ᠰᠢᠶᠠᠩ ᠶᠠᠩ ᠵᠡᠭᠡᠯᠢ ᠭᠤᠳᠤᠮᠵᠢ ︽ᠠᠶᠤᠯᠭᠦᠢ ᠦᠢᠯᠡᠳᠪᠦᠷᠢᠯᠡᠯ︾ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/17
    ᠠᠶᠤᠯᠭᠦᠶ ᠦᠢᠯᠡᠳᠪᠦᠷᠢᠯᠡᠯ ᠪᠣᠯ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠪᠠᠶᠢᠳᠠᠯ ᠳᠤ ᠬᠤᠯᠪᠣᠭᠳᠠᠬᠤ ᠴᠢᠬᠤᠯᠠ ᠠᠰᠠᠭᠤᠳᠠᠯ ᠮᠥᠨ᠃ ᠰᠢᠶᠠᠩ ᠶᠠᠩ ᠲᠣᠰᠬᠤᠨ ᠤ ᠠᠷᠠᠳ ᠤᠨ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠵᠦ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠴᠢᠳᠠᠪᠤᠷᠢ ᠶᠢ ᠴᠢᠩᠭᠠᠳᠬᠠᠬᠤ ᠶᠢᠨ ᠲᠥᠯᠥᠭᠡ᠂ 6 ᠰᠠᠷ᠎ᠠ ᠶᠢᠨ 14 ᠤ ᠡᠳᠦᠷ᠂ ᠰᠢᠶᠠᠩ ᠶᠠᠩ ᠵᠡᠭᠡᠯᠢ ᠭᠤᠳᠤᠮᠵᠢ ᠳᠤ ︽ᠠᠶᠤᠯᠭᠦᠢ ᠦᠢᠯᠡᠳᠪᠦᠷᠢᠯᠡᠯ︾ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠬᠠᠷᠢᠶ᠎ᠠ ᠣᠷᠣᠨ ᠤ ᠪᠠᠨ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠶᠢ ᠠᠬᠢᠭᠤᠯᠪᠠ᠃    ᠠᠵᠢᠯᠯᠠᠭ᠎ᠠ ᠶᠢᠨ ᠳᠤᠮᠳᠠ᠂ ᠠᠵᠢᠯᠲᠠᠳ ᠲᠣᠰᠬᠤᠨ ᠤ ᠠᠷᠠᠳ ᠲᠤ ᠠᠶᠤᠯᠭᠦᠢ ᠦᠢᠯᠡᠳᠪᠦᠷᠢᠯᠡᠯ ᠤᠨ ᠤᠬᠠᠭᠤᠯᠭ᠎ᠠ ᠶᠢᠨ ᠭᠠᠷ ᠳᠡᠪᠲᠡᠷ ᠪᠣᠯᠤᠨ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ ᠠᠶᠤᠯᠭᠦᠢ ᠦᠢᠯᠡᠳᠪᠦᠷᠢᠯᠡᠯ ᠤᠨ ᠮᠡᠳᠡᠯᠭᠡ ᠶᠢ ᠲᠦᠭᠡᠮᠡᠯᠵᠢᠭᠦᠯᠵᠦ᠂ ᠤᠯᠠᠨ ᠲᠦᠮᠡᠨ ᠤ ᠠᠶᠤᠯᠭᠦᠢ ᠦᠢᠯᠡᠳᠪᠦᠷᠢᠯᠡᠯ ᠤᠨ ᠲᠤᠬᠠᠢ ᠲᠠᠨᠢᠯᠲᠠ ᠪᠣᠯᠤᠨ ᠴᠢᠬᠤᠯᠠᠴᠢᠯᠠᠭ᠎ᠠ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠠᠶᠤᠯᠭᠦᠢ ᠦᠢᠯᠡᠳᠪᠦᠷᠢᠯᠡᠯ ᠤᠨ ᠤᠬᠠᠮᠰᠠᠷ ᠢ ᠴᠢᠩᠭᠠᠳᠬᠠᠵᠤ᠂ ᠬᠥᠮᠦᠨ ᠪᠦᠬᠦᠨ ᠠᠮᠤᠷ ᠲᠦᠪᠰᠢᠨ ᠢ ᠬᠠᠯᠠᠮᠵᠢᠯᠠᠬᠤ᠂ ᠬᠥᠮᠦᠨ ᠪᠦᠬᠦᠨ ᠠᠮᠤᠷ ᠲᠦᠪᠰᠢᠨ ᠳᠤ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠶᠢ  ᠠᠬᠢᠭᠤᠯᠪᠠ᠃    ᠲᠣᠰ ᠤᠳᠠᠭᠠᠨ ᠤ ᠥᠷᠭᠡᠨ ᠳᠡᠯᠭᠡᠷ ᠤᠬᠠᠭᠤᠯᠭ᠎ᠠ ᠪᠠ ᠭᠦᠨᠵᠡᠭᠡᠶ ᠬᠥᠮᠦᠵᠢᠯ ᠢᠶᠠᠷ ᠳᠠᠮᠵᠢᠭᠤᠯᠤᠨ᠂ ᠲᠣᠰᠬᠤᠨ ᠤ ᠠᠷᠠᠳ ᠤᠨ ᠠᠮᠤᠷ ᠲᠦᠪᠰᠢᠨ ᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠴᠢᠳᠠᠪᠤᠷᠢ ᠶᠢ ᠴᠢᠩᠭᠠᠷᠠᠭᠤᠯᠤᠨ᠎ᠠ᠃ ᠳᠠᠷᠠᠭᠠᠴᠢ ᠶᠢᠨ ᠠᠯᠬᠤᠮ ᠳᠤ ᠂ ᠰᠢᠶᠠᠩ ᠶᠠᠩ ᠵᠡᠭᠡᠯᠢ ᠭᠤᠳᠤᠮᠵᠢ ᠶᠢᠨ ᠬᠢᠨ ᠠᠶᠤᠯᠭᠦᠢ ᠦᠢᠯᠡᠳᠪᠦᠷᠢᠯᠡᠯ ᠤᠨ ᠠᠰᠠᠭᠤᠳᠠᠯ ᠢ ᠦᠷᠭᠦᠯᠵᠢᠯᠡᠨ ᠠᠩᠬᠠᠷᠴᠤ᠂ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠲᠦᠷᠢᠮ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠠᠶᠤᠯᠭᠦᠢ ᠦᠢᠯᠡᠳᠪᠦᠷᠢᠯᠡᠯ ᠤᠨ ᠲᠦᠪᠰᠢᠨ ᠢ ᠳᠡᠭᠡᠭᠰᠢᠯᠡᠭᠦᠯᠦᠨ᠎ᠡ᠃ 
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ