᠨ ᠥᠨᠳᠥᠷ ᠪᠠ ᠬᠦᠨᠳᠦ ᠶᠢ ᠬᠡᠮᠵᠢᠬᠦ ᠶᠢᠨ ᠬᠠᠮᠲᠤ BMI ᠬᠡᠮᠵᠢᠯᠲᠡ ᠶᠢ ᠠᠰᠢᠭᠯᠠᠨ ᠬᠡᠦᠬᠡᠳ ᠤᠨ ᠮᠠᠷᠢᠶ᠎ᠠ ᠬᠡᠲᠦᠷᠡᠭᠰᠡᠨ ᠡᠰᠡᠬᠦ ᠶᠢ ᠬᠢᠨᠠᠨ ᠬᠡᠮᠵᠢᠵᠦ ᠪᠣᠯᠣᠨ᠎ᠠ᠃
ᠢᠷᠡᠯᠲᠡ᠄ ᠠᠷᠠᠳ ᠤᠨ ᠮᠣᠩᠭᠤᠯ ᠰᠦᠯᠵᠢᠶ᠎ᠡ