ᠬᠥᠯᠥᠨ ᠪᠤᠶᠢᠷ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠵᠠᠯᠠᠨ ᠠᠶᠢᠯ ᠬᠤᠲᠠ ᠳᠤ ᠭᠦᠨᠵᠡᠭᠡᠶᠢᠷᠡᠨ ᠪᠥᠬᠦ ᠤᠯᠤᠰ ᠤᠨ ᠵᠠᠯᠠᠭᠤᠴᠤᠳ ᠪᠠᠭᠠᠴᠤᠳ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠤᠨᠴᠠᠯᠢᠭᠳᠤ ᠰᠤᠷᠭᠠᠭᠤᠯᠢ ᠶᠢ ᠳᠠᠬᠢᠨ ᠬᠢᠨᠠᠬᠤ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2024/6/17
    ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠡᠷᠡᠭᠦᠯ ᠪᠥᠭᠡᠳ ᠦᠷᠭᠦᠯᠵᠢᠯᠡᠨ ᠴᠢᠨᠠᠷ ᠰᠠᠶᠢᠲᠠᠶ ᠬᠥᠭᠵᠢᠬᠦ ᠶᠢ ᠳᠥᠯᠭᠢᠨ ᠠᠬᠢᠭᠤᠯᠬᠤ ᠶᠢᠨ ᠲᠥᠯᠥᠭᠡ᠂ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠥᠭᠡᠷᠡᠴᠢᠯᠡᠯᠲᠡ ᠬᠥᠭᠵᠢᠯᠲᠡ ᠶᠢᠨ ᠰᠢᠰᠲ᠋ᠧᠮᠲᠦ ᠴᠢᠨᠠᠷ᠂ ᠪᠦᠬᠦᠯᠢ ᠴᠣᠭᠴᠠᠲᠤ ᠴᠢᠨᠠᠷ᠂ ᠬᠠᠮᠵᠢᠯᠴᠠᠬᠤ ᠴᠢᠨᠠᠷ ᠢ ᠴᠢᠩᠭᠠᠷᠠᠭᠤᠯᠤᠨ᠎ᠠ᠃ 2024 ᠣᠨ ᠤ 6 ᠰᠠᠷ᠎ᠠ ᠶᠢᠨ 12 ᠤᠨ ᠡᠳᠦᠷ ᠠᠴᠠ ᠡᠬᠢᠯᠡᠨ᠂ ᠬᠥᠯᠥᠨ ᠪᠤᠶᠢᠷ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠪᠡᠶ᠎ᠡ ᠶᠢᠨ ᠲᠠᠮᠢᠷ ᠡᠷᠡᠭᠦᠯ ᠬᠠᠮᠠᠭᠠᠯᠠᠯ ᠤᠷᠠᠯᠢᠭ ᠬᠥᠳᠡᠯᠮᠦᠷᠢ ᠶᠢᠨ ᠰᠢᠨᠵᠢᠯᠡᠬᠦ ᠤᠬᠠᠭᠠᠨ ᠤ ᠰᠠᠯᠠᠭ᠎ᠠ ᠮᠥᠴᠢᠷ ᠮᠠᠨ ᠤ ᠬᠤᠲᠠ ᠳᠤ ᠭᠦᠨᠵᠡᠭᠡᠶᠢᠷᠡᠨ ᠪᠥᠬᠦ ᠤᠯᠤᠰ ᠤᠨ ᠵᠠᠯᠠᠭᠤᠴᠤᠳ ᠪᠠᠭᠠᠴᠤᠳ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠤᠨᠴᠠᠯᠢᠭᠳᠤ ᠰᠤᠷᠭᠠᠭᠤᠯᠢ ᠶᠢ ᠳᠠᠬᠢᠨ ᠬᠢᠨᠠᠬᠤ ᠠᠵᠢᠯ ᠢ‌ᠥᠷᠨᠢᠭᠦᠯᠪᠡ᠃    ᠰᠢᠪᠠᠳᠠᠨ ᠵᠢᠯᠣᠭᠤᠳᠬᠤ ᠳᠤᠭᠤᠶᠢᠯᠠᠩ ᠤᠨ ᠬᠢᠨ ︽ᠪᠥᠬᠦ ᠤᠯᠤᠰ ᠤᠨ ᠵᠠᠯᠠᠭᠤᠴᠤᠳ ᠪᠠᠭᠠᠴᠤᠳ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠤᠨᠴᠠᠯᠢᠭᠳᠤ ᠰᠤᠷᠭᠠᠭᠤᠯᠢ ᠶᠢ ᠦᠨᠡᠯᠡᠨ ᠲᠣᠭᠲᠠᠭᠠᠬᠤ ᠭᠦᠢᠴᠡᠳᠭᠡᠯ ᠲᠤᠭ᠎ᠠ ᠬᠢᠭᠡᠳ ᠨᠠᠷᠢᠨ ᠲᠦᠷᠢᠮ︾ ᠤᠨ ᠲᠣᠭᠤᠷᠢᠨ ᠳᠤ᠂ ᠨᠢᠭᠡᠨᠲᠡ ᠮᠠᠭᠠᠳᠯᠠᠨ ᠲᠣᠭᠲᠠᠭᠠᠭᠰᠠᠨ ᠪᠥᠬᠦ ᠤᠯᠤᠰ ᠤᠨ ᠵᠠᠯᠠᠭᠤᠴᠤᠳ ᠪᠠᠭᠠᠴᠤᠳ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠤᠨᠴᠠᠯᠢᠭᠳᠤ ᠰᠤᠷᠭᠠᠭᠤᠯᠢ ᠳᠤ ᠪᠦᠬᠦᠨ ᠢ ᠬᠠᠮᠤᠷᠤᠭᠰᠠᠨ ᠳᠠᠬᠢᠨ ᠬᠢᠨᠠᠯᠲᠠ ᠬᠢᠨ᠎ᠠ᠃ ᠳᠠᠬᠢᠨ ᠬᠢᠨᠠᠬᠤ ᠠᠵᠢᠯ ᠤᠨ ᠶᠠᠪᠤᠴᠠ ᠳᠤ᠂ ᠶᠠᠰᠤ ᠴᠢᠨᠠᠷ ᠤᠨ ᠪᠠᠷᠢᠮᠵᠢᠶ᠎ᠠ ᠶᠢ ᠴᠢᠩᠳᠠᠯᠠᠵᠤ᠂ ᠨᠡᠶᠢᠲᠡᠯᠢᠭ ᠵᠢᠱᠢᠶ᠎ᠡ ᠪᠣᠯᠤᠨ ᠴᠡᠭᠴᠡᠯᠡᠨ ᠰᠠᠶᠢᠵᠢᠷᠠᠭᠤᠯᠬᠤ ᠠᠰᠠᠭᠤᠳᠠᠯ ᠢ ︽ᠬᠤᠶᠠᠷ ᠲᠠᠯ᠎ᠠ ᠪᠠᠷ ᠠᠳᠬᠤᠬᠤ︾ ᠶᠢ ᠪᠠᠷᠢᠮᠲᠠᠯᠠᠵᠤ᠂ ᠠᠰᠠᠭᠤᠳᠠᠯ ᠢ ᠰᠢᠢᠳᠪᠦᠷᠢᠯᠡᠬᠦ  ᠶᠢ ᠳᠠᠭᠠᠵᠤ ᠵᠢᠯᠣᠭᠤᠳᠤᠨ᠎ᠠ᠃ ᠬᠠᠷᠢᠭᠤ ᠮᠡᠳᠡᠭᠦᠯᠦᠯᠲᠡ ᠶᠢ ᠰᠣᠨᠣᠰᠬᠤ᠂ ᠮᠠᠲ᠋ᠧᠷᠢᠶᠠᠯ ᠢ ᠪᠠᠶᠢᠴᠠᠭᠠᠨ ᠦᠵᠡᠬᠦ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠮᠠᠨ ᠤ ᠬᠤᠲᠠ ᠶᠢᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠤᠨᠴᠠᠯᠢᠭᠳᠤ ᠰᠤᠷᠭᠠᠭᠤᠯᠢ ᠶᠢᠨ ᠬᠥᠭᠵᠢᠯᠲᠡ ᠶᠢ ᠣᠶᠢᠯᠠᠭᠠᠬᠤ ᠶᠢᠨ ᠬᠠᠮᠲᠤ ᠨᠤᠲᠠᠯᠠᠵᠤ ᠥᠭᠭᠦᠨ᠎ᠡ᠃    ᠵᠠᠯᠠᠨ ᠠᠶᠢᠯ ᠬᠤᠲᠠ ᠶᠢᠨ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ︽ᠪᠡᠶ᠎ᠡ ᠮᠠᠬᠠᠪᠣᠳ ᠢᠶᠠᠷ ᠬᠥᠮᠦᠨ ᠢ ᠬᠥᠮᠦᠵᠢᠭᠦᠯᠵᠦ᠂ ᠪᠡᠶ᠎ᠡ ᠲᠠᠮᠢᠷ ᠰᠤᠷᠭᠠᠨ ᠬᠥᠮᠦᠵᠢᠯ ᠢ ᠠᠭᠤᠰᠤᠯᠴᠠᠭᠤᠯᠬᠤ︾ ᠰᠤᠷᠭᠠᠨ ᠬᠥᠮᠦᠵᠢᠯ ᠤᠨ ᠵᠠᠭᠪᠤᠷ ᠢ ᠣᠷᠳᠣ ᠬᠤᠭᠤᠴᠠᠭ᠎ᠠ ᠪᠠᠷ ᠪᠠᠷᠢᠮᠲᠠᠯᠠᠨ᠂ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠰᠣᠶᠣᠯ ᠢ ᠭᠦᠨᠵᠡᠭᠡᠶ ᠬᠠᠭᠠᠯᠪᠤᠷᠢᠯᠠᠵᠤ᠂ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠤᠨᠴᠠᠯᠢᠭᠳᠤ ᠨᠠᠷᠠᠲᠤ ᠲᠥᠷᠥᠯ ᠲᠡᠮᠳᠡᠭᠲᠦ ᠶᠢ ᠰᠢᠨ᠎ᠡ ᠪᠠᠷ ᠡᠭᠦᠳᠦᠨ ᠪᠣᠶ ᠪᠣᠯᠭᠠᠵᠤ᠂ ︽ᠬᠥᠯ ᠪᠥᠮᠪᠦᠭᠡ ᠶᠢ ᠬᠡᠤᠬᠡᠳ ᠠᠴᠠ ᠡᠬᠢᠯᠡᠨ ᠠᠳᠬᠤᠬᠤ︾ ᠣᠶᠢᠯᠠᠭᠠᠭᠳᠠᠬᠤᠨ ᠢ ᠦᠢᠯᠡᠳᠤᠯᠭᠡᠵᠢᠭᠦᠯᠵᠦ᠂ ᠰᠤᠷᠭᠠᠭᠤᠯᠢ ᠶᠢᠨ ᠬᠦᠷᠢᠶᠡᠨ ᠤ ᠪᠡᠶ᠎ᠡ ᠶᠢᠨ ᠲᠠᠮᠢᠷ ᠤᠨ ᠣᠨᠴᠠᠯᠢᠭ ᠢ ︽ᠭᠦᠢᠴᠡᠳ︾ ᠪᠣᠯᠭᠠᠵᠤ᠂ ᠬᠥᠯ ᠪᠥᠮᠪᠦᠭᠡ ᠶᠢᠨ ᠬᠥᠳᠡᠯᠭᠡᠭᠡᠨ ᠢᠶᠠᠷ ᠲᠠᠪᠤᠨ ᠬᠥᠮᠦᠵᠢᠯ ᠢ ᠵᠡᠷᠭᠡ ᠪᠠᠷ ᠠᠳᠬᠤᠬᠤ ᠶᠢ ᠦᠢᠯᠡᠳᠤᠯᠭᠡᠵᠢᠭᠦᠯᠪᠡ᠃   ᠬᠤᠶᠢᠰᠢᠳᠠ ᠶᠢᠨ ᠠᠵᠢᠯ ᠤᠨ ᠳᠤᠮᠳᠠ᠂ ᠵᠠᠯᠠᠨ ᠠᠶᠢᠯ ᠬᠤᠲᠠ ᠶᠢᠨ ᠬᠢᠨ ᠲᠣᠰ ᠤᠳᠠᠭᠠᠨ ᠤ ᠬᠢᠨᠠᠨ ᠵᠢᠯᠣᠭᠤᠳᠣᠯᠭ᠎ᠠ ᠪᠠᠷ ᠠᠵᠠ ᠲᠣᠬᠢᠶᠠᠯ ᠪᠣᠯᠭᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠰᠤᠷᠭᠠᠨ ᠬᠥᠮᠦᠵᠢᠯ ᠤᠨ ᠵᠢᠮ᠎ᠡ ᠶᠣᠰᠣ᠂ ᠪᠡᠶ᠎ᠡ ᠶᠢᠨ ᠲᠠᠮᠢᠷ ᠤᠨ ᠵᠢᠮ᠎ᠡ ᠶᠣᠰᠣ ᠶᠢ ᠵᠢᠷᠤᠮᠯᠠᠵᠤ᠂ ᠶᠠᠰᠤ ᠴᠢᠨᠠᠷ ᠨᠢ ᠨᠠᠩ ᠰᠢᠯᠢᠳᠡᠭ᠂ ᠬᠢᠷᠢ ᠲᠦᠪᠰᠢᠨ ᠨᠢ ᠨᠠᠩ ᠥᠨᠳᠥᠷ᠂ ᠰᠢᠰᠲ᠋ᠧᠮ ᠨᠢ ᠨᠠᠩ ᠪᠦᠷᠢᠨ ᠲᠡᠭᠦᠯᠳᠡᠷ᠂ ᠲᠦᠷᠢᠮ ᠨᠢ ᠨᠠᠩ ᠪᠦᠷᠢᠨ ᠲᠡᠭᠦᠯᠳᠡᠷ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠣᠶ ᠪᠣᠯᠭᠠᠵᠤ᠂ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠦᠢᠯᠡᠰ ᠤᠨ ᠲᠠᠰᠤᠷᠠᠯᠲᠠ ᠥᠬᠡᠶ ᠰᠢᠨ᠎ᠡ ᠳᠡᠭᠲᠡᠷ ᠲᠤ ᠭᠠᠷᠬᠤ ᠶᠢ ᠳᠥᠯᠭᠢᠨ ᠠᠬᠢᠭᠤᠯᠤᠨ᠎ᠠ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ