ᠠᠷᠠᠳ ᠤᠨ ᠰᠦᠯᠵᠢᠶ᠎ᠡ ᠶᠢᠨ 16 ᠤ ᠡᠳᠦᠷ ᠤᠨ ᠮᠡᠳᠡᠭᠡ᠄ ᠣᠶᠢᠷ᠎ᠠ ᠳᠤ ᠵᠠᠷᠢᠮ ᠮᠡᠳᠡᠭᠡ ᠳᠤ ᠬᠡᠯᠡᠬᠦ ᠳᠡᠭᠡᠨ᠂ 6 ᠰᠠᠷ᠎ᠠ ᠶᠢᠨ 1 ᠤ ᠡᠳᠦᠷ ᠠᠴᠠ ᠡᠬᠢᠯᠡᠨ | ᠴᠠᠬᠢᠯᠭᠠᠨ ᠬᠡᠷᠡᠭᠯᠡᠬᠦ ᠦᠨ᠎ᠡ ᠬᠠᠨᠭ᠍ᠰᠢ ᠶᠢ ᠦᠡᠭᠭᠡᠷᠡᠭᠰᠡᠨ ᠤ ᠠᠷᠭ᠎ᠠ ᠪᠠᠷ ᠪᠤᠳᠤᠬᠤ ᠶᠢ ᠥᠭᠡᠷᠡᠴᠢᠯᠡᠨ ᠱᠠᠳᠤ ᠦᠶ᠎ᠡ ᠬᠤᠪᠢᠶᠠᠨ ᠪᠤᠳᠤᠬᠤ ᠪᠥᠭᠡᠳ ᠴᠠᠬᠢᠯᠭᠠᠨ ᠤ | ᠰᠦᠢᠳᠬᠡᠯ ᠤᠨ ᠦᠨ᠎ᠡ ᠶᠢ ᠴᠦ ᠦᠰᠬᠡᠬᠦ ᠭᠡᠵᠦ ᠪᠠᠶᠢᠨ᠎ᠠ ᠭᠡᠪᠡ᠃ ᠡᠨᠡᠬᠦ ᠮᠡᠳᠡᠭᠡ ᠶᠢᠨ ᠲᠤᠬᠠᠢ ᠤᠯᠤᠰ ᠤᠨ ᠴᠠᠬᠢᠯᠭᠠᠨ ᠲᠣᠣᠷ ᠤᠨ ᠬᠤᠪᠧᠢ ᠮᠤᠵᠢ ᠶᠢᠨ ᠴᠠᠬᠢᠯᠭᠠᠨ | ᠬᠦᠴᠦᠨ ᠤ ᠬᠢᠵᠠᠭᠠᠷᠲᠤ ᠺᠣᠮᠫᠠᠨᠢ ᠶᠢᠨ ᠠᠵᠢᠯᠲᠠᠳ ᠬᠤᠯᠪᠣᠭᠳᠠᠯ ᠪᠦᠬᠦᠢ ᠡᠶᠢᠮᠦ ᠮᠡᠳᠡᠭᠳᠡᠯ ᠢ ᠣᠯᠣᠭᠰᠠᠨ ᠦᠭᠡᠢ ᠭᠡᠵᠦ ᠬᠡᠯᠡᠵᠡᠢ᠃ ᠡᠭᠦᠨ ᠠᠴᠠ ᠡᠮᠦᠨ᠎ᠡ᠂ | ᠰᠧᠴᠤᠸᠠᠨ᠂ ᠵᠢᠶᠠᠩᠰᠤ ᠵᠡᠷᠭᠡ ᠭᠠᠵᠠᠷ ᠲᠤ ᠪᠠᠰᠠ ︽ᠰᠠᠭᠤᠭᠠᠯᠢ ᠠᠷᠠᠳ ᠤᠨ ᠴᠠᠬᠢᠯᠭᠠᠨ ᠬᠡᠷᠡᠭᠯᠡᠬᠦ ᠦᠨ᠎ᠡ ᠬᠠᠨᠭ᠍ᠰᠢ ᠶᠢ ᠦᠡᠭᠭᠡᠷᠡᠭᠰᠡᠨ ᠤ ᠠᠷᠭ᠎ᠠ ᠪᠠᠷ ᠪᠤᠳᠤᠬᠤ ᠶᠢ | ᠥᠭᠡᠷᠡᠴᠢᠯᠡᠨ ᠱᠠᠳᠤ ᠦᠶ᠎ᠡ ᠬᠤᠪᠢᠶᠠᠨ ᠪᠤᠳᠤᠬᠤ ᠭᠡᠵᠦ ᠪᠠᠶᠢᠨ᠎ᠠ︾ ᠭᠡᠰᠡᠨ ᠬᠤᠯᠪᠣᠭᠳᠠᠯ ᠪᠦᠬᠦᠢ ᠮᠡᠳᠡᠭᠡ ᠵᠠᠩᠭᠢ ᠲᠠᠮᠵᠢᠭᠳᠠᠵᠦ ᠪᠠᠶᠢᠪᠠ᠂ ᠠᠯᠪᠠᠨ ᠤ | ᠲᠠᠯ᠎ᠠ ᠶᠢᠨ ᠬᠢᠨ ᠡᠳᠡᠭᠡᠷ ᠴᠤᠤᠷᠬᠠᠯ ᠢ ᠴᠦᠮ ᠨᠢᠴᠤᠭᠠᠵᠠᠢ᠃ |