ᠰᠤᠳᠤᠯᠭᠠᠨ ᠳᠤ ᠢᠯᠡᠷᠡᠭᠦᠯᠦᠭᠰᠡᠨ ᠢᠶᠠᠷ᠄ ᠭᠠᠷᠠᠭ ᠤᠨ ᠰᠡᠭᠦᠯᠴᠢ ᠪᠠᠷ ᠨᠦᠢᠷ ᠨᠥᠬᠦᠪᠡᠯ ᠭᠠᠩᠰᠠᠷᠠᠬᠤ ᠬᠡᠮ ᠳᠤ ᠨᠡᠷᠪᠡᠭᠳᠡᠬᠦ ᠲᠦᠭᠰᠢᠭᠦᠷᠢ ᠶᠢ ᠪᠠᠭᠤᠷᠠᠭᠤᠯᠵᠤ ᠲᠡᠶᠢᠯᠦᠨ᠎ᠡ
ᠨᠡᠶᠢᠲᠡᠯᠡᠭᠰᠡᠨ ᠴᠠᠭ᠄
2024/6/11
    2024 ᠣᠨ ᠳᠤ᠂ ᠵᠦᠩ ᠨᠠᠨ ᠶᠡᠭᠡ ᠰᠤᠷᠭᠠᠭᠤᠯᠢ ᠶᠢᠨ ᠰᠢᠶᠠᠩ ᠶᠠ ᠭᠤᠷᠪᠠᠳᠤᠭᠠᠷ ᠡᠮᠨᠡᠯᠭᠡ ᠶᠢᠨ ᠬᠤᠷᠢᠶᠠᠨ ᠤ ᠮᠡᠳᠡᠷᠡᠯ ᠤᠨ ᠳᠣᠲᠣᠷ ᠰᠠᠯᠠᠭᠠᠨ ᠤ ᠰᠤᠳᠤᠯᠭᠠᠲᠠᠳ ︽ᠤᠨᠲᠠᠯᠭ᠎ᠠ ᠶᠢᠨ ᠠᠨᠠᠭᠠᠬᠤ ᠤᠬᠠᠭᠠᠨ︾ ᠰᠡᠳᠬᠦᠯ ᠳᠡᠭᠡᠷ᠎ᠡ ︽ᠭᠠᠷᠠᠭ ᠤᠨ ᠰᠡᠭᠦᠯᠴᠢ ᠪᠠᠷ ᠨᠦᠢᠷ ᠨᠥᠬᠦᠬᠦ ᠪᠠ ᠭᠠᠩᠰᠠᠷᠠᠬᠤ ᠬᠡᠮ ᠤᠨ ᠬᠤᠭᠤᠷᠣᠨᠳᠣᠬᠢ ᠬᠠᠷᠢᠴᠠᠭ᠎ᠠ︾ ᠭᠡᠬᠦ ᠨᠢᠭᠡᠨ ᠰᠤᠳᠤᠯᠭᠠᠨ ᠢ ᠨᠡᠶᠢᠲᠡᠯᠡᠪᠡ᠃ ᠡᠨᠡ ᠬᠦ 5000 ᠭᠠᠷᠤᠶ ᠬᠥᠮᠦᠨ ᠳᠤ ᠬᠤᠯᠪᠣᠭᠳᠠᠬᠰᠠᠨ ᠰᠤᠳᠤᠯᠭᠠᠨ ᠠᠴᠠ ᠤᠯᠵᠤ ᠮᠡᠳᠡᠭᠰᠡᠨ ᠢᠶᠠᠷ᠂ ᠠᠵᠢᠯᠯᠠᠬᠤ ᠡᠳᠦᠷ ᠤᠳ ᠲᠤ ᠨᠦᠢᠷ ᠬᠦᠷᠦᠯᠴᠡᠬᠦ ᠥᠬᠡᠶ ᠪᠠᠶᠢᠭ᠎ᠠ ᠬᠦᠮᠦᠰ ᠲᠤ ᠠᠪᠴᠤ ᠬᠡᠯᠡᠪᠡᠯ᠂ ᠭᠠᠷᠠᠭ ᠤᠨ ᠰᠡᠭᠦᠯᠴᠢ ᠳᠤ ᠨᠦᠢᠷ ᠨᠥᠬᠦᠪᠡᠯ ᠭᠠᠩᠰᠠᠷᠠᠬᠤ ᠬᠡᠮ ᠳᠤ ᠨᠡᠷᠪᠡᠭᠳᠡᠬᠦ ᠲᠦᠭᠰᠢᠭᠦᠷᠢ ᠢᠯᠡᠳᠲᠡ ᠪᠠᠭᠤᠷᠠᠵᠦ ᠪᠤᠢ᠃ ᠢᠯᠠᠩᠭᠤᠶ᠎ᠠ ᠠᠵᠢᠯᠯᠠᠬᠤ ᠡᠳᠦᠷ ᠤᠳ ᠲᠤ ᠨᠦᠢᠷ ᠬᠦᠷᠦᠯᠴᠡᠬᠦ ᠥᠬᠡᠶ ︵ᠤᠨᠲᠠᠬᠤ ᠨᠢ 7 ᠴᠠᠭ ᠠᠴᠠ ᠪᠠᠭ᠎ᠠ︶ ᠪᠠᠶᠢᠭ᠎ᠠ ᠣᠷᠣᠯᠴᠠᠭᠴᠢ ᠶᠢᠨ ᠲᠤᠳᠤᠷᠠᠬᠢ ᠬᠦᠮᠦᠨ ᠢ ᠭᠠᠷᠠᠭ ᠤᠨ ᠰᠡᠭᠦᠯᠴᠢ ᠳᠤ ᠨᠦᠢᠷ ᠨᠥᠬᠦᠬᠦ ᠥᠬᠡᠶ ᠬᠥᠮᠦᠨ ᠲᠠᠢ ᠬᠠᠷᠢᠴᠠᠭᠤᠯᠪᠠᠯ᠂ ᠭᠠᠷᠠᠭ ᠤᠨ ᠰᠡᠭᠦᠯᠴᠢ ᠳᠤ ᠨᠦᠢᠷ ᠨᠦᠬᠦᠭᠰᠡᠨ ᠬᠥᠮᠦᠨ ᠤ ᠭᠠᠩᠰᠠᠷᠠᠬᠤ ᠬᠡᠮ ᠤᠯᠬᠤ ᠲᠦᠭᠰᠢᠭᠦᠷᠢ ᠨᠢ 34 % ᠪᠠᠷ ᠪᠠᠭᠤᠷᠠᠬᠰᠠᠨ ᠪᠠᠶᠢᠨ᠎ᠠ᠃ ᠡᠨᠡ ᠨᠢ ᠭᠠᠷᠠᠭ ᠤᠨ ᠰᠡᠭᠦᠯᠴᠢ ᠳᠤ ᠠᠯᠵᠠᠭᠤᠷᠠᠨ ᠤᠨᠲᠠᠬᠤ ᠨᠢ ᠰᠡᠳᠬᠢᠴᠡ ᠶᠢᠨ ᠪᠠᠶᠢᠳᠠᠯ ᠢ ᠲᠣᠬᠢᠷᠠᠭᠤᠯᠬᠤ ᠰᠠᠨᠠᠭᠠᠴᠢᠯᠠᠭᠠᠲᠤ ᠠᠷᠭ᠎ᠠ ᠪᠣᠳᠣᠯᠭ᠎ᠠ ᠪᠣᠯᠬᠤ ᠶᠢ ᠬᠠᠷᠠᠭᠤᠯᠵᠤ ᠪᠤᠢ᠃    ᠰᠤᠳᠤᠯᠭᠠᠲᠠᠳ᠄ ᠬᠡᠷᠪᠡ ᠡᠩ ᠤᠨ ᠴᠠᠭ ᠲᠤ ᠪᠠᠭ᠎ᠠ ᠤᠨᠲᠠᠪᠠᠯ᠂ ᠭᠠᠷᠠᠭ ᠤᠨ ᠰᠡᠭᠦᠯᠴᠢ ᠳᠤ ᠨᠦᠢᠷ ᠨᠥᠬᠦᠬᠦ ᠪᠠᠷ ᠳᠡᠮᠵᠢᠨ ᠭᠠᠩᠰᠠᠷᠠᠬᠤ ᠪᠠᠶᠢᠳᠠᠯ ᠢ ᠰᠠᠶᠢᠵᠢᠷᠠᠭᠤᠯᠵᠤ ᠪᠣᠯᠤᠨ᠎ᠠ ᠭᠡᠵᠦ ᠬᠡᠯᠡᠪᠡ᠃    ᠠᠵᠢᠯᠯᠠᠬᠤ ᠡᠳᠦᠷ ᠤᠳ ᠲᠤ ᠤᠨᠲᠠᠬᠤ ᠴᠠᠭ ᠨᠢ 6 ᠴᠠᠭ ᠠᠴᠠ ᠪᠠᠭ᠎ᠠ ᠪᠠᠶᠢᠭ᠎ᠠ ᠬᠥᠮᠦᠨ ᠳᠤ ᠠᠪᠴᠤ ᠬᠡᠯᠡᠪᠡᠯ᠂ ᠭᠠᠷᠠᠭ ᠤᠨ ᠰᠡᠭᠦᠯᠴᠢ ᠪᠠᠷ ᠢᠯᠡᠭᠦᠦ 2 ᠴᠠᠭ ᠤᠨᠳᠠᠵᠤ ᠨᠦᠢᠷ ᠨᠥᠬᠦᠪᠡᠯ ᠵᠢᠷᠦᠬᠡ ᠴᠢᠰᠤᠨ ᠰᠤᠳᠠᠯ ᠤᠨ ᠡᠪᠡᠳᠴᠢᠨ ᠡᠮᠭᠡᠭ ᠤᠨ ᠲᠦᠭᠰᠢᠭᠦᠷᠢ ᠶᠢ 70 % ᠪᠠᠷ ᠪᠠᠭᠤᠷᠠᠭᠤᠯᠬᠤ ᠪᠤᠯᠤᠨ᠎ᠠ᠃ ᠠᠳᠠᠯᠢ ᠪᠤᠰᠤ ᠬᠡᠯᠪᠡᠷᠢ ᠶᠢᠨ ᠵᠢᠷᠦᠬᠡ ᠴᠢᠰᠤᠨ ᠰᠤᠳᠠᠯ ᠤᠨ ᠡᠪᠡᠳᠴᠢᠨ ᠳᠤ ᠵᠠᠳᠠᠯᠤᠯᠲᠠ ᠬᠢᠬᠦ ᠪᠠᠷ ᠳᠠᠮᠵᠢᠨ ᠣᠯᠵᠤ ᠮᠡᠳᠡᠭᠰᠡᠨ ᠢᠶᠠᠷ᠂ ᠭᠠᠷᠠᠭ ᠤᠨ ᠰᠡᠭᠦᠯᠴᠢ ᠳᠤ ᠨᠦᠢᠷ ᠨᠦᠬᠦᠬᠦ ᠨᠢ ᠨᠡᠯᠢᠶᠡᠳ ᠬᠦᠡᠭᠭᠡᠨ ᠵᠢᠷᠦᠭᠡ ᠪᠠᠵᠠᠯᠠᠵᠤ ᠡᠪᠡᠳᠬᠦ᠂ ᠰᠠ ᠡᠪᠡᠳᠴᠢᠨ ᠪᠠ ᠵᠢᠷᠦᠬᠡᠨ ᠲᠢᠲᠢᠮ ᠤᠨ ᠡᠪᠡᠳᠴᠢᠨ ᠲᠠᠢ ᠬᠠᠷᠢᠴᠠᠭ᠎ᠠ ᠬᠤᠯᠪᠤᠭ᠎ᠠ ᠲᠠᠢ ᠪᠠᠶᠢᠳᠠᠭ
ᠢᠷᠡᠯᠲᠡ᠄ ᠠᠷᠠᠳ ᠤᠨ ᠮᠣᠩᠭᠤᠯ ᠰᠦᠯᠵᠢᠶ᠎ᠡ