ᠰᠢᠶᠠᠩ ᠶᠠᠩ ᠵᠡᠭᠡᠯᠢ ᠭᠤᠳᠤᠮᠵᠢ ᠲᠡᠮᠦᠷ ᠵᠠᠮ ᠳᠠᠭᠠᠤ ᠶᠢᠨ ᠠᠮᠤᠷ ᠲᠦᠪᠰᠢᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/12
    ᠬᠠᠷᠢᠶ᠎ᠠ ᠣᠷᠣᠨ ᠤ ᠲᠡᠮᠦᠷ ᠵᠠᠮ ᠳᠠᠭᠠᠤ ᠶᠢᠨ ᠣᠷᠴᠢᠨ ᠲᠣᠭᠤᠷᠢᠨ ᠤ ᠠᠮᠤᠷ ᠲᠦᠪᠰᠢᠨ ᠤ ᠵᠠᠰᠠᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠲᠡᠮᠦᠷ ᠵᠠᠮ ᠳᠠᠭᠠᠤ ᠶᠢᠨ ᠣᠷᠴᠢᠨ ᠲᠣᠭᠤᠷᠢᠨ ᠤ ᠵᠠᠰᠠᠯᠲᠠ ᠶᠢᠨ ᠠᠵᠢᠯ ᠢ ᠴᠢᠩᠭᠠᠳᠬᠠᠵᠤ᠂ ᠲᠡᠮᠦᠷ ᠵᠠᠮ ᠳᠠᠭᠠᠤ ᠶᠢᠨ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ 6 ᠰᠠᠷ᠎ᠠ ᠶᠢᠨ 7  ᠤ ᠡᠳᠦᠷ᠂ ᠰᠢᠶᠠᠩ ᠶᠠᠩ ᠵᠡᠭᠡᠯᠢ ᠭᠤᠳᠤᠮᠵᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠬᠢ ᠨᠡᠶᠢᠭᠡᠮ ᠲᠣᠭᠤᠷᠢᠭ ᠤᠨ ᠺᠠᠳ᠋ᠷ ᠲᠠᠢ ᠬᠠᠮᠲᠤᠷᠠᠨ ᠲᠡᠮᠦᠷ ᠵᠠᠮ ᠳᠠᠭᠠᠤ ᠶᠢᠨ ᠠᠮᠤᠷ ᠲᠦᠪᠰᠢᠨ ᠤ ᠣᠷᠴᠢᠨ ᠲᠣᠭᠤᠷᠢᠨ ᠤ ᠵᠠᠰᠠᠯᠲᠠ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃    ᠬᠠᠤᠯᠢ ᠬᠡᠷᠡᠭᠵᠢᠭᠦᠯᠬᠦ ᠠᠩᠭᠢ ᠶᠢᠨ ᠭᠡᠰᠢᠭᠦᠳ ᠲᠤᠬᠠᠶ ᠶᠢᠨ ᠭᠠᠵᠠᠷ ᠲᠤᠨᠢ ᠬᠦᠷᠴᠦ ᠡᠷᠬᠢᠨ ᠲᠣᠭᠤᠷᠢᠨ ᠤ ᠣᠯᠠᠨ ᠲᠦᠮᠡᠨ ᠤ ᠮᠠᠳᠠᠭ ᠲᠠᠢ ᠠᠰᠠᠭᠤᠳᠠᠯ ᠢ ᠰᠢᠢᠳᠪᠦᠷᠢᠯᠡᠬᠦ᠂ ᠠᠮᠤᠷ ᠲᠦᠪᠰᠢᠨ ᠤ ᠳᠠᠯᠳᠠ ᠬᠡᠮ ᠢ ᠬᠠᠮᠲᠤ ᠪᠠᠷ ᠵᠢᠭᠰᠠᠭᠠᠨ ᠪᠠᠶᠢᠴᠠᠭᠠᠬᠤ᠂ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ ᠲᠠᠶᠢᠯᠪᠤᠷᠢᠯᠠᠬᠤ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠶᠢ ᠬᠠᠷᠢᠯᠴᠠᠨ ᠤᠶᠠᠯᠳᠤᠭᠤᠯᠵᠤ᠂ ᠲᠡᠮᠦᠷ ᠵᠠᠮ ᠤᠨ ᠠᠮᠤᠷ ᠲᠦᠪᠰᠢᠨ ᠤ ᠮᠡᠳᠡᠯᠭᠡ ᠶᠢᠨ ᠤᠬᠠᠭᠤᠯᠭ᠎ᠠ ᠶᠢ ᠥᠷᠨᠢᠭᠦᠯᠬᠦ ᠬᠡᠷᠡᠭᠲᠡᠶ᠃ ᠣᠯᠠᠨ ᠲᠦᠮᠡᠨ ᠤ ᠲᠡᠮᠦᠷ ᠵᠠᠮ ᠳᠡᠭᠡᠷ᠎ᠡ ᠶᠠᠪᠤᠵᠤ ᠰᠠᠭᠤᠬᠤ ᠳᠤ ᠰᠠᠭᠠᠲᠠᠵᠤ ᠪᠣᠯᠬᠤ ᠥᠬᠡᠶ᠂ ᠲᠡᠮᠦᠷ ᠵᠠᠮ ᠳᠠᠭᠠᠤ ᠳᠤ ᠵᠢᠯᠣᠭᠤᠴᠢ ᠶᠢᠨ ᠬᠠᠷᠠᠭ᠎ᠠ ᠶᠢ ᠨᠥᠯᠥᠭᠡᠯᠡᠬᠦ ᠥᠨᠳᠥᠷ ᠵᠢᠶᠠᠰᠠ ᠲᠠᠢ ᠲᠠᠷᠢᠮᠠᠯ ᠳᠠᠷᠢᠬᠤ ᠥᠬᠡᠶ ᠪᠠᠶᠢᠬᠤ ᠶᠢ ᠰᠠᠨᠠᠭᠠᠴᠢᠯᠠᠵᠤ᠂ ᠬᠤᠤᠷ ᠬᠥᠨᠥᠭᠡᠯ ᠢ ᠲᠣᠳᠣᠷᠬᠠᠶᠢᠯᠠᠵᠤ᠂ ᠲᠡᠮᠦᠷ ᠵᠠᠮ ᠤᠨ ᠲᠣᠭᠲᠠᠭᠠᠯ ᠢ ᠤᠬᠠᠮᠰᠠᠷ  ᠠᠴᠠ ᠪᠠᠨ ᠵᠢᠷᠤᠮᠯᠠᠬᠤ ᠬᠠᠷᠢᠭᠤᠴᠠᠯᠭᠠᠲᠤ ᠤᠬᠠᠮᠰᠠᠷ ᠢ ᠳᠡᠭᠡᠭᠰᠢᠯᠡᠭᠦᠯᠬᠦ ᠬᠡᠷᠡᠭᠲᠡᠶ᠃ ᠬᠠᠤᠯᠢ ᠬᠡᠷᠡᠭᠵᠢᠭᠦᠯᠬᠦ ᠠᠩᠭᠢ ᠶᠢᠨ ᠭᠡᠰᠢᠭᠦᠳ ᠤᠨ ᠢᠳᠬᠠᠯ ᠢᠶᠠᠷ ᠬᠠᠷᠢᠶ᠎ᠠ ᠣᠷᠣᠨ ᠤ ᠰᠠᠭᠤᠭᠠᠯᠢ ᠠᠷᠠᠳ ᠰᠠᠨᠠᠭᠠᠴᠢᠯᠠᠭ᠎ᠠ ᠠᠴᠠ ᠪᠠᠨ ᠲᠡᠮᠦᠷ ᠵᠠᠮ ᠳᠠᠭᠠᠤ ᠶᠢᠨ ᠠᠮᠤᠷ ᠲᠦᠪᠰᠢᠨ ᠣᠷᠣᠨ ᠪᠦᠰᠡ ᠠᠴᠠ ᠳᠠᠪᠠᠭᠰᠠᠨ ᠲᠠᠷᠢᠮᠠᠯ ᠤᠨ ᠵᠦᠢᠯ᠂ ᠮᠣᠳᠣᠨ ᠰᠠᠯᠠᠭ᠎ᠠ ᠡᠯᠳᠡᠪ ᠪᠣᠳᠠᠰ ᠵᠡᠷᠭᠡ ᠶᠢ ᠴᠡᠪᠡᠷᠯᠡᠵᠦ᠂ ᠠᠮᠤᠷ ᠲᠦᠪᠰᠢᠨ ᠴᠡᠪᠡᠷ ᠲᠡᠭᠰᠢ ᠡᠮᠬᠢ ᠳᠢᠭᠯᠢᠮ ᠲᠠᠢ ᠲᠡᠮᠦᠷ ᠵᠠᠮ ᠳᠠᠭᠠᠤ ᠶᠢᠨ ᠣᠷᠴᠢᠨ ᠲᠣᠭᠤᠷᠢᠨ ᠢ ᠬᠠᠮᠲᠤᠪᠠᠷ ᠬᠠᠮᠠᠭᠠᠯᠠᠪᠠ᠃    ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠣᠯᠠᠨ ᠲᠦᠮᠡᠨ ᠤ ᠵᠠᠮ ᠬᠠᠶᠢᠷᠠᠯᠠᠨ ᠬᠠᠮᠠᠭᠠᠯᠠᠬᠤ ᠠᠵᠢᠯ ᠳᠤ ᠣᠷᠣᠯᠴᠠᠬᠤ ᠢᠳᠡᠪᠬᠢᠵᠢᠯ ᠢ ᠤᠯᠠᠮ ᠨᠢᠭᠡ ᠠᠯᠬᠤᠮ ᠳᠠᠶᠢᠴᠢᠯᠠᠵᠤ᠂  ᠲᠠᠷᠠᠭᠠᠴᠢ ᠶᠢᠨ ᠠᠯᠬᠤᠮ ᠳᠤ ᠰᠢᠶᠠᠩ ᠶᠠᠩ ᠵᠡᠭᠡᠯᠢ ᠭᠤᠳᠤᠮᠵᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ᠲᠣᠰ ᠤᠳᠠᠭᠠᠨ ᠤ ᠠᠵᠢᠯᠯᠠᠭ᠎ᠠ ᠪᠠᠷ ᠲᠣᠬᠢᠶᠠᠯ ᠪᠣᠯᠭᠠᠨ᠂ ᠬᠠᠤᠯᠢ ᠴᠠᠭᠠᠵᠠ ᠬᠠᠤᠯᠢ ᠲᠣᠭᠲᠠᠭᠠᠯ ᠪᠠ ᠲᠡᠮᠦᠷ ᠵᠠᠮ ᠤᠨ ᠠᠮᠤᠷ ᠲᠦᠪᠰᠢᠨ ᠤ ᠮᠡᠳᠡᠯᠭᠡ ᠶᠢ ᠦᠷᠭᠦᠯᠵᠢᠯᠡᠨ ᠥᠷᠭᠡᠨ ᠢᠶᠠᠷ ᠤᠬᠠᠭᠤᠯᠤᠨ ᠲᠠᠶᠢᠯᠪᠤᠷᠢᠯᠠᠵᠤ᠂ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ᠂ ᠲᠡᠮᠦᠷ ᠵᠠᠮ ᠤᠨ ᠡᠷᠬᠢᠨ ᠲᠣᠭᠤᠷᠢᠨ ᠤ ᠣᠷᠴᠢᠨ ᠲᠣᠭᠤᠷᠢᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠶᠢ ᠴᠢᠩᠭᠠᠳᠬᠠᠨ᠂ ᠵᠠᠮ ᠬᠠᠶᠢᠷᠠᠯᠠᠨ ᠬᠠᠮᠠᠭᠠᠯᠠᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠨ᠎ᠠ᠃ 
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ