ᠵᠠᠯᠠᠨ ᠠᠶᠢᠯ ᠬᠤᠲᠠ ᠶᠢᠨ ᠵᠠᠮ ᠬᠠᠷᠢᠯᠴᠠᠭᠠᠨ ᠤ ᠮᠣᠷᠢᠲᠤ ᠴᠠᠭᠳᠠᠭ᠎ᠠ ᠶᠢᠨ ᠠᠩᠭᠢ ᠠᠵᠢᠯ ᠤᠨ ᠪᠠᠶᠢᠷᠢ ᠳᠤ ᠭᠠᠷᠴᠤ ᠵᠢᠵᠢᠭᠦᠷᠯᠡᠪᠡ
ᠨᠡᠶᠢᠲᠡᠯᠡᠭᠰᠡᠨ ᠴᠠᠭ᠄
2024/6/12
扎兰屯市交通骑警队上岗执勤1.jpg
扎兰屯市交通骑警队上岗执勤2.jpg
    6 ᠰᠠᠷ᠎ᠠ ᠶᠢᠨ 6 ᠤ ᠡᠳᠦᠷ᠂ ᠵᠠᠯᠠᠨ ᠠᠶᠢᠯ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠠᠮ ᠬᠠᠷᠢᠯᠴᠠᠭᠠᠨ ᠤ ᠮᠣᠷᠢᠲᠤ ᠴᠠᠭᠳᠠᠭ᠎ᠠ ᠶᠢᠨ ᠠᠩᠭᠢ ᠪᠠᠶᠢᠭᠤᠯᠵᠤ᠂ ᠲᠤᠭ ᠣᠯᠭᠤᠬᠤ ᠵᠢᠴᠢ ︽ᠵᠠᠯᠠᠨ ᠠᠶᠢᠯ ᠬᠤᠲᠠ ᠶᠢᠨ ᠮᠣᠷᠢᠲᠤ ᠴᠠᠭᠳᠠᠭ᠎ᠠ︾ ᠶᠢᠨ ᠡᠬᠢᠯᠡᠯᠲᠡ ᠶᠢᠨ ᠶᠣᠰᠣᠯᠠᠯ ᠶᠠᠪᠤᠭᠤᠯᠪᠠ᠃ ᠬᠤᠳᠠ ᠶᠢᠨ ᠤᠳᠤᠷᠢᠳᠤᠯᠭ᠎ᠠ ᠰᠦᠩ ᠬᠤᠢ᠂ ᠯᠦ ᠢᠩ᠂ ᠯᠦ ᠸᠧᠨ ᠹᠧᠩ ᠠᠵᠢᠯᠯᠠᠭ᠎ᠠ ᠳᠤ ᠣᠷᠣᠯᠴᠠᠪᠠ᠃ ᠵᠢᠯᠤᠭᠤᠳᠤᠭᠴᠢ ᠶᠢᠨ ᠵᠠᠷᠯᠢᠭ ᠢᠶᠠᠷ᠂ ᠰᠢᠨ᠎ᠡ ᠪᠠᠷ ᠪᠠᠶᠢᠭᠤᠯᠤᠭᠳᠠᠭᠰᠠᠨ︽ᠵᠠᠯᠠᠨ ᠠᠶᠢᠯ ᠤᠨ ᠮᠣᠷᠢᠲᠤ ᠴᠠᠭᠳᠠᠭ᠎ᠠ︾ᠠᠩᠬ᠎ᠠ ᠤᠳᠠᠭ᠎ᠠ ᠵᠠᠮ ᠳᠤ ᠭᠠᠷᠴᠤ ᠴᠠᠭᠳᠠᠨ ᠡᠵᠡᠮᠳᠡᠬᠦ ᠠᠵᠢᠯᠯᠠᠭ᠎ᠠ ᠥᠷᠨᠢᠭᠦᠯᠪᠡ᠂ ᠡᠨᠡ ᠨᠢ ᠵᠠᠯᠠᠨ ᠠᠶᠢᠯ ᠬᠤᠲᠠ ᠶᠢᠨ ᠲᠣᠭᠤᠷᠢᠭ ᠤᠨ ᠲᠤᠤᠷᠴᠢᠯᠠᠭᠰᠠᠨ ᠴᠠᠭᠳᠠᠨ ᠪᠠᠶᠢᠴᠠᠭᠠᠵᠤ ᠰᠡᠷᠭᠡᠶᠢᠯᠡᠨ ᠡᠵᠡᠮᠳᠡᠬᠦ ᠰᠢᠨ᠎ᠡ ᠲᠣᠭᠲᠠᠴᠠ ᠵᠢᠩᠬᠢᠨᠢ ᠪᠠᠷ ᠡᠬᠢᠯᠡᠭᠰᠡᠨ ᠢ ᠬᠠᠷᠠᠭᠤᠯᠵᠤ ᠪᠤᠢ᠃    ᠣᠶᠢᠯᠠᠭᠠᠭᠰᠠᠨ ᠢᠶᠠᠷ᠂ ᠵᠠᠯᠠᠨ ᠠᠶᠢᠯ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ 2024 ᠣᠨ ᠤ 5 ᠰᠠᠷ᠎ᠠ ᠶᠢᠨ 19 ᠤ ᠡᠳᠦᠷ ᠠᠴᠠ ᠡᠬᠢᠯᠡᠨ ᠣᠨᠴᠠ ᠴᠠᠭᠳᠠᠭ᠎ᠠ ᠶᠢᠨ ᠶᠡᠭᠡ ᠠᠩᠭᠢ᠂ ᠲᠣᠮᠢᠯᠠᠭᠰᠠᠨ ᠰᠠᠯᠪᠤᠷᠢ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠠᠴᠠ 30 ᠰᠢᠯᠢᠳᠡᠭ ᠴᠠᠭᠳᠠᠭ᠎ᠠ ᠶᠢᠨ ᠬᠦᠴᠦᠨ ᠢ ᠰᠣᠩᠭᠤᠵᠤ ︽ᠵᠠᠯᠠᠨ ᠲᠣᠰᠬᠤᠨ ᠤ ᠮᠣᠷᠢᠲᠤ ᠴᠠᠭᠳᠠᠭ᠎ᠠ︾ ᠶᠢ ᠵᠣᠬᠢᠶᠠᠨ ᠪᠠᠶᠢᠭᠤᠯᠪᠠ᠃ ︽ᠵᠠᠯᠠᠨ ᠠᠶᠢᠯ ᠤᠨ ᠮᠣᠷᠢᠲᠤ ᠴᠠᠭᠳᠠᠭ᠎ᠠ︾ ︽ᠠᠳᠡᠯ ᠬᠡᠷᠡᠭ ᠢ ᠳᠠᠷᠤᠵᠤ᠂ ᠦᠬᠦᠯ ᠰᠢᠷᠬᠠᠲᠤᠯ ᠢ ᠪᠠᠭᠠᠰᠬᠠᠨ᠂ ᠦᠢᠯᠡᠴᠢᠯᠡᠭᠡ ᠶᠢ ᠴᠢᠩᠭᠠᠳᠬᠠᠵᠤ᠂ ᠰᠠᠭᠠᠳ ᠦᠭᠡᠶ ᠨᠡᠪᠲᠡᠷᠡᠬᠦ ᠶᠢ ᠪᠠᠲᠤᠯᠠᠬᠤ︾ ᠠᠵᠢᠯ ᠤᠨ ᠱᠠᠭᠠᠷᠳᠠᠯᠭ᠎ᠠ ᠶᠢᠨ ᠲᠣᠭᠤᠷᠢᠨ ᠳᠤ᠂ ᠬᠠᠮᠤᠭ ᠤᠨ ᠴᠢᠩᠭ᠎ᠠ ᠱᠠᠭᠠᠷᠳᠠᠯᠭ᠎ᠠ ᠪᠠᠷ ᠬᠠᠮᠤᠭ ᠤᠨ ᠪᠣᠳᠠᠲᠠᠢ ᠰᠤᠷᠲᠠᠯ ᠢ ᠢᠯᠡᠷᠡᠭᠦᠯᠵᠦ᠂ ᠬᠠᠮᠤᠭ ᠤᠨ ᠬᠠᠯᠠᠭᠤᠨ ᠰᠡᠳᠬᠢᠯᠭᠡ ᠪᠠᠷ ᠬᠠᠮᠤᠭ ᠤᠨ ᠰᠢᠯᠢᠳᠡᠭ ᠦᠢᠯᠡᠴᠢᠯᠡᠭᠡ ᠬᠠᠩᠭᠠᠵᠤ᠂ ᠬᠠᠮᠤᠭ ᠤᠨ ᠥᠨᠳᠥᠷ ᠪᠠᠷᠢᠮᠵᠢᠶ᠎ᠠ ᠪᠠᠷ ᠬᠠᠮᠤᠭ ᠤᠨ ᠬᠦᠴᠦᠷᠬᠡᠭ ᠲᠡᠮᠦᠷ ᠴᠡᠷᠢᠭ ᠢ ᠳᠠᠪᠲᠠᠨ ᠪᠣᠯᠪᠠᠰᠤᠷᠠᠭᠤᠯᠵᠤ᠂ ᠰᠢᠨ᠎ᠡ ᠴᠢᠨᠠᠷ ᠤᠨ ᠲᠠᠶᠢᠴᠢᠨ ᠬᠦᠴᠦᠨ ᠢ ᠲᠦᠷᠭᠡᠨ ᠳᠡᠭᠡᠭᠰᠢᠯᠡᠭᠦᠯᠵᠦ᠂ ᠤᠯᠠᠨ ᠲᠦᠮᠡᠨ ᠤ ᠠᠮᠤᠷ ᠲᠦᠪᠰᠢᠨ ᠢᠶᠠᠷ ᠶᠠᠪᠤᠵᠤ ᠰᠠᠭᠤᠬᠤ ᠶᠢ ᠪᠠᠲᠤᠯᠠᠵᠤ᠂ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ ᠠᠬᠢᠭᠤᠯᠬᠤ ᠳᠤ ᠳᠣᠲᠣᠭᠠᠳᠤ ᠶᠢ ᠬᠠᠮᠠᠭᠠᠯᠠᠬᠤ ᠬᠦᠴᠦᠨ ᠢᠶᠠᠨ ᠡᠷᠭᠦᠵᠦ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠦᠨ᠎ᠡ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ