ᠵᠧᠩ ᠶᠠᠩ ᠵᠡᠭᠡᠯᠢ ᠭᠤᠳᠤᠮᠵᠢ᠄ ᠠᠵᠢᠯ ᠳᠤ ᠪᠠᠶᠢᠭ᠎ᠠ ᠨᠠᠮ ᠤᠨ ᠭᠡᠰᠢᠭᠦᠨ ᠨᠡᠶᠢᠭᠡᠮ ᠲᠣᠭᠤᠷᠢᠭ ᠲᠤ ᠣᠷᠣᠵᠤ ᠦᠨᠡᠨ ᠰᠡᠳᠬᠢᠯ ᠠᠴᠠ ᠪᠠᠨ ᠠᠷᠠᠳ ᠤᠨ ᠰᠡᠳᠬᠢᠯ ᠢ ᠳᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2024/6/11
    ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠪᠣᠯᠬᠤ ᠭᠡᠵᠦ ᠪᠠᠶᠢᠭ᠎ᠠ ᠦᠶ᠎ᠡ ᠳᠤ ᠬᠦᠴᠢᠷᠳᠡᠯ ᠲᠠᠢ ᠡᠮᠡᠭᠲᠡᠶᠢᠴᠦᠳ ᠢ ᠬᠠᠯᠠᠭᠤᠨ ᠳᠤᠯᠠᠭᠠᠨ ᠵᠣᠯ ᠵᠢᠷᠭᠠᠯᠲᠤ ᠪᠠᠶᠠᠷ ᠤᠨ ᠡᠳᠦᠷ ᠢ ᠥᠩᠭᠡᠷᠡᠭᠦᠯᠬᠦ ᠶᠢᠨ ᠲᠥᠯᠥᠭᠡ᠂ 6 ᠰᠠᠷ᠎ᠠ ᠶᠢᠨ 7 ᠤ ᠡᠳᠦᠷ ᠤᠨ ᠦᠳᠡ ᠶᠢᠨ ᠡᠮᠦᠨ᠎ᠡ᠂ ᠵᠧᠩ ᠶᠠᠩ ᠵᠡᠭᠡᠯᠢ ᠭᠤᠳᠤᠮᠵᠢ ᠶᠢᠨ ᠶᠠᠨ ᠾᠧ ᠨᠡᠶᠢᠭᠡᠮ ᠲᠣᠭᠤᠷᠢᠭ ᠤᠨ ᠬᠢᠨ ᠬᠤᠲᠠ ᠶᠢᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠠᠵᠢᠯ ᠳᠤ ᠪᠠᠶᠢᠭ᠎ᠠ ᠨᠠᠮ ᠤᠨ ᠭᠡᠰᠢᠭᠦᠳ ᠲᠠᠢ ᠬᠠᠮᠲᠤᠷᠠᠨ ︽ᠠᠵᠢᠯ ᠳᠤ ᠪᠠᠶᠢᠭ᠎ᠠ ᠨᠠᠮ ᠤᠨ ᠭᠡᠰᠢᠭᠦᠨ ᠨᠡᠶᠢᠭᠡᠮ ᠲᠣᠭᠤᠷᠢᠭ ᠲᠤ ᠣᠷᠣᠵᠤ · ᠦᠨᠡᠨ ᠰᠡᠳᠬᠢᠯ ᠢᠶᠠᠷ ᠠᠷᠠᠳ ᠤᠨ ᠰᠡᠳᠬᠢᠯ ᠢ ᠳᠤᠯᠠᠭᠠᠴᠠᠭᠤᠯᠬᠤ︾ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠂ ᠬᠦᠴᠢᠷᠳᠡᠯ ᠳᠤ ᠲᠤᠯᠭᠠᠷᠠᠭᠰᠠᠨ ᠡᠮᠡᠭᠲᠡᠶᠢᠴᠦᠳ ᠤᠨ ᠬᠡᠷ ᠪᠦᠯᠢ ᠳᠤ ᠽᠦᠩᠽᠢ᠂ ᠲᠠᠬᠢᠶᠠᠨ ᠥᠨᠳᠡᠭᠡ ᠵᠡᠷᠭᠡ ᠲᠣᠬᠤᠨᠢᠭᠤᠯᠬᠤ ᠪᠣᠳᠠᠰ ᠬᠦᠷᠭᠡᠨ ᠥᠭᠴᠦ᠂ ᠲᠡᠳᠡᠨ ᠢ ᠪᠠᠶᠠᠷ ᠬᠥᠷ ᠲᠠᠢ᠂ ᠥᠯᠵᠡᠶ ᠪᠡᠯᠭᠡ ᠲᠠᠢ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠢ ᠥᠩᠭᠡᠷᠡᠭᠦᠯᠪᠡ᠃     ᠲᠣᠬᠤᠨᠢᠭᠤᠯᠬᠤ ᠶᠠᠪᠤᠴᠠ ᠳᠤ᠂ ᠡᠮᠡᠭᠲᠡᠶᠢᠴᠦᠳ ᠤᠨ ᠬᠤᠯᠪᠣᠭ᠎ᠠ ᠶᠢᠨ ᠠᠵᠢᠯ ᠳᠤ ᠪᠠᠶᠢᠭ᠎ᠠ ᠨᠠᠮ ᠤᠨ ᠭᠡᠰᠢᠭᠦᠨ ᠬᠦᠴᠢᠷᠳᠡᠯ ᠳᠤ ᠲᠤᠯᠭᠠᠷᠠᠭᠰᠠᠨ ᠭᠡᠷ ᠪᠦᠯᠢ ᠲᠠᠢ ᠳᠣᠲᠣᠨᠣ ᠪᠠᠷ ᠶᠠᠷᠢᠯᠴᠠᠵᠤ᠂ ᠲᠡᠳᠡᠨ ᠤ ᠠᠮᠢᠳᠤᠷᠠᠯ ᠤᠨ ᠪᠠᠶᠢᠳᠠᠯ ᠪᠣᠯᠤᠨ ᠬᠦᠴᠢᠷᠳᠡᠯ ᠢ ᠨᠠᠷᠢᠨ ᠣᠶᠢᠯᠠᠭᠠᠵᠤ᠂ ᠲᠡᠳᠡᠨ ᠤ ᠰᠡᠳᠬᠢᠯ ᠤᠨ ᠦᠭᠡ ᠶᠢ ᠨᠠᠷᠢᠨ ᠰᠣᠨᠣᠰᠴᠤ᠂ ᠲᠡᠳᠡᠨ ᠢ ᠪᠡᠶ᠎ᠡ ᠪᠠᠨ ᠬᠢᠴᠢᠶᠡᠵᠦ᠂ ᠪᠡᠶ᠎ᠡ ᠪᠠᠨ ᠳᠠᠭᠠᠭᠠᠵᠤ ᠬᠦᠴᠦᠷᠬᠡᠭᠵᠢᠬᠦ᠂ ᠪᠠᠶᠠᠰᠤᠩᠭᠤᠢ ᠢᠳᠡᠪᠬᠢᠲᠡᠢ ᠠᠮᠢᠳᠤᠷᠠᠯ ᠤᠨ ᠢᠲᠡᠭᠡᠯ ᠪᠢᠰᠢᠷᠡᠯ ᠲᠠᠢ ᠪᠣᠯᠬᠤ ᠬᠡᠷᠡᠭᠲᠡᠢ ᠭᠡᠵᠦ ᠵᠠᠬᠢᠪᠠ᠃ ᠬᠦᠴᠢᠷᠳᠡᠯ ᠲᠠᠢ ᠡᠮᠡᠭᠲᠡᠶᠢᠴᠦᠳ ᠢᠯᠡᠷᠬᠡᠶᠢᠯᠡᠬᠦ ᠳᠡᠭᠡᠨ᠂ ᠡᠨᠡ ᠬᠦ ᠬᠠᠶᠢᠷ᠎ᠠ ᠬᠠᠯᠠᠮᠵᠢ ᠪᠠ ᠵᠥᠩᠨᠡᠯ ᠢᠶᠠᠷ ᠳᠦᠭᠦᠷᠡᠩ ᠽᠦᠩᠽᠢ ᠪᠣᠯ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠬᠠᠮᠤᠭ ᠤᠨ ᠬᠠᠯᠠᠭᠤᠨ ᠳᠣᠲᠣᠨᠣ ᠪᠡᠯᠡᠭ ᠮᠥᠨ᠂ ᠡᠨᠡ ᠨᠢ ᠲᠡᠳᠡᠨ ᠳᠤ ᠦᠨᠡᠨ ᠬᠦ ᠬᠠᠯᠠᠭᠤᠨ ᠳᠤᠯᠠᠭᠠᠨ ᠢ ᠬᠦᠷᠲᠡᠭᠡᠭᠰᠡᠨ ᠶᠤᠮ ᠭᠡᠵᠡᠶ᠃    ᠲᠣᠰ ᠤᠳᠠᠭᠠᠨ ᠤ ᠲᠣᠬᠤᠨᠢᠭᠤᠯᠬᠤ ᠠᠵᠢᠯᠯᠠᠭ᠎ᠠ ᠪᠠᠷ ᠳᠠᠮᠵᠢᠭᠤᠯᠤᠨ᠂ ᠬᠠᠷᠢᠶᠠᠲᠤ ᠣᠷᠣᠨ ᠤ ᠶᠠᠳᠠᠭᠤ ᠬᠦᠴᠢᠷᠳᠡᠯᠲᠡᠶ ᠡᠮᠡᠭᠲᠡᠶ ᠣᠯᠠᠨ ᠲᠦᠮᠡᠨ ᠳᠤ ᠨᠠᠮ ᠪᠠ ᠵᠠᠰᠠᠭ ᠤᠨ ᠣᠷᠳᠣᠨ ᠤ ᠬᠠᠯᠠᠮᠵᠢᠯᠠᠯ ᠪᠠ ᠬᠠᠯᠠᠭᠤᠨ ᠳᠤᠯᠠᠭᠠᠨ ᠢ ᠣᠶᠢᠯᠠᠭᠠᠭᠤᠯᠵᠤ᠂ ᠶᠠᠳᠠᠭᠤ ᠬᠦᠴᠢᠷᠳᠡᠯᠲᠡᠶ ᠡᠮᠡᠭᠲᠡᠶᠢᠴᠦᠳ ᠤᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ ᠨᠡᠮᠡᠭᠳᠡᠭᠦᠯᠦᠨ᠂ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠪᠠ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ