ᠵᠠᠯᠠᠨ ᠠᠶᠢᠯ ᠬᠤᠲᠠ ᠶᠢᠨ ᠤᠯᠠᠭᠠᠨᠮᠥ᠋ᠴᠢᠷ ᠵᠠᠯᠠᠨ ᠠᠶᠢᠯ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ 2024 ᠣᠨ ᠤ ᠲᠡᠭᠦᠰᠬᠦ ᠶᠣᠰᠣᠯᠠᠯ ᠳᠤ ᠬᠦᠴᠦ ᠨᠡᠮᠡᠷᠢᠯᠡᠪᠡ
ᠨᠡᠶᠢᠲᠡᠯᠡᠭᠰᠡᠨ ᠴᠠᠭ᠄
2024/6/17
    ᠠᠯᠲᠠᠨ ᠰᠢᠷᠭᠠᠯ ᠨᠡᠷᠡᠨ ᠤ ᠬᠡᠷᠡᠯ ᠡᠬᠡ ᠭᠠᠵᠠᠷ ᠲᠤ ᠰᠠᠴᠤᠷᠠᠨ᠂ ᠣᠶ ᠮᠣᠳᠣ ᠬᠥᠬᠡᠷᠡᠨ ᠨᠣᠭᠤᠭᠠᠷᠠᠵᠤ᠂ ᠪᠣᠯᠵᠣᠮᠣᠷ ᠰᠢᠪᠠᠭᠤ ᠵᠢᠷᠭᠢᠵᠦ ᠴᠡᠴᠡᠭ ᠳᠡᠯᠭᠡᠷᠡᠭᠰᠡᠨ ᠵᠣᠨ ᠤ ᠡᠬᠢᠨ ᠤ ᠤᠯᠠᠷᠢᠯ ᠳᠤ ᠵᠠᠯᠠᠨ ᠠᠶᠢᠯ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠦᠪᠡᠳᠡᠭᠰᠢ ᠶᠡᠭᠡ ᠲᠡᠭᠦᠰᠬᠦ ᠶᠣᠰᠣᠯᠠᠯ ᠢᠶᠠᠨ ᠤᠭᠲᠤᠨ ᠠᠪᠴᠢᠷᠠᠯ᠎ᠠ᠂ ᠬᠤᠲᠠ ᠶᠢᠨ ᠤᠯᠠᠭᠠᠨᠮᠥ᠋ᠴᠢᠷ ᠤᠨ ᠬᠢᠨ ᠨᠠᠷᠢᠨ ᠨᠢᠮᠪᠠᠶ ᠪᠡᠯᠡᠳᠬᠡᠵᠦ᠂ ᠰᠤᠷᠤᠭᠴᠢᠳ ᠲᠤ ᠨᠢᠭᠡ ᠤᠳᠠᠭᠠᠨ ᠤ ᠥᠪᠡᠷᠮᠢᠴᠡ ᠣᠨᠴᠠᠯᠢᠭ ᠲᠠᠢ ᠤᠷᠠᠨ ᠰᠠᠶᠢᠬᠠᠨ ᠤ ᠲᠣᠭᠯᠠᠯᠲᠠ ᠠᠪᠴᠢᠷᠠᠨ ᠥᠭᠴᠦ᠂ ᠬᠥᠮᠦᠨ ᠤ ᠠᠮᠢᠳᠤᠷᠠᠯ ᠤᠨ ᠰᠢᠨ᠎ᠡ ᠠᠶᠠᠨ ᠳᠠᠭᠠᠨ ᠮᠣᠷᠳᠠᠬᠤ ᠪᠠᠷ ᠪᠠᠶᠢᠭ᠎ᠠ ᠰᠤᠷᠤᠭᠴᠢᠳ ᠲᠤ ᠴᠢᠩ ᠰᠡᠳᠬᠢᠯ ᠤᠨ ᠢᠷᠥᠭᠡᠯ ᠳᠡᠪᠰᠢᠭᠦᠯᠵᠡᠶ᠃    ᠲᠣᠭᠯᠠᠯᠲᠠ ᠳᠤ᠂ ᠬᠤᠳᠠ ᠶᠢᠨ ᠤᠯᠠᠭᠠᠨᠮᠥ᠋ᠴᠢᠷ ︽ᠬᠠᠮᠤᠭ ᠤᠨ ᠰᠠᠶᠢᠬᠠᠨ ᠵᠤᠨ︾ ᠭᠡᠬᠦ ᠳᠠᠭᠤᠤ ᠪᠠᠷ ᠬᠤᠳᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ 2024 ᠣᠨ ᠤ ᠲᠡᠭᠦᠰᠬᠦ ᠰᠤᠷᠤᠭᠴᠢᠳ ᠲᠤ ᠬᠠᠨᠳᠤᠭᠤᠯᠤᠭᠰᠠᠨ ᠭᠦᠨ ᠵᠤᠵᠠᠭᠠᠨ ᠬᠠᠶᠢᠷ᠎ᠠ ᠰᠡᠳᠬᠢᠯᠭᠡ ᠪᠠᠨ ᠢᠯᠡᠳᠬᠡᠵᠦ᠂ ᠰᠤᠷᠤᠭᠴᠢᠳ ᠤᠨ ᠠᠮᠢᠳᠤᠷᠠᠯ ᠤᠨ ᠵᠠᠮ ᠳᠡᠭᠡᠷ᠎ᠡ ᠪᠠᠨ ᠡᠷᠡᠯᠬᠡᠭᠯᠡᠨ ᠤᠷᠤᠭᠰᠢᠯᠠᠵᠤ᠂ ᠬᠦᠰᠡᠯ ᠵᠡᠭᠦᠳᠦ ᠪᠠᠨ ᠲᠠᠰᠤᠷᠠᠯᠳᠡ ᠦᠭᠡᠢ ᠬᠥᠭᠡᠭᠡᠴᠡᠯᠳᠦᠬᠦ ᠶᠢ ᠬᠦᠰᠡᠭᠰᠡᠨ ᠰᠠᠶᠢᠨ ᠰᠠᠶᠢᠬᠠᠨ ᠬᠦᠰᠡᠯ ᠡᠷᠡᠮᠡᠯᠵᠡᠯ ᠢ ᠳᠠᠭᠤᠤ ᠪᠠᠷ ᠳᠠᠮᠵᠢᠭᠤᠯᠪᠠ᠃ ᠡᠭᠦᠨ ᠤ ᠬᠠᠮᠲᠤ᠂ ᠬᠤᠲᠠ ᠶᠢᠨ ᠤᠯᠠᠭᠠᠨᠮᠥ᠋ᠴᠢᠷ ᠤᠨ ᠬᠢᠨ ᠪᠠᠰᠠ ᠡᠨᠡ ᠬᠦ ᠲᠣᠬᠢᠶᠠᠯ ᠢ ᠠᠰᠢᠭᠯᠠᠨ ᠰᠤᠷᠭᠠᠭᠤᠯᠢ ᠪᠠ ᠨᠡᠶᠢᠭᠡᠮ ᠳᠤ ᠮᠠᠨ ᠤ ᠬᠤᠲᠠ ᠶᠢᠨ ᠡᠯᠪᠡᠭ ᠪᠠᠶᠠᠯᠢᠭ ᠦᠨᠳᠦᠰᠦᠲᠡᠨ ᠤ ᠰᠣᠶᠣᠯ ᠤᠨ ᠠᠭᠤᠯᠬᠤᠨ ᠪᠠ ᠥᠪᠡᠷᠮᠢᠴᠡ ᠤᠷᠠᠯᠢᠭ ᠤᠨ ᠷᠢᠳᠢ ᠰᠢᠳᠢ ᠶᠢ ᠦᠵᠡᠭᠦᠯᠪᠡ᠃    ᠲᠣᠰ ᠤᠳᠠᠭᠠᠨ ᠤ ᠠᠵᠢᠯᠯᠠᠭ᠎ᠠ ᠪᠠᠷ ᠳᠡᠮᠵᠢᠨ᠂ ᠲᠡᠭᠦᠰᠬᠦ ᠰᠤᠷᠤᠭᠴᠢᠳ ᠡᠬᠡ ᠰᠤᠷᠭᠠᠭᠤᠯᠢ ᠶᠢᠨ ᠢᠶᠠᠨ ᠭᠦᠨ ᠵᠤᠵᠠᠭᠠᠨ ᠬᠠᠯᠠᠮᠵᠢᠯᠠᠯ ᠪᠠ ᠬᠠᠯᠠᠭᠤᠨ ᠳᠤᠯᠠᠭᠠᠨ ᠢ ᠭᠦᠨᠵᠡᠭᠡᠶ ᠣᠶᠢᠯᠠᠭᠠᠭᠰᠠᠨ ᠪᠥᠭᠡᠳ ᠦᠨᠳᠦᠰᠦᠲᠡᠨ ᠤ ᠰᠣᠶᠣᠯ ᠤᠨ ᠥᠪᠡᠷᠮᠢᠴᠡ ᠬᠥᠭ ᠠᠶᠠᠰ ᠪᠠ ᠭᠦᠨ ᠭᠦᠨᠵᠡᠭᠡᠶ ᠠᠭᠤᠯᠬᠤᠨ ᠢ ᠨᠠᠩ ᠭᠦᠨᠵᠡᠭᠡᠶ ᠣᠶᠢᠯᠠᠭᠠᠭᠰᠠᠨ ᠪᠠᠶᠢᠨ᠎ᠠ᠃ ᠢᠷᠡᠭᠡᠳᠦᠶ ᠪᠠᠨ ᠪᠠᠷᠠᠯᠠᠬᠤᠶ᠎ᠠ᠂ ᠡᠳᠡᠭᠡᠷ ᠰᠤᠷᠤᠭᠴᠢᠳ ᠡᠨᠡ ᠬᠦ ᠡᠷᠬᠢᠮ ᠨᠠᠨᠳᠢᠨ ᠡᠷᠭᠢᠴᠡᠭᠦᠯᠦᠯ ᠪᠠ ᠭᠦᠨ ᠵᠤᠵᠠᠭᠠᠨ ᠰᠣᠶᠣᠯ ᠤᠨ ᠠᠭᠤᠯᠬᠤᠨ ᠢ ᠡᠪᠦᠷᠯᠡᠨ᠂ ᠬᠥᠮᠦᠨ ᠤ ᠠᠮᠢᠳᠤᠷᠠᠯ ᠤᠨ ᠠᠶᠠᠨ ᠵᠠᠮ ᠳᠠᠭᠠᠨ ᠲᠠᠰᠤᠷᠠᠯᠲᠠ ᠦᠭᠡᠢ ᠡᠷᠡᠮᠡᠬᠡᠶᠢᠯᠡᠨ ᠤᠷᠤᠭᠰᠢᠯᠠᠵᠤ᠂ ᠠᠵᠢᠯ ᠦᠢᠯᠡᠰ ᠤᠨ ᠰᠢᠨ᠎ᠡ ᠨᠣᠶᠠᠨ ᠤᠷᠬᠢᠯ ᠳᠤ ᠡᠷᠡᠯᠬᠡᠭᠯᠡᠨ ᠠᠪᠠᠷᠢᠨ᠎ᠠ ᠭᠡᠳᠡᠭ ᠢ ᠪᠢᠳᠡ ᠢᠲᠡᠭᠡᠬᠦ ᠤᠴᠢᠷ ᠰᠢᠯᠲᠠᠭᠠᠨ ᠲᠠᠢ ᠶᠤᠮ᠃ 
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ